ᠪᠦᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/3/9
   3 ᠰᠠᠷ᠎ᠠ ᠶᠢᠨ 7 ᠤ ᠡᠳᠦᠷ᠂ ᠪᠥᠬᠦ ᠬᠤᠲᠠ ᠶᠢᠨ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠤᠨ ᠬᠤᠷᠠᠯ ᠬᠤᠷᠠᠯᠳᠤᠵᠤ᠂ 2022 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠳ᠋ᠦᠩᠨᠡᠵᠦ᠂ 2023 ᠣᠨ ᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ ᠴᠠᠢ ᠶᠤᠸᠠᠢ ᠬᠤᠷᠠᠯ ᠳᠤ ᠣᠷᠣᠯᠴᠠᠪᠠ᠃    ᠬᠤᠷᠠᠯ ᠠᠴᠠ᠂ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠠᠵᠢᠯ ᠳᠤ ᠨᠠᠮ ᠤᠨ ᠬᠠᠷᠢᠴᠠᠯᠠᠰᠢᠭᠦᠢ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠳᠠᠭᠠᠨ ᠦᠨᠡᠨᠴᠢ ᠰᠢᠳᠤᠷᠭᠤ ᠪᠠᠶᠢᠬᠤ ᠶᠢ ᠲᠡᠷᠢᠭᠦᠨ ᠴᠢᠬᠤᠯᠠ ᠡᠭᠦᠷᠭᠡ ᠪᠠᠨ ᠪᠣᠯᠭᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠶᠢᠨ ᠤᠭ ᠴᠢᠨᠠᠷ ᠢᠶᠠᠨ ᠡᠭᠦᠷᠢᠳᠡ ᠬᠠᠳᠠᠭᠠᠯᠠᠬᠤ ᠬᠡᠷᠡᠭᠲᠡᠢ᠃ ᠠᠷᠠᠳ ᠤᠨ ᠲᠥᠯᠥᠭᠡ ᠬᠠᠤᠯᠢ ᠪᠠᠷ ᠵᠠᠰᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠶᠢᠨ ᠦᠢᠯᠡᠴᠢᠯᠡᠭᠡ ᠪᠠ ᠬᠠᠤᠯᠢ ᠪᠠᠷ ᠵᠠᠰᠠᠬᠤ ᠪᠠᠲᠤᠯᠠᠭ᠎ᠠ ᠶᠢᠨ ᠡᠭᠦᠷᠭᠡ ᠴᠢᠳᠠᠪᠤᠷᠢ ᠪᠠᠨ ᠦᠨᠡᠨᠴᠢ ᠪᠠᠷ ᠭᠦᠢᠴᠡᠳᠬᠡᠵᠦ᠂ ︽ᠶᠡᠬᠡᠪᠡᠷ ᠬᠠᠤᠯᠢ ᠪᠠᠷ ᠵᠠᠰᠠᠬᠤ︾ ᠠᠵᠢᠯ ᠤᠨ ᠪᠠᠶᠢᠷᠢᠰᠢᠯ ᠢ ᠲᠦᠷᠭᠡᠬᠡᠨ ᠪᠤᠢ ᠪᠣᠯᠭᠠᠬᠤ ᠬᠡᠷᠡᠭᠲᠡᠢ᠃ ᠭᠤᠣᠯᠳᠠᠯᠭ᠎ᠠ ᠲᠠᠢ ᠬᠥᠮᠥᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ᠂ ᠨᠡᠶᠢᠭᠡᠮ ᠲᠣᠭᠤᠷᠢᠭ ᠤᠨ ᠵᠠᠯᠠᠷᠠᠭᠤᠯᠭ᠎ᠠ ᠶᠢᠨ ᠬᠠᠮᠢᠶᠠᠷᠤᠯᠲᠠ ᠶᠢ ᠴᠢᠩᠭ᠎ᠠ ᠵᠢᠷᠤᠮᠵᠢᠭᠤᠯᠵᠤ᠂ ᠠᠮᠤᠷ ᠲᠦᠪᠰᠢᠨ ᠤ ᠪᠠᠶᠢᠭᠤᠯᠤᠯᠲᠠ ᠶᠢ ᠠᠬᠢᠭᠤᠯᠵᠤ᠂ ᠨᠡᠶᠢᠭᠡᠮ ᠤᠨ ᠠᠮᠤᠷ ᠲᠦᠪᠰᠢᠨ ᠲᠣᠭᠲᠠᠭᠤᠨ ᠢ ᠬᠠᠮᠠᠭᠠᠯᠠᠬᠤ ᠬᠡᠷᠡᠭᠲᠡᠢ᠃ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠤᠯᠠᠮ ᠴᠢᠨᠠᠭᠰᠢᠳᠠ ᠪᠠᠬᠢᠵᠢᠭᠦᠯᠦᠨ ᠭᠦᠨᠵᠡᠭᠡᠶᠢᠷᠡᠭᠦᠯᠵᠦ᠂ ᠨᠠᠮ ᠤᠨ ᠪᠠᠶᠢᠭᠤᠯᠤᠯᠲᠠ ᠶᠢᠨ ᠬᠥᠲᠥᠯᠥᠨ ᠳᠠᠭᠠᠭᠤᠯᠬᠤ ᠠᠵᠢᠯ ᠢ ᠴᠢᠩᠭᠠᠳᠬᠠᠵᠤ᠂ ᠨᠠᠮ ᠢ ᠴᠢᠩᠭ᠎ᠠ ᠬᠠᠮᠢᠶᠠᠷᠤᠨ ᠴᠠᠭᠳᠠᠭ᠎ᠠ ᠶᠢ ᠴᠢᠩᠭ᠎ᠠ ᠵᠠᠰᠠᠵᠤ᠂ ᠬᠠᠤᠯᠢ ᠴᠠᠭᠠᠵᠠ ᠶᠢᠨ ᠠᠵᠢᠯ ᠳᠠᠭᠠᠨ ᠴᠠᠭᠠᠷᠠᠭᠰᠠᠨ ᠵᠠᠰᠠᠭ ᠵᠠᠬᠢᠷᠭᠠᠨ ᠤ ᠡᠩᠨᠡᠭᠡ ᠶᠢ ᠳᠠᠪᠲᠠᠨ ᠪᠣᠯᠪᠠᠰᠤᠷᠠᠭᠤᠯᠬᠤ ᠬᠡᠷᠡᠭᠲᠡᠢ ᠭᠡᠵᠦ ᠪᠠᠶᠢᠷᠢᠯᠠᠭᠤᠯᠵᠠᠢ᠃                                                            ᠣᠷᠴᠢᠭᠤᠯᠤᠭᠴᠢ᠄ ᠭᠤᠸ᠎ᠠ                                                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2