ᠬᠤᠲᠠ ᠶᠢᠨ ᠵᠠᠰᠠᠭ ᠤᠨ ᠣᠷᠳᠣᠨ ᠰᠢᠶᠠᠮᠧᠨ ᠤ ᠵᠢᠶᠠᠨ ᠹᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ  ᠲᠠᠢ ᠭᠡᠷ᠎ᠡ ᠲᠣᠭᠲᠠᠪᠠ
ᠨᠡᠶᠢᠲᠡᠯᠡᠭᠰᠡᠨ ᠴᠠᠭ᠄
2023/4/18
  4 ᠰᠠᠷ᠎ᠠ ᠶᠢᠨ 6 ᠤ ᠡᠳᠦᠷ᠂ ᠬᠤᠲᠠ ᠶᠢᠨ ᠵᠠᠰᠠᠭ ᠤᠨ ᠣᠷᠳᠣᠨ ᠪᠣᠯᠣᠨ ᠰᠢᠶᠠᠮᠧᠨ ᠤ ᠵᠢᠶᠠᠨ ᠹᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠭᠤᠣᠯᠳᠠᠭᠤ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ᠂ ᠲᠠᠸᠠᠷ ᠤᠨ ᠠᠷᠠᠯᠵᠢᠶ᠎ᠠ ᠶᠢᠨ ᠲᠣᠭᠤᠷᠢᠨ ᠳᠤ ᠬᠠᠮᠲᠤᠷᠠᠯᠴᠠᠭ᠎ᠠ ᠥᠷᠨᠢᠭᠦᠯᠵᠦ᠂ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠡᠯᠡᠯᠴᠡᠭᠡᠷ ᠲᠤ ᠭᠠᠷ ᠤᠨ ᠥᠰᠥᠭ ᠵᠢᠷᠤᠵᠤ᠂  ᠨᠢᠭᠡ ᠯᠡ ᠥᠷᠲᠡᠭᠡᠨ ᠤ ᠬᠡᠯᠪᠡᠷᠢ ᠶᠢᠨ ᠬᠠᠩᠭᠠᠯᠭ᠎ᠠ ᠶᠢᠨ ᠬᠡᠯᠬᠢᠶᠡᠨ ᠤ ᠡᠵᠡᠩᠨᠡᠯᠲᠡ ᠪᠠ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠦᠢᠯᠡᠴᠢᠯᠡᠭᠡ ᠪᠠᠷ ᠮᠠᠨ ᠤ ᠬᠤᠲᠠ ᠶᠢᠨ ᠲᠡᠮᠦᠷ ᠬᠠᠶᠢᠯᠤᠰᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠪᠡ᠃     ᠬᠤᠳᠠ ᠶᠢᠨ ᠳᠡᠳ᠋ ᠳᠠᠷᠤᠭ᠎ᠠ ᠼᠤᠤ ᡁᠢ᠂ ᠰᠢᠶᠠᠮᠧᠨ ᠤ ᠵᠢᠶᠠᠨ ᠹᠠ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ᠂ ᠠᠭᠤᠷᠬᠠᠢ ᠶᠢᠨ ᠭᠠᠷᠤᠯᠲᠠ ᠶᠢᠨ ᠪᠦᠯᠦᠭᠯᠡᠯ ᠤᠨ ᠶᠡᠷᠦᠩᠬᠡᠢ ᠳᠠᠭᠠᠭᠠᠮᠠᠯ ᠴᠧᠨ ᠳ᠋ᠦᠩ ᠰᠢᠦᠢ ᠭᠡᠷ᠎ᠡ ᠲᠣᠭᠲᠠᠬᠤ ᠶᠣᠰᠣᠯᠠᠯ ᠳᠤ ᠣᠷᠣᠯᠴᠠᠪᠠ᠃     ᠣᠶᠢᠯᠠᠭᠠᠭᠰᠠᠨ ᠢᠶᠠᠷ᠂ ᠲᠤᠰ ᠤᠳᠠᠭᠠᠨ ᠤ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠵᠣᠷᠢᠯᠭ᠎ᠠ ᠨᠢ ᠮᠠᠨ ᠤ ᠬᠤᠲᠠ ᠪᠣᠯᠣᠨ ᠤᠯᠤᠰ ᠤᠨ ᠳᠣᠲᠣᠭᠠᠳᠤ ᠶᠢᠨ ᠲᠣᠮᠣ ᠬᠡᠯᠪᠡᠷᠢ ᠶᠢᠨ ᠠᠵᠤ ᠠᠬᠤᠶᠢᠯᠠᠯ ᠤᠨ ᠪᠦᠯᠦᠭᠯᠡᠯ ᠤᠨ ᠾᠷᠣᠮ᠂ ᠮᠠᠩᠭᠠᠨ ᠤ ᠠᠭᠤᠷᠬᠠᠢ ᠵᠡᠷᠭᠡ ᠲᠦᠭᠦᠬᠡᠢ ᠮᠠᠲ᠋ᠧᠷᠢᠶᠠᠯ ᠪᠣᠯᠣᠨ ᠬᠡᠦᠷᠡᠰᠦ᠂ ᠴᠠᠬᠢᠷᠮ᠎ᠠ ᠶᠢᠨ ᠨᠡᠭᠦᠷᠡᠰᠦ ᠵᠡᠷᠭᠡ ᠲᠤᠰᠠᠯᠠᠬᠤ ᠮᠠᠲ᠋ᠧᠷᠢᠶᠠᠯ ᠵᠢᠴᠢ ᠾᠷᠣᠮ ᠤᠨ ᠲᠡᠮᠦᠷ᠂ ᠴᠠᠬᠢᠭᠤᠷ ᠮᠠᠩᠭᠠᠨ ᠤ ᠬᠠᠶᠢᠯᠤᠰᠢ ᠵᠡᠷᠭᠡ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠲᠤᠬᠠᠶᠢᠯᠠᠭᠰᠠᠨ ᠠᠵᠢᠯ ᠢᠶᠠᠷ ᠲᠦᠰᠢᠭ ᠪᠣᠯᠭᠠᠵᠤ᠂ ᠭᠤᠣᠯᠳᠠᠭᠤ ᠲᠠᠸᠠᠷ ᠤᠨ ᠠᠷᠠᠯᠵᠢᠶ᠎ᠠ ᠪᠠ ᠮᠥᠩᠭᠦᠨ ᠭᠦᠢᠯᠭᠡᠭᠡᠨ ᠤ ᠰᠢᠨ᠎ᠡ ᠶᠢ ᠡᠭᠦᠳᠬᠦ ᠵᠡᠷᠭᠡ ᠬᠦᠷᠢᠶ᠎ᠡ ᠶᠢᠨ ᠲᠣᠭᠤᠷᠢᠨ ᠳᠤ᠂ ᠬᠠᠩᠭᠠᠯᠭ᠎ᠠ ᠶᠢᠨ ᠬᠡᠯᠬᠢᠶ᠎ᠡ ᠶᠢᠨ ᠥᠷᠲᠡᠭ ᠨᠡᠮᠡᠭᠳᠡᠯ ᠤᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ᠂  ᠪᠠᠶᠢᠩᠭᠤᠵᠢᠭᠰᠠᠨ ᠰᠣᠯᠢᠯᠴᠠᠭᠠᠨ ᠤ ᠲᠣᠭᠲᠠᠴᠠ ᠪᠠ ᠨᠡᠩ ᠪᠣᠳᠠᠲᠠᠢ ᠶᠢ ᠡᠷᠬᠢᠮᠯᠡᠭᠰᠡᠨ᠂ ᠤᠷᠲᠤ ᠬᠤᠭᠤᠴᠠᠭᠠᠨ ᠤ ᠲᠣᠭᠲᠠᠭᠤᠨ᠂ ᠪᠦᠬᠦ ᠲᠠᠯ᠎ᠠ ᠶᠢᠨ ᠨᠥᠬᠦᠷᠰᠡᠭ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠤᠨ ᠲᠡᠭᠦᠯᠳᠡᠷᠵᠢᠭᠦᠯᠵᠦ᠂ ᠠᠵᠤ ᠠᠬᠤᠶᠢᠯᠠᠯ ᠤᠨ ᠨᠡᠩ ᠰᠠᠶᠢᠨ ᠬᠥᠭᠵᠢᠯᠲᠡ ᠳᠤ ᠬᠦᠴᠦᠨ ᠨᠡᠮᠡᠷᠢᠯᠡᠵᠦ᠂ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ ᠬᠦᠴᠦᠨ ᠢ ᠨᠡᠮᠡᠭᠳᠡᠭᠦᠯᠦᠨ᠎ᠡ᠃                                                                                 ᠣᠷᠴᠢᠭᠤᠯᠤᠭᠴᠢ᠄ ᠭᠤᠸ᠎ᠠ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2