ᠱᠠᠩᠳᠤ ᠰᠢᠶᠠᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠬᠦᠭᠵᠢᠬᠦᠯᠵᠤ ᠪᠠᠶᠢᠨ᠎ᠠ
ᠨᠡᠶᠢᠲᠡᠯᠡᠭᠰᠡᠨ ᠴᠠᠭ᠄
2023/4/10
    ᠨᠢᠭᠡ ᠳᠤ ᠠᠵᠤ ᠦᠶᠯᠡᠰ ᠤᠨ ᠬᠥᠭᠵᠢᠯᠲᠡ ᠶᠢᠨ ᠲᠥᠪᠯᠡᠷᠡᠭᠰᠡᠨ ᠣᠷᠣᠨ ᠢ ᠪᠣᠶ ᠪᠣᠯᠭᠠᠨ᠎ᠠ᠃ ᠤᠷᠢᠳ ᠬᠤᠵᠢᠳ ᠺᠠᠢ ᠶᠢᠨ᠂ ᠾᠧᠩ ᠺᠧ᠂ ᠾᠧᠩ ᠱᠧᠩ᠂ ᠵᠢᠢ ᠮᠧᠢ᠂ ᠹᠧᠩ ᠶᠠᠨ ᠵᠢᠶᠤᠤ ᠵᠡᠷᠭᠡ ᠯᠢᠲ᠋ᠢ ᠳ᠋ᠢᠶᠠᠨ ᡂᠢ  ᠶᠢᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ 5 ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠵᠢᠯ ᠳᠤ 8.7 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠪᠦᠷᠢᠯᠳᠦᠭᠦᠯᠵᠦ᠂ ᠣᠲᠣ ᠶᠢᠨ ᠪᠠᠶᠢᠭ᠎ᠠ ᠠᠵᠤ ᠠᠬᠤᠶᠢᠯᠠᠯ ᠤᠨ ᠴᠤᠭᠯᠠᠷᠠᠯ ᠤᠨ ᠦᠶᠯᠡᠳᠦᠯ ᠢ ᠪᠠᠳᠠᠷᠠᠭᠤᠯᠵᠤ᠂ ᠰᠢᠤᠢ ᠶᠠᠩ ᠪᠦᠯᠦᠭᠯᠡᠯ ᠤᠨ 20 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠢ ᠨᠢᠭᠡ ᠴᠤᠭᠴᠠᠵᠢᠭᠤᠯᠤᠨ ᠢᠵᠢ ᠪᠥᠷᠢᠳᠦᠭᠦᠯᠦᠭᠰᠡᠨ ᠡᠨᠧᠷᠬᠢ ᠶᠢᠨ ᠰᠤᠷᠪᠤᠯᠵᠢ ᠳᠤᠤᠷ ᠳᠠᠭᠠᠭᠠᠴᠠ ᠨᠦᠬᠡᠴᠡ ᠪᠤᠬᠢᠷᠳᠤᠯ ᠦᠬᠡᠢ ᠴᠠᠬᠢᠯᠭᠠᠨ᠂ ᠰᠢᠶᠠᠩ ᠹᠦ᠋ ᠶᠢᠨ 10 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠵᠡᠷᠭᠡ ᠲᠥᠷᠥᠯ ᠵᠦᠶᠯ ᠢ ᠠᠮᠵᠢᠯᠲᠠ ᠲᠠᠢ ᠪᠠᠷ ᠣᠷᠣᠭᠤᠯᠤᠨ ᠠᠪᠴᠢᠷᠠᠵᠤ᠂ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠵᠢᠯ ᠤᠨ ᠦᠶᠯᠡᠳᠪᠦᠷᠢᠯᠡᠬᠦ ᠴᠢᠳᠠᠪᠤᠷᠢ ᠶᠢ 50 ᠲᠦᠮᠡᠨ ᠲᠣᠨ ᠤ ᠲᠠᠰ ᠳᠠᠰᠢ ᠤᠷᠤᠭᠰᠢᠯᠠᠭᠤᠯᠤᠨ᠂ ︽ᠨᠢᠭᠡ ᠵᠢᠯ ᠳᠤ ᠰᠢᠪᠲᠤᠯᠤᠯᠲᠠ ᠲᠠᠢ ᠪᠣᠯᠭᠠᠵᠤ᠂ ᠭᠤᠷᠪᠠᠨ ᠵᠢᠯ ᠳᠤ ᠳᠡᠭᠲᠡᠷ ᠲᠤ ᠭᠠᠷᠭᠠᠵᠤ᠂ ᠲᠠᠪᠤᠨ ᠵᠢᠯ ᠳᠤ ᠶᠡᠭᠡ ᠳᠠᠪᠠᠯᠲᠠ ᠭᠠᠷᠭᠠᠬᠤ ᠪᠠᠷ ᠴᠢᠷᠮᠠᠶᠢᠨ᠎ᠠ︾᠃     ᠬᠤᠶᠠᠷ ᠲᠤ ᠠᠵᠤ ᠠᠬᠤᠶᠢᠯᠠᠯ ᠤᠨ ᠮᠡᠷᠭᠡᠵᠢᠯ ᠤᠨ ᠥᠭᠡᠷᠡᠴᠢᠯᠡᠯᠲᠡ ᠬᠢᠵᠦ ᠴᠢᠳᠠᠪᠤᠷᠢ ᠪᠠᠨ ᠥᠷᠭᠡᠳᠬᠡᠬᠦ ᠶᠢ ᠳᠡᠮᠵᠢᠨ᠎ᠡ᠃ ᠵᠢᠶ ᠮᠧᠶ᠂ ᠾᠧᠩ ᠱᠧᠩ᠂ ᠹᠧᠩ ᠶᠠᠨ ᠵᠢᠶᠤᠤ ᠵᠡᠷᠭᠡ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠦᠶᠯᠡᠳᠪᠦᠷᠢᠯᠡᠬᠦ ᠠᠵᠤ ᠠᠬᠤᠶᠢᠯᠠᠯ ᠤᠨ ᠲᠠᠰ ᠳᠡᠪᠰᠢᠭᠦᠯᠦᠨ ᠥᠭᠡᠷᠡᠴᠢᠯᠡᠬᠦ ᠶᠢ ᠳᠥᠯᠭᠢᠨ ᠠᠬᠢᠭᠤᠯᠵᠤ᠂ ᠣᠲᠣ ᠶᠢᠨ ᠪᠠᠶᠢᠭ᠎ᠠ ᠦᠶᠯᠡᠳᠪᠦᠷᠢᠯᠡᠯ ᠤᠨ ᠱᠤᠭᠤᠮ ᠢ ᠡᠮᠬᠢᠯᠡᠨ ᠨᠡᠶᠢᠯᠡᠭᠦᠯᠬᠦ ᠵᠢᠴᠢ ᠲᠤᠰᠠᠯᠠᠬᠤ ᠳᠦᠬᠦᠬᠡᠷᠦᠮᠵᠢ ᠶᠢ ᠰᠢᠨ᠎ᠡ ᠪᠠᠷ ᠪᠠᠶᠢᠭᠤᠯᠬᠤ ᠪᠠᠷ ᠳᠠᠮᠵᠢᠭᠤᠯᠤᠨ᠂ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠪᠥᠬᠦ ᠠᠵᠢᠯ ᠤᠨ ᠳᠠᠷᠠᠭᠠᠯᠠᠯ ᠢ ᠳᠠᠪᠬᠤᠴᠠᠭᠤᠯᠤᠨ ᠲᠠᠰ ᠳᠡᠪᠰᠢᠭᠦᠯᠬᠦ ᠶᠢ ᠪᠡᠶᠡᠯᠡᠭᠦᠯᠦᠨ᠎ᠡ᠃ ᠵᠦᠩ ᠵᠢᠶᠠᠨ ᠶᠢᠨ ᠮᠠ ᠲᠡᠮᠦᠷᠯᠢᠭ ᠪᠣᠯᠪᠠᠰᠤᠷᠠᠭᠤᠯᠬᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ᠂ ᠵᠢᠢ ᠮᠸᠢ ᠶᠢᠨ ᠡᠨᠧᠷᠭᠢ ᠶᠢ ᠥᠷᠭᠡᠳᠬᠡᠨ ᠦᠢᠯᠡᠳᠪᠦᠷᠢᠯᠡᠯ ᠢ ᠦᠷᠭᠡᠳᠬᠡᠬᠦ ᠶᠢ ᠵᠣᠷᠢᠭᠵᠢᠭᠤᠯᠵᠤ᠂ ᠵᠢᠯ ᠳᠤ 4 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠤᠨ ᠲᠦᠷᠦᠯ ᠵᠦᠢᠯ᠂ 10 ᠲᠦᠮᠡᠨ ᠲᠣᠨ ᠯᠢᠲ᠋ᠢ ᠢᠶᠣᠨ ᠳ᠋ᠢᠶᠠᠨ ᡂᠢ ᠢ ᠨᠢᠭᠡ ᠴᠤᠬᠴᠠᠵᠢᠭᠤᠯᠤᠬᠰᠠᠨ ᠪᠢᠯᠢᠭ ᠲᠦᠢᠯ ᠤᠨ ᠮᠠᠲ᠋ᠧᠷᠢᠶᠠᠯ ᠤᠨ ᠲᠦᠷᠦᠯ ᠵᠦᠢᠯ ᠢ ᠲᠤᠰ ᠲᠤᠰ ᠰᠢᠨ᠎ᠡ ᠪᠠᠷ ᠪᠠᠶᠢᠭᠤᠯᠤᠨ᠎ᠠ᠃ ᠺᠠᠶ ᠶᠢᠨ᠂ ᠾᠧᠩ ᠺᠧ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ︽ᠲᠤᠰᠬᠠᠶ ᠨᠠᠷᠢᠯᠢᠭ ᠤᠨᠴᠠᠯᠢᠭ ᠰᠢᠨ᠎ᠡ︾ ᠳᠤᠮᠳᠠ ᠵᠢᠵᠢᠭ ᠠᠵᠤ ᠠᠬᠤᠶᠢᠯᠠᠯ ᠳᠤ ᠰᠣᠩᠭᠤᠭᠳᠠᠬᠤ ᠶᠢ ᠠᠬᠢᠭᠤᠯᠵᠤ ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠶᠯᠡᠰ ᠢ ᠪᠣᠶ ᠪᠣᠯᠭᠠᠬᠤ ᠶᠢ ᠳᠡᠮᠵᠢᠵᠦ᠂ ᠺᠠᠶ ᠶᠢᠨ᠂ ᠾᠧᠩ ᠺᠧ ᠵᠡᠷᠭᠡ ᠠᠵᠤ ᠠᠬᠤᠶᠢᠯᠠᠯ ᠤᠨ ᠥᠪᠡᠷᠲᠡᠭᠡᠨ ᠵᠠᠰᠠᠬᠤ ᠣᠷᠣᠨ ᠤ ︽ᠲᠤᠰᠬᠠᠶ ᠨᠠᠷᠢᠯᠢᠭ ᠤᠨᠴᠠᠯᠢᠭ ᠰᠢᠨ᠎ᠡ︾ ᠶᠢᠨ ᠳᠤᠮᠳᠠ ᠵᠢᠵᠢᠭ ᠠᠵᠤ ᠠᠬᠤᠶᠢᠯᠠᠯ ᠳᠤ ᠰᠣᠩᠭᠤᠭᠳᠠᠬᠤ ᠶᠢ ᠠᠬᠢᠭᠤᠯᠵᠤ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ ᠦᠶᠯᠡᠰ ᠢ ᠪᠣᠶ ᠪᠣᠯᠭᠠᠨ᠎ᠠ᠃     ᠭᠤᠷᠪᠠ ᠳᠤ ᠠᠵᠤ ᠦᠢᠯᠡᠰ ᠤᠨ ᠬᠡᠯᠬᠢᠶ᠎ᠡ ᠶᠢ ᠪᠤᠶᠢᠵᠢᠭᠤᠯᠤᠨ ᠲᠡᠭᠦᠯᠳᠡᠷᠵᠢᠭᠦᠯᠦᠨ᠎ᠡ᠃ ᠰᠢᠨ᠎ᠡ ᠡᠨᠧᠷᠭᠢ ᠶᠢᠨ ᠳ᠋ᠢᠶᠠᠨ ᡂᠢ ᠵᠢᠴᠢ ᠬᠠᠮᠢᠶ᠎ᠠ ᠪᠦᠬᠦᠢ ᠮᠠᠲ᠋ᠧᠷᠢᠶᠠᠯ ᠤᠨ ᠠᠵᠤ ᠦᠢᠯᠡᠰ ᠤᠨ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ᠂ ᠪᠠᠶᠢᠷᠢᠰᠢᠯ ᠢ ᠲᠣᠬᠢᠷᠠᠭᠤᠯᠬᠤ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ ᠠᠳᠬᠤᠵᠤ᠂ ᠨᠢᠩᠪᠦ᠋ᠸᠧ ᠶᠢᠨ ᠵᠦᠩ ᠺᠧ ᠹᠦ᠋ ᠴᠢ ᠶᠢᠨ ᠡᠨᠧᠷᠭᠢ ᠬᠠᠳᠠᠭᠠᠯᠠᠬᠤ ᠲᠥᠬᠦᠭᠡᠷᠦᠮᠵᠢ ᠶᠢᠨ ᠲᠦᠷᠦᠯ ᠵᠦᠢᠯ ᠢ ᠢᠳᠡᠪᠬᠢᠲᠡᠢ ᠵᠣᠯᠭᠠᠭᠤᠯᠵᠤ᠂ ᠫᠧᠩ ᠱᠧᠩ ᠭᠦᠸᠧ ᠡᠨᠧᠷᠭᠢ ᠶᠢᠨ ᠬᠠᠲᠠᠭᠤ ᠲᠦᠯᠦᠪᠳᠦ ᠯᠢᠲ᠋ᠢ ᠳ᠋ᠢᠶᠠᠨ ᡂᠢ ᠦᠢᠯᠡᠳᠬᠦ ᠲᠦᠷᠦᠯ ᠵᠦᠢᠯ ᠳᠤ ᠠᠮᠵᠢᠯᠲᠠ ᠲᠠᠢ ᠭᠡᠷ᠎ᠡ ᠲᠣᠭᠲᠠᠬᠤ ᠶᠢᠨ ᠬᠠᠮᠲᠤ᠂ ᠭᠤᠷᠪᠠᠨ ᠲᠥᠭᠦᠷᠢᠭ᠂ ᠹᠣᠰᠹᠣᠷ ᠤᠨ ᠰᠢᠰᠲ᠋ᠧᠮ ᠵᠡᠷᠭᠡ ᠠᠷᠭ᠎ᠠ ᠲᠦᠢᠯ ᠤᠨ ᠮᠠᠲ᠋ᠧᠷᠢᠶᠠᠯ ᠪᠣᠯᠤᠨ ᠴᠠᠬᠢᠯᠭᠠᠨ ᠵᠠᠳᠠᠯᠤᠯ ᠤᠨ ᠰᠢᠩᠭᠡᠨ᠂ ᠲᠠᠰᠤᠯᠤᠪᠴᠢ ᠪᠦᠷᠬᠦᠪᠴᠢ ᠵᠡᠷᠭᠡ ᠯᠢᠲ᠋ᠢ ᠳ᠋ᠢᠶᠠᠨ ᡂᠢ ᠶᠢᠨ ᠵᠠᠩᠭᠢᠯᠠᠭ᠎ᠠ ᠶᠢᠨ ᠮᠠᠲ᠋ᠧᠷᠢᠶᠠᠯ ᠤᠨ ᠲᠦᠷᠦᠯ ᠵᠦᠢᠯ ᠢ ᠶᠡᠬᠡᠪᠡᠷ ᠣᠷᠣᠭᠤᠯᠤᠨ ᠠᠪᠴᠢᠷᠠᠵᠤ᠂ ᠪᠦᠬᠦ ᠣᠷᠣᠨ ᠤ ᠴᠢᠬᠤᠯᠠ ᠬᠥᠳᠡᠯᠭᠡᠬᠦ ᠬᠦᠴᠦᠨ ᠤ ᠳ᠋ᠢᠶᠠᠨ ᡂᠢ ᠶᠢᠨ ᠮᠠᠲ᠋ᠧᠷᠢᠶᠠᠯ ᠬᠠᠩᠭᠠᠬᠤ ᠰᠠᠭᠤᠷᠢᠨ ᠭᠠᠵᠠᠷ ᠢ ᠪᠠᠶᠢᠭᠤᠯᠤᠨ᠎ᠠ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2