ᠮᠥᠩᠭᠦᠨ ᠭᠦᠶᠯᠭᠡᠭᠡᠨ ᠤ ᠦᠶᠯᠡᠴᠢᠯᠡᠭᠡᠨ ᠤ ︽ᠲᠠᠪᠤᠨ ᠶᠡᠭᠡ ᠡᠭᠦᠷᠭᠡ︾ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠪᠡ
ᠨᠡᠶᠢᠲᠡᠯᠡᠭᠰᠡᠨ ᠴᠠᠭ᠄
2023/4/10
    4 ᠰᠠᠷ᠎ᠠ ᠶᠢᠨ 6 ᠤ ᠡᠳᠦᠷ᠂ ᠮᠥᠩᠭᠦᠨ ᠭᠦᠶᠯᠭᠡᠭᠡᠨ ᠤ ᠦᠶᠯᠡᠴᠢᠯᠡᠭᠡᠨ ᠤ ︽ᠲᠠᠪᠤᠨ ᠶᠡᠭᠡ ᠡᠭᠦᠷᠭᠡ︾ ᠨᠢ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠵᠠᠰᠠᠭ ᠤᠨ ᠣᠷᠳᠤᠨ ᠮᠦᠩᠬᠦᠨ ᠬᠦᠢᠯᠬᠡᠬᠡ ᠠᠵᠤ ᠠᠬᠤᠶᠢᠯᠠᠯ ᠢ ᠵᠣᠯᠭᠠᠭᠤᠯᠬᠤ ᠬᠤᠷᠠᠯ ᠬᠤᠷᠠᠯᠳᠤᠪᠠ᠃     ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠰᠦᠶ ᠸᠧᠶ ᠵᠢᠶᠦ᠋ᠨ᠂ ᠥᠪᠡᠷᠲᠡᠭᠡᠨ ᠵᠠᠰᠠᠬᠤ ᠣᠷᠣᠨ ᠤ ᠣᠷᠣᠨ ᠨᠤᠲᠤᠭ ᠤᠨ ᠮᠥᠩᠭᠦᠨ ᠭᠦᠶᠯᠭᠡᠭᠡᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠰᠢᠤᠸᠠᠢ ᠬᠥᠩ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ ᠣᠷᠣᠯᠴᠠᠵᠠᠶ᠃     ᠬᠤᠷᠠᠯ ᠳᠡᠭᠡᠷ᠎ᠡ ᠤᠯᠠᠭᠠᠨᠴᠠᠪ ᠬᠤᠲᠠ ᠶᠢᠨ ᠮᠥᠩᠭᠦᠨ ᠭᠦᠶᠯᠭᠡᠭᠡᠨ ᠤ ᠬᠥᠭᠵᠢᠯᠲᠡ ᠪᠠ ᠭᠤᠤᠯᠳᠠᠯᠭ᠎ᠠ ᠲᠠᠢ ᠲᠥᠷᠥᠯ ᠵᠦᠶᠯ᠂ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠪᠠᠯᠠ ᠲᠣᠬᠢᠷᠠᠭᠤᠯᠭ᠎ᠠ ᠶᠢᠨ ᠬᠡᠷᠡᠭᠴᠡᠭᠡ ᠱᠠᠭᠠᠷᠳᠠᠯᠭ᠎ᠠ ᠶᠢᠨ ᠪᠠᠶᠢᠳᠠᠯ ᠢ ᠮᠡᠳᠡᠭᠳᠡᠪᠡ︔ ᠤᠯᠤᠰ ᠤᠨ ᠨᠡᠭᠡᠭᠡᠨ ᠬᠥᠭᠵᠢᠭᠦᠯᠦᠯᠲᠡ ᠶᠢᠨ ᠪᠠᠩᠬᠢ ᠶᠢᠨ ᠥᠪᠥᠷ ᠮᠣᠩᠭᠤᠯ ᠳᠠᠬᠢ ᠬᠤᠪᠢᠶᠠᠷᠢ ᠪᠠᠩᠬᠢ᠂ ᠲᠠᠷᠢᠶᠠᠯᠠᠩ ᠤᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠬᠢ᠂ ᠪᠥᠲᠥᠭᠡᠨ ᠪᠠᠶᠢᠭᠤᠯᠤᠯᠲᠠ ᠶᠢᠨ ᠪᠠᠩᠬᠢ ᠶᠢᠨ ᠤᠯᠠᠭᠠᠨᠴᠠᠪ ᠤᠨ ᠬᠤᠪᠢᠶᠠᠷᠢ ᠪᠠᠩᠬᠢ ᠵᠡᠷᠭᠡ 6 ᠮᠥᠩᠭᠦᠨ ᠭᠦᠶᠯᠭᠡᠭᠡᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ᠂ ᠳ᠋ᠦᠩ ᠶᠠᠩ ᠭᠤᠸᠠᠩ ᠬᠤᠸᠠ ᠴᠧᠩ ᠪᠦᠸᠧ᠂ ᠱᠤ᠋ ᠳ᠋ᠦ᠋ ᠺᠠᠶ ᠳ᠋ᠠ᠂ ᠶᠦᠨ ᠳ᠋ᠡ ᠰᠠᠯᠬᠢᠨ ᠬᠦᠴᠦᠨ ᠤ ᠴᠠᠬᠢᠯᠭᠠᠨ ᠵᠡᠷᠭᠡ 6 ᠠᠵᠤ ᠠᠬᠤᠶᠢᠯᠠᠯ ᠤᠨ ᠲᠥᠯᠥᠭᠡᠯᠡᠭᠴᠢ ᠰᠣᠯᠢᠯᠴᠠᠭᠠᠨ ᠤ ᠶᠠᠷᠢᠶ᠎ᠠ ᠲᠠᠯᠪᠢᠪᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2