ᠰᠦᠢ ᠸᠧᠢ ᠵᠢᠶᠦ᠋ᠨ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠳᠤ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/13
  4 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠵᠢᠨᠢᠩ ᠤᠨ ᠪᠠᠭᠰᠢ ᠶᠢᠨ ᠳᠡᠭᠡᠳᠦ ᠰᠤᠷᠭᠠᠭᠤᠯᠢ ᠳᠤ ᠢᠷᠡᠵᠦ᠂ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠤᠨ ᠪᠦᠲᠦᠭᠡᠨ  ᠪᠠᠶᠢᠭᠤᠯᠤᠯᠲᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠡᠷᠭᠢᠯᠡᠨ  ᠬᠤᠷᠠᠯᠳᠤᠭᠤᠯᠪᠠ᠃       ᠰᠦᠢ ᠸᠧᠢ ᠵᠢᠶᠦ᠋ᠨ᠂ ᠶᠡᠭᠡ ᠳᠡᠭᠡᠳᠦ ᠰᠤᠷᠭᠠᠭᠤᠯᠢ ᠪᠣᠯᠣᠨ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠲᠦᠷᠭᠡᠨ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠶᠢᠨ ᠵᠢᠭᠠᠨ ᠰᠤᠷᠭᠠᠯᠲᠠ ᠬᠦᠴᠦᠷᠬᠡᠭ᠂ ᠰᠢᠨᠵᠢᠯᠡᠬᠦ ᠤᠬᠠᠭᠠᠨ ᠤ ᠰᠤᠳᠤᠯᠭᠠᠨ ᠨᠡᠩ ᠬᠦᠴᠦᠷᠬᠡᠭᠵᠢᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠥᠨᠳᠦᠷᠯᠢᠭ ᠢ ᠴᠢᠷᠮᠠᠶᠢᠨ ᠡᠵᠡᠯᠡᠬᠦ ᠬᠡᠷᠡᠭᠲᠡᠢ᠃ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠢ ᠰᠠᠶᠢᠲᠤᠷ  ᠪᠠᠶᠢᠭᠤᠯᠵᠤ᠂ ᠪᠠᠯ ᠴᠢᠯᠠᠭᠤᠨ ᠠᠯᠺᠧᠨ ᠵᠡᠷᠭᠡ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠲᠣᠭᠤᠷᠢᠨ ᠳᠤ᠂ ︽ ᠨᠡᠶᠢᠳᠡᠮ ᠬᠡᠷᠡᠭᠯᠡᠬᠦ᠂ ᠬᠠᠮᠲᠤ ᠪᠠᠷ ᠡᠳ᠋ᠯᠡᠬᠦ ᠬᠡᠯᠪᠡᠷᠢ᠂ ᠰᠢᠰᠲ᠋ᠧᠮᠵᠢᠭᠦᠯᠬᠦ ᠬᠡᠯᠪᠡᠷᠢ᠂ ᠬᠠᠮ ᠬᠡᠯᠪᠡᠷᠢ᠂  ᠪᠠᠷᠢᠮᠵᠢᠶᠠᠵᠢᠭᠤᠯᠬᠤ ᠬᠡᠯᠪᠡᠷᠢ᠂ ᠨᠡᠭᠡᠭᠡᠯᠲᠡᠲᠤ ᠬᠡᠯᠪᠡᠷᠢ᠂ ᠲᠤᠰᠬᠠᠶᠢᠵᠢᠭᠤᠯᠬᠤ ᠬᠡᠯᠪᠡᠷᠢ᠂ ᠭᠡᠷᠡᠴᠢᠯᠡᠬᠦ ᠬᠡᠯᠪᠡᠷᠢ︾ ᠶᠢ  ᠲᠣᠪᠤᠶᠢᠯᠭᠠᠨ᠂ ᠴᠢᠳᠠᠮᠵᠢ ᠶᠢᠨ ᠪᠠᠶᠢᠷᠢᠰᠢᠭᠤᠯᠤᠯᠲᠠ ᠶᠢ ᠭᠦᠨᠵᠡᠭᠡᠢ ᠰᠤᠳᠤᠯᠵᠤ᠂ ᠢᠵᠢ ᠪᠦᠷᠢᠳᠦᠭᠦᠯᠬᠦ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠲᠤᠷᠰᠢᠯᠲᠠ ᠶᠢᠨ ᠲᠠᠰᠤᠭ ᠤᠨ ᠬᠡᠷᠡᠭᠯᠡᠯᠲᠡ ᠶᠢᠨ ᠦᠷ᠎ᠡ ᠪᠦᠲᠦᠮᠵᠢ ᠪᠠ ᠭᠠᠷᠭᠠᠯᠲᠠ ᠶᠢᠨ ᠦᠷ᠎ᠡ ᠠᠰᠢᠭ ᠢ ᠬᠠᠮᠤᠭ ᠤᠨ ᠶᠡᠭᠡ ᠬᠡᠮᠵᠢᠶ᠎ᠡ ᠪᠠᠷ ᠳᠡᠭᠡᠭᠰᠢᠯᠡᠭᠦᠯᠬᠦ ᠬᠡᠷᠡᠭᠲᠡᠢ᠃     ᠰᠢᠯᠢᠳᠡᠭ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠲᠣᠭᠲᠠᠴᠠ ᠶᠢᠨ ᠰᠢᠨ᠎ᠡ ᠶᠢ ᠡᠭᠦᠳᠴᠦ᠂ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠥᠨᠳᠥᠷ ᠪᠦᠲᠦᠮᠵᠢᠲᠡᠢ ᠬᠠᠮᠵᠢᠯᠴᠠᠭ᠎ᠠ ᠶᠢ ᠭᠦᠨᠵᠡᠭᠡᠶᠢᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨ ᠤ ᠰᠤᠳᠤᠯᠭᠠᠨ ᠤ ᠪᠣᠭᠤᠮᠲᠠ ᠰᠢᠪᠲᠤᠯᠬᠤ ᠶᠢ ᠥᠷᠨᠢᠭᠦᠯᠵᠦ᠂ ᠰᠢᠨ᠎ᠡ ᠶᠢ ᠡᠭᠦᠳᠬᠦ ᠬᠡᠯᠬᠢᠶ᠎ᠡ ᠶᠢᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠨᠡᠩ ᠤᠯᠠᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠪᠣᠳᠠᠲᠠᠢ ᠳᠤ ᠨᠠᠶᠢᠳᠠᠪᠤᠷᠢᠵᠢᠭᠤᠯᠤᠨ ᠬᠤᠪᠢᠷᠠᠭᠤᠯᠬᠤ ᠶᠢ ᠠᠬᠢᠭᠤᠯᠵᠤ᠂ ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠬᠡᠷᠡᠭᠲᠡᠢ᠃ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠢ ᠬᠦᠴᠦᠷᠬᠡᠭᠵᠢᠭᠦᠯᠵᠦ᠂ ᠴᠢᠳᠠᠪᠤᠷᠢᠲᠠᠨ ᠤ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠪᠤᠷᠢ ᠶᠢᠨ ᠡᠷᠴᠢᠮ ᠢ ᠴᠢᠩᠭᠠᠷᠠᠭᠤᠯᠵᠤ᠂ ᠠᠵᠤ ᠦᠢᠯᠡᠰ ᠢᠶᠠᠷ ᠴᠢᠳᠠᠪᠤᠷᠢᠲᠠᠨ ᠢ ᠲᠥᠪᠯᠡᠷᠡᠭᠦᠯᠵᠦ᠂ ᠴᠢᠳᠠᠪᠤᠷᠢᠲᠠᠨ ᠢᠶᠠᠷ ᠠᠵᠤ ᠦᠢᠯᠡᠰ ᠢ ᠬᠥᠭᠵᠢᠭᠦᠯᠵᠦ᠂ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠷᠬᠡᠭ ᠶᠡᠭᠡ ᠴᠢᠳᠠᠪᠤᠷᠢᠲᠠᠨ ᠤ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠬᠡᠯᠡᠪᠡ᠃       ᠯᠢ ᠶᠦᠩ᠂ ᠯᠢᠦ ᠭᠦᠸᠧ ᠭᠠᠩ᠂ ᠯᠢ ᠵᠢᠶᠠᠨ ᠸᠧᠨ ᠣᠷᠣᠯᠴᠠᠪᠠ᠃                                                                                                  ᠣᠷᠴᠢᠭᠤᠯᠤᠭᠴᠢ᠄ ᠭᠤᠸ᠎ᠠ                                      ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2