ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠴᠢᠩᠭᠠᠳᠬᠠᠵᠤ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ
ᠨᠡᠶᠢᠲᠡᠯᠡᠭᠰᠡᠨ ᠴᠠᠭ᠄
2023/4/18
ᠭᠤᠤᠯ ᠰᠡᠳᠦᠪ᠄ ᠬᠢᠨᠠᠨ ᠪᠤᠳᠤᠬᠤ ᠲᠤᠬᠠᠶᠢᠯᠠᠭᠰᠠᠨ ᠠᠵᠢᠯ ᠤᠨ ᠶᠠᠰᠤ ᠴᠢᠨᠠᠷ ᠢ ᠴᠢᠩᠭᠠᠳᠬᠠᠵᠤ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢᠰᠤᠷᠪᠤᠯᠵᠢᠯᠠᠭ᠎ᠠ ᠬᠦᠯᠢᠶᠡᠭᠴᠢ᠄ ᠱᠠᠩᠳᠤ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠡᠭᠦᠷ ᠤᠨ ᠱᠦᠵᠢ᠂ ᠳᠡᠳ᠋ ᠲᠣᠪᠴᠢᠶᠠᠨ ᠳᠠᠷᠤᠭ᠎ᠠ  ᠸᠠᠩ ᠶᠢᠨ ᠰᠢ     ᠬᠢᠨᠠᠨ ᠪᠤᠳᠤᠬᠤ ᠶᠠᠰᠤ ᠴᠢᠨᠠᠷ ᠢ ᠡᠵᠡᠮᠳᠡᠬᠦ ᠪᠣᠯ ᠬᠢᠨᠠᠨ ᠪᠤᠳᠤᠬᠤ ᠠᠵᠢᠯ ᠤᠨ ᠠᠮᠢᠨ ᠰᠤᠳᠠᠰᠤ ᠮᠥᠨ᠂ ᠪᠠᠰᠠ ᠴᠤ ᠬᠢᠨᠠᠨ ᠪᠤᠳᠤᠬᠤ ᠪᠠᠷᠢᠮᠵᠢᠶ᠎ᠠ ᠶᠢ ᠵᠢᠷᠤᠮᠯᠠᠬᠤ ᠪᠠ ᠨᠠᠶᠢᠳᠠᠪᠤᠷᠢᠵᠢᠭᠤᠯᠬᠤ ᠶᠢ ᠪᠠᠲᠤᠯᠠᠬᠤ ᠴᠢᠬᠤᠯᠠ ᠠᠷᠭ᠎ᠠ ᠪᠠᠷᠢᠯ ᠮᠥᠨ᠃ ᠮᠥᠨ ᠴᠦ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠶᠢᠨ ᠤᠷᠢᠲᠠᠯ ᠪᠠ ᠰᠠᠭᠤᠷᠢ ᠮᠥᠨ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠪᠣᠯ ᠬᠠᠷᠢᠨ ᠬᠢᠨᠠᠨ ᠪᠤᠳᠤᠬᠤ ᠠᠵᠢᠯ ᠤᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠮᠥᠨ᠂ ᠬᠢᠨᠠᠨ ᠪᠤᠳᠤᠭᠰᠠᠨ ᠦᠷ᠎ᠡ ᠪᠦᠲᠦᠭᠡᠯ ᠢ ᠬᠢᠨᠠᠨ ᠪᠤᠳᠤᠭᠰᠠᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠶᠢ ᠦᠨᠡᠨᠬᠦ ᠪᠠᠲᠤᠯᠠᠬᠤ ᠶᠢᠨ ᠵᠠᠩᠭᠢᠯᠠᠭ᠎ᠠ ᠮᠥᠨ᠃ ᠱᠠᠩᠳᠤ ᠰᠢᠶᠠᠨ ᠤ ᠬᠢᠨᠠᠨ ᠪᠤᠳᠤᠬᠤ ᠲᠣᠪᠴᠢᠶ᠎ᠠ ᠠᠴᠠ ᠬᠢᠨᠠᠨ ᠪᠤᠳᠤᠬᠤ ᠠᠵᠢᠯᠲᠠᠳ ᠢ ᠬᠢᠨᠠᠨ ᠪᠤᠳᠤᠬᠤ ᠠᠵᠢᠯ ᠤᠨ ᠳᠤᠮᠳᠠ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠬᠢᠨᠠᠨ ᠪᠤᠳᠤᠬᠤ ᠶᠠᠰᠤ ᠴᠢᠨᠠᠷ ᠢ ᠪᠠᠲᠤᠯᠠᠵᠤ᠂ ᠬᠢᠨᠠᠨ ᠪᠤᠳᠤᠬᠤ ᠲᠦᠭᠰᠢᠭᠦᠷᠢ ᠶᠢ ᠪᠠᠭᠤᠷᠠᠭᠤᠯᠵᠤ᠂ ᠬᠢᠨᠠᠨ ᠪᠤᠳᠤᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃ᠳᠤᠪᠴᠢ ᠠᠭᠤᠯᠭ᠎ᠠ     ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ᠂ ᠲᠠ ᠰᠠᠶᠢᠨ ᠪᠠᠶᠢᠨ᠎ᠠ ᠤᠤ︕ ᠲᠠ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠬᠦ ᠶᠢᠨ ᠲᠣᠭᠤᠷᠢᠨ ᠳᠤ᠂ 2022 ᠣᠨ ᠳᠤ ᠬᠢᠨᠠᠨ ᠪᠤᠳᠤᠬᠤ ᠲᠣᠪᠴᠢᠶ᠎ᠠ ᠶᠠᠮᠠᠷ ᠶᠠᠮᠠᠷ ᠠᠮᠵᠢᠯᠲᠠ ᠣᠯᠣᠭᠰᠠᠨ ᠪᠤᠢ︖     ᠸᠠᠩ ᠶᠢᠨ ᠰᠢ᠄ ᠨᠢᠭᠡ ᠳᠤ ᠵᠠᠰᠠᠭ ᠤᠨ ᠣᠷᠳᠣᠨ ᠤ ᠲᠥᠰᠥᠪ ᠤᠨ ᠬᠠᠮᠢᠶᠠᠷᠤᠯᠲᠠ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠵᠢᠷᠤᠮᠵᠢᠭᠤᠯᠬᠤ ᠪᠠᠷ ᠭᠤᠣᠯᠯᠠᠭᠤᠯᠤᠨ᠂ ᠲᠥᠰᠥᠪ ᠪᠠ ᠲᠥᠰᠥᠪ ᠤᠨ ᠭᠦᠢᠴᠡᠳᠬᠡᠯ ᠤᠨ ᠡᠳ᠋ ᠤᠨ ᠵᠠᠰᠠᠭ ᠤᠨ ᠬᠢᠨᠠᠨ ᠪᠣᠳᠣᠯᠲᠠ ᠶᠢ ᠥᠷᠨᠢᠭᠦᠯᠪᠡ᠃ ᠵᠠᠰᠠᠭ ᠤᠨ ᠣᠷᠳᠣᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠡᠷᠬᠡ ᠲᠡᠭᠰᠢ᠂ ᠲᠥᠪ ᠭᠤᠣᠯᠴᠢ ᠪᠠ ᠦᠷ᠎ᠡ ᠪᠦᠲᠦᠮᠵᠢᠲᠦ ᠴᠢᠨᠠᠷ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠦᠨᠡᠨ ᠪᠣᠳᠠᠲᠤ ᠴᠢᠨᠠᠷ ᠪᠠ ᠪᠦᠷᠢᠨ ᠪᠦᠲᠦᠨ ᠴᠢᠨᠠᠷ ᠢ ᠤᠯᠠᠮ ᠨᠢᠭᠡ ᠠᠯᠬᠤᠮ ᠠᠬᠢᠭᠤᠯᠵᠤ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠬᠤᠷᠸ᠎ᠠ ᠠᠵᠤ ᠠᠬᠤᠢ ᠶᠢᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠯᠠᠪᠯᠠᠯᠲᠠ ᠶᠢᠨ ᠨᠠᠶᠢᠳᠠᠪᠤᠷᠢᠲᠠᠢ ᠦᠨᠳᠦᠰᠦ ᠪᠠᠷᠢᠮᠲᠠ ᠶᠢ ᠨᠡᠩ ᠰᠠᠶᠢᠨ ᠬᠠᠩᠭᠠᠪᠠ᠃ ᠬᠤᠶᠠᠷ ᠲᠤ ᠪᠥᠬᠦ ᠵᠢᠯ ᠳᠤ 9 ᠤᠳᠤᠷᠢᠳᠤᠯᠭ᠎ᠠ ᠳᠤ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠬᠢᠵᠦ᠂ ᠤᠳᠤᠷᠢᠳᠬᠤ ᠺᠠᠳ᠋ᠷ ᠤᠨ ᠲᠤᠰᠢᠶᠠᠯ ᠤᠨ ᠬᠤᠭᠤᠴᠠᠭᠠᠨ ᠳᠠᠬᠢ ᠠᠵᠤ ᠠᠬᠤᠢ ᠶᠢᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠢ ᠪᠤᠰᠤᠳᠴᠢ ᠪᠠᠷ ᠦᠨᠡᠯᠡᠵᠦ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠡᠳ᠋ ᠤᠨ ᠶᠠᠪᠤᠳᠠᠯ ᠤᠨ ᠲᠣᠭᠠᠴᠠᠭ᠎ᠠ ᠬᠢᠬᠦ ᠦᠶᠯᠡ ᠠᠵᠢᠯᠯᠠᠭ᠎ᠠ ᠶᠢ ᠵᠣᠬᠢᠬᠤ ᠬᠡᠮᠵᠢᠶ᠎ᠡ ᠪᠠᠷ ᠵᠢᠷᠤᠮᠵᠢᠭᠤᠯᠵᠤ᠂ ᠤᠳᠤᠷᠢᠳᠬᠤ ᠺᠠᠳ᠋ᠷ ᠤᠨ ᠬᠠᠤᠯᠢ ᠶᠢ ᠰᠠᠬᠢᠵᠤ ᠳᠦᠷᠢᠮ ᠢ ᠰᠠᠬᠢᠵᠤ ᠬᠠᠷᠢᠭᠤᠴᠠᠯᠭ᠎ᠠ ᠪᠠᠨ ᠭᠦᠢᠴᠡᠳᠬᠡᠬᠦ ᠤᠬᠠᠮᠰᠠᠷ ᠢ ᠴᠢᠩᠭᠠᠳᠬᠠᠪᠠ᠃ ᠭᠤᠷᠪᠠ ᠳᠤ ᠲᠤᠰᠬᠠᠢ ᠪᠡᠯᠡ ᠮᠥᠩᠭᠦ ᠶᠢ ᠬᠢᠨᠠᠨ ᠪᠤᠳᠤᠬᠤ ᠪᠠ ᠴᠢᠬᠤᠯᠠ ᠶᠡᠭᠡ ᠲᠥᠷᠥ ᠶᠢᠨ ᠪᠣᠳᠣᠯᠭ᠎ᠠ ᠶᠢ ᠮᠥᠷᠳᠡᠨ ᠬᠢᠨᠠᠨ ᠪᠤᠳᠤᠬᠤ ᠠᠵᠢᠯ ᠢ ᠥᠷᠨᠢᠭᠦᠯᠵᠦ᠂ ᠰᠠᠯᠠᠭ᠎ᠠ ᠮᠥᠴᠢᠷ ᠤᠨ ᠲᠤᠰᠬᠠᠢ ᠪᠡᠯᠡ ᠮᠥᠩᠭᠦ ᠶᠢᠨ ᠣᠷᠣᠯᠭ᠎ᠠ ᠵᠠᠷᠤᠯᠭ᠎ᠠ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠤᠨ᠂ ᠤᠯᠤᠰ ᠤᠨ ᠴᠢᠬᠤᠯᠠ ᠶᠡᠭᠡ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠬᠦᠴᠦᠨ ᠲᠠᠢ ᠪᠣᠯᠭᠠᠬᠤ ᠶᠢ ᠠᠬᠢᠭᠤᠯᠪᠠ᠃     ᠰᠤᠷᠪᠤᠯᠵᠢᠯᠠᠭᠴᠢ᠄ ᠱᠠᠩᠳᠤ ᠰᠢᠶᠠᠨ ᠤ ᠬᠢᠨᠠᠨ ᠪᠤᠳᠤᠬᠤ ᠲᠣᠪᠴᠢᠶ᠎ᠠ ᠶᠢᠨ ᠬᠢᠨᠠᠨ ᠪᠤᠳᠤᠬᠤ ᠠᠵᠢᠯ ᠤᠨ ᠲᠠᠯ᠎ᠠ ᠪᠠᠷ ᠬᠢ ᠰᠢᠨ᠎ᠡ ᠶᠢ ᠡᠭᠦᠳᠦᠭᠰᠡᠨ ᠠᠷᠭ᠎ᠠ ᠬᠡᠮᠵᠢᠶ᠎ᠡ ᠪᠣᠯᠣᠨ ᠲᠤᠷᠰᠢᠯᠭ᠎ᠠ ᠨᠢ ᠶᠠᠭᠤ ᠶᠠᠭᠤ ᠪᠠᠶᠢᠳᠠᠭ ᠪᠤᠢ︖     ᠸᠠᠩ ᠶᠢᠨ ᠰᠢ᠄ ᠨᠢᠭᠡ ᠳᠤ ᠰᠢᠭᠦᠬᠦ ᠠᠴᠠ ᠡᠮᠦᠨᠡᠬᠢ ᠠᠵᠢᠯ ᠢ ᠲᠡᠭᠦᠯᠳᠡᠷᠵᠢᠭᠦᠯᠪᠠ᠃ ᠬᠢᠨᠠᠨ ᠪᠤᠳᠤᠬᠤ ᠠᠵᠢᠯᠲᠠᠨ ᠬᠢᠨᠠᠨ ᠪᠤᠳᠤᠬᠤ ᠲᠥᠷᠥᠯ ᠵᠦᠢᠯ ᠤᠨ ᠰᠡᠳᠦᠪ ᠲᠣᠭᠲᠠᠭᠠᠬᠤ ᠱᠠᠲᠤᠨ ᠳᠤ᠂ ᠬᠢᠨᠠᠨ ᠪᠤᠳᠤᠬᠤ ᠲᠥᠰᠥᠯ ᠢ ᠭᠤᠣᠯᠳᠠᠯᠭ᠎ᠠ ᠲᠠᠢ ᠰᠠᠶᠢᠲᠤᠷ ᠬᠢᠵᠦ᠂ ᠬᠢᠨᠠᠨ ᠪᠤᠳᠤᠬᠤ ᠭᠤᠣᠯᠳᠠᠯᠭ᠎ᠠ ᠶᠢ ᠡᠷᠢᠵᠦ᠂ ᠲᠤᠬᠠᠢ ᠶᠢᠨ ᠲᠠᠯᠠᠪᠤᠷ ᠤᠨ ᠬᠢᠨᠠᠨ ᠪᠣᠳᠣᠯᠲᠠ ᠶᠢᠨ ᠭᠤᠣᠯᠳᠠᠯᠭ᠎ᠠ ᠲᠠᠢ ᠠᠩᠬᠠᠷᠬᠤ ᠴᠢᠬᠤᠯᠠᠲᠠᠢ ᠭᠤᠭᠴᠤᠭ᠎ᠠ ᠶᠢ ᠡᠷᠢᠨ᠎ᠡ︔ ᠬᠢᠨᠠᠨ ᠪᠤᠳᠤᠬᠤ ᠦᠨᠳᠦᠰᠦ ᠪᠠᠷᠢᠮᠲᠠ ᠶᠢ ᠰᠤᠷᠤᠯᠴᠠᠵᠤ᠂ ᠲᠤᠬᠠᠢ ᠶᠢᠨ ᠲᠠᠯᠠᠪᠤᠷ ᠤᠨ ᠬᠢᠨᠠᠨ ᠪᠤᠳᠤᠬᠤ ᠠᠰᠠᠭᠤᠳᠠᠯ ᠤᠨ ᠰᠢᠨᠵᠢ ᠴᠢᠨᠠᠷ ᠢ ᠣᠨᠣᠪᠴᠢᠲᠠᠶ ᠲᠣᠭᠲᠠᠭᠠᠬᠤ ᠶᠢ ᠪᠠᠳᠤᠯᠠᠨ᠎ᠠ᠃ ᠬᠡᠷᠪᠡ ᠠᠳᠠᠯᠢ ᠱᠠᠲᠤᠨ ᠤ ᠬᠢᠨᠠᠯᠲᠠ ᠪᠣᠯᠬᠤ ᠳᠤ ᠬᠦᠷᠪᠡᠯ᠂ ᠪᠠᠰᠠ ᠬᠢᠨᠠᠨ ᠪᠣᠳᠣᠭᠳᠠᠵᠤ ᠪᠠᠶᠢᠭ᠎ᠠ ᠨᠢᠭᠡᠴᠡ ᠵᠢᠴᠢ ᠲᠡᠭᠦᠨ ᠤ ᠭᠤᠣᠯᠯᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠲᠠᠢ ᠭᠦᠢᠴᠡᠳ ᠨᠡᠪᠲᠡᠷᠡᠯᠴᠡᠵᠦ᠂ ᠬᠢᠨᠠᠨ ᠪᠤᠳᠤᠬᠤ ᠵᠣᠷᠢᠯᠭ᠎ᠠ᠂ ᠬᠢᠨᠠᠨ ᠪᠤᠳᠤᠬᠤ ᠬᠡᠪᠴᠢᠶ᠎ᠡ᠂ ᠬᠢᠨᠠᠨ ᠪᠤᠳᠤᠬᠤ ᠴᠠᠭ ᠤᠨ ᠬᠢᠵᠠᠭᠠᠷ ᠤᠨ ᠲᠤᠬᠠᠢ ᠲᠣᠳᠣᠷᠬᠠᠶᠢᠯᠠᠯᠲᠠ ᠬᠢᠬᠦ ᠶᠢᠨ ᠬᠠᠮᠲᠤ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠬᠡᠳᠦᠨ ᠵᠢᠯ ᠤᠨ ᠲᠤᠷᠰᠢ᠂ ᠢᠯᠠᠩᠭᠤᠶ᠎ᠠ ᠣᠶᠢᠷ᠎ᠠ ᠶᠢᠨ ᠨᠢᠭᠡ ᠬᠤᠭᠤᠴᠠᠭᠠᠨ ᠳᠠᠬᠢ ᠲᠤᠬᠠᠶᠢᠯᠠᠭᠰᠠᠨ ᠠᠵᠢᠯ ᠤᠨ ᠳᠦᠷᠢᠮ ᠲᠣᠭᠲᠠᠭᠠᠯ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠵᠢᠴᠢ ᠪᠣᠳᠠᠲᠠᠢ ᠲᠤᠬᠠᠶᠢᠯᠠᠭᠰᠠᠨ ᠠᠵᠢᠯ ᠤᠨ ᠠᠵᠢᠯᠯᠠᠭᠠᠨ ᠤ ᠬᠤᠪᠢᠷᠠᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠬᠢᠨᠠᠨ ᠪᠤᠳᠤᠬᠤ ᠭᠤᠣᠯᠳᠠᠯᠭ᠎ᠠ ᠶᠢ ᠨᠡᠩ ᠰᠠᠶᠢᠨ ᠲᠣᠭᠲᠠᠭᠠᠵᠤ᠂ ᠬᠢᠨᠠᠨ ᠪᠤᠳᠤᠬᠤ ᠴᠠᠭ ᠢ ᠠᠷᠪᠢᠯᠠᠨ᠂ ᠬᠢᠨᠠᠨ ᠪᠤᠳᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠳᠤ ᠰᠠᠶᠢᠨ ᠰᠠᠭᠤᠷᠢ ᠲᠠᠯᠪᠢᠵᠤ ᠥᠭᠪᠡ᠃ ᠬᠤᠶᠠᠷ ᠲᠤ ᠬᠢᠨᠠᠨ ᠪᠤᠳᠤᠬᠤ ᠭᠤᠣᠯᠳᠠᠯᠭ᠎ᠠ ᠶᠢ ᠳᠣᠪᠤᠶᠢᠯᠭᠠᠪᠡ᠃ ᠲᠤᠬᠠᠢ ᠶᠢᠨ ᠲᠠᠯᠠᠪᠠᠶ ᠶᠢᠨ ᠬᠢᠨᠠᠨ ᠪᠣᠳᠣᠯᠲᠠ ᠶᠢ ᠥᠷᠨᠢᠭᠦᠯᠬᠦ ᠱᠠᠲᠤᠨ ᠳᠤ᠂ ᠬᠡᠷᠡᠭ ᠤᠨ ᠡᠮᠦᠨ᠎ᠡ ᠲᠣᠭᠲᠠᠭᠠᠭᠰᠠᠨ ᠬᠢᠨᠠᠨ ᠪᠣᠳᠣᠯᠲᠠ ᠶᠢᠨ ᠭᠤᠣᠯᠳᠠᠯᠭ᠎ᠠ ᠶᠢ ᠴᠢᠩᠭ᠎ᠠ ᠵᠢᠷᠤᠮᠯᠠᠨ᠂ ᠲᠥᠯᠥᠪᠯᠡᠭᠡ ᠲᠠᠢ᠂ ᠠᠯᠬᠤᠮ ᠳᠠᠷᠠᠭ᠎ᠠ ᠲᠠᠢ ᠪᠠᠷ ᠵᠣᠬᠢᠶᠠᠨ ᠪᠠᠶᠢᠭᠤᠯᠤᠨ ᠬᠡᠷᠡᠭᠵᠢᠭᠦᠯᠪᠡ᠃ ᠬᠢᠨᠠᠨ ᠪᠤᠳᠤᠬᠤ ᠶᠠᠪᠤᠴᠠ ᠳᠤ᠂ ᠬᠡᠷᠡᠭ ᠤᠨ ᠡᠮᠦᠨ᠎ᠡ ᠰᠢᠯᠵᠢᠭᠦᠯᠦᠨ ᠤᠩᠰᠢᠭᠰᠠᠨ ᠬᠢᠨᠠᠨ ᠪᠤᠳᠤᠬᠤ ᠮᠠᠲ᠋ᠧᠷᠢᠶᠠᠯ ᠢ ᠭᠦᠢᠴᠡᠳ ᠠᠰᠢᠭᠯᠠᠬᠤ ᠶᠢᠨ ᠬᠠᠮᠲᠤ᠂ ᠲᠤᠬᠠᠢ ᠶᠢᠨ ᠲᠠᠯᠠᠪᠤᠷ ᠤᠨ ᠬᠢᠨᠠᠨ ᠪᠤᠳᠤᠬᠤ ᠠᠵᠢᠯ ᠤᠨ ᠭᠦᠨᠵᠡᠭᠡᠢ ᠥᠷᠨᠢᠯᠲᠡ ᠶᠢ ᠦᠨᠳᠦᠰᠦᠯᠡᠨ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢ ᠰᠢᠨ᠎ᠡ ᠬᠢᠨᠠᠨ ᠪᠤᠳᠤᠬᠤ ᠮᠠᠲ᠋ᠧᠷᠢᠶᠠᠯ ᠢ ᠲᠠᠰᠤᠷᠠᠯᠲᠠ ᠦᠭᠡᠢ ᠨᠥᠬᠦᠪᠦᠷᠢᠯᠡᠨ ᠲᠡᠭᠦᠯᠳᠡᠷᠵᠢᠭᠦᠯᠬᠦ ᠶᠢ ᠱᠠᠭᠠᠷᠳᠠᠪᠡ᠃ ᠬᠢᠨᠠᠨ ᠪᠣᠳᠣᠯᠲᠠ ᠶᠢᠨ ᠮᠠᠲ᠋ᠧᠷᠢᠶᠠᠯ ᠢ ᠪᠠᠶᠢᠴᠠᠭᠠᠨ ᠦᠵᠡᠬᠦ ᠶᠠᠪᠤᠴᠠ ᠳᠤ᠂ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠪᠠᠶᠢᠴᠠᠭᠠᠬᠤ ᠶᠢᠨ ᠳᠠᠭᠠᠤ ᠬᠢᠨᠠᠨ ᠬᠠᠷᠭᠤᠭᠤᠯᠬᠤ ᠶᠢ ᠪᠠᠷᠢᠮᠲᠠᠯᠠᠵᠤ᠂ ᠴᠢᠬᠤᠯᠠᠲᠠᠢ ᠦᠶ᠎ᠡ ᠳᠤ ᠯᠠᠪᠯᠠᠨ ᠠᠰᠠᠭᠤᠬᠤ᠂ ᠲᠤᠬᠠᠢ ᠶᠢᠨ ᠲᠠᠯᠠᠪᠤᠷ ᠲᠤ ᠪᠠᠶᠢᠴᠠᠭᠠᠨ ᠰᠢᠯᠭᠠᠬᠤ᠂ ᠬᠤᠯᠪᠣᠭᠳᠠᠯ ᠪᠦᠬᠦᠢ ᠨᠢᠭᠡᠴᠡ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠬᠦ ᠵᠡᠷᠭᠡ ᠠᠷᠭ᠎ᠠ ᠬᠡᠯᠪᠡᠷᠢ ᠪᠠᠷ ᠬᠢᠨᠠᠨ ᠪᠤᠳᠤᠭᠳᠠᠵᠦ ᠪᠠᠶᠢᠭ᠎ᠠ ᠡᠲᠡᠭᠡᠳ ᠤᠨ ᠡᠳ᠋ ᠬᠥᠷᠥᠩᠭᠡ᠂ ᠲᠤᠬᠠᠶᠢᠯᠠᠭᠰᠠᠨ ᠠᠵᠢᠯ᠂ ᠪᠡᠯᠡ ᠮᠥᠩᠭᠦ᠂ ᠠᠵᠢᠯᠲᠠᠨ ᠵᠡᠷᠭᠡ ᠲᠠᠯ᠎ᠠ ᠶᠢᠨ ᠪᠠᠶᠢᠳᠠᠯ ᠢ ᠣᠨᠣᠪᠴᠢᠲᠠᠢ ᠬᠢᠨᠠᠨ ᠬᠠᠷᠭᠤᠭᠤᠯᠵᠤ᠂ ᠡᠴᠦᠰ ᠲᠤᠨᠢ ᠲᠤᠯᠲᠠᠯ᠎ᠠ ᠲᠤᠭ᠎ᠠ ᠨᠢ ᠲᠣᠳᠣᠷᠬᠠᠢ᠂ ᠪᠠᠶᠢᠳᠠᠯ ᠨᠢ ᠨᠠᠷᠢᠨ ᠪᠣᠳᠠᠲᠠᠢ ᠪᠠᠶᠢᠯᠭᠠᠨ᠎ᠠ᠃ ᠭᠤᠷᠪᠠ ᠳᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠴᠢᠩᠭᠠᠳᠬᠠᠪᠡ᠃ ᠵᠢᠷᠤᠮᠵᠢᠯ ᠤᠨ ᠴᠢᠨᠠᠷᠲᠠᠢ ᠠᠰᠠᠭᠤᠳᠠᠯ ᠳᠤ ᠪᠣᠯ ᠲᠡᠷᠡ ᠳᠠᠷᠤᠢ ᠳᠤᠨᠢ ᠬᠡᠷᠡᠭᠵᠢᠭᠦᠯᠵᠦ ᠲᠡᠷᠡ ᠳᠠᠷᠤᠢ ᠳᠤᠨᠢ ᠥᠭᠡᠷᠡᠴᠢᠯᠡᠬᠦ ᠵᠠᠷᠴᠢᠮ ᠤᠨ ᠶᠣᠰᠣᠭᠠᠷ᠂ ᠬᠢᠨᠠᠨ ᠪᠣᠳᠣᠯᠲᠠ ᠶᠢ ᠬᠦᠯᠢᠶᠡᠬᠦ ᠨᠢᠭᠡᠴᠡ ᠳᠤ ᠡᠶᠢᠮᠦᠷᠬᠦ ᠠᠰᠠᠭᠤᠳᠠᠯ ᠲᠠᠬᠢᠨ ᠭᠠᠷᠬᠤ ᠶᠢ ᠬᠤᠷᠢᠭᠯᠠᠬᠤ ᠰᠠᠨᠠᠯ ᠪᠤᠶᠤ ᠰᠠᠨᠠᠭᠤᠯᠭ᠎ᠠ ᠳᠤᠷᠠᠳᠪᠡ᠃ ᠵᠠᠷᠢᠮ ᠭᠦᠨ ᠳᠠᠪᠬᠤᠷᠭ᠎ᠠ ᠶᠢᠨ ᠠᠰᠠᠭᠤᠳᠠᠯ᠂ ᠢᠯᠠᠩᠭᠤᠶ᠎ᠠ ᠲᠣᠭᠲᠠᠴᠠ ᠵᠡᠷᠭᠡ ᠲᠠᠯ᠎ᠠ ᠳᠤ ᠬᠤᠯᠪᠣᠭᠳᠠᠭᠰᠠᠨ ᠠᠰᠠᠭᠤᠳᠠᠯ ᠢ ᠲᠣᠳᠣᠷᠬᠠᠢ ᠳᠦᠷᠰᠦᠯᠡᠨ ᠲᠣᠭᠠᠴᠢᠵᠤ᠂ ᠣᠨᠣᠪᠴᠢᠲᠠᠶ ᠲᠣᠭᠲᠠᠭᠠᠨ᠂ ᠪᠣᠯᠣᠮᠵᠢᠲᠠᠢ ᠰᠠᠨᠠᠭᠤᠯᠭ᠎ᠠ ᠭᠠᠷᠭᠠᠵᠤ᠂ ᠬᠢᠨᠠᠨ ᠪᠣᠳᠣᠯᠲᠠ ᠶᠢᠨ ᠮᠡᠳᠡᠭᠦᠯᠦᠯᠲᠡ ᠶᠢᠨ ᠦᠷᠳᠡᠭ ᠪᠠ ᠬᠢᠨᠠᠨ ᠪᠣᠳᠣᠯᠲᠠ ᠶᠢᠨ ᠦᠷ᠎ᠡ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠪᠡ᠃     ᠰᠤᠷᠪᠤᠯᠵᠢᠯᠠᠭᠴᠢ᠄ ᠬᠢᠨᠠᠨ ᠪᠤᠳᠤᠬᠤ ᠠᠵᠢᠯ ᠤᠨ ᠲᠣᠰ ᠪᠡᠶ᠎ᠡ ᠶᠢᠨ ᠲᠤᠰᠬᠠᠢ ᠮᠡᠷᠭᠡᠵᠢᠯ ᠤᠨ ᠴᠢᠨᠠᠷ ᠤᠨ ᠱᠠᠭᠠᠷᠳᠠᠯᠭ᠎ᠠ ᠨᠢ ᠨᠡᠯᠢᠶᠡᠳ ᠴᠢᠩᠭ᠎ᠠ᠂ ᠬᠤᠯᠪᠣᠭᠳᠠᠬᠤ ᠬᠡᠪᠴᠢᠶ᠎ᠡ ᠨᠢ ᠥᠷᠭᠡᠨ᠂ ᠠᠵᠢᠯ ᠤᠨ ᠡᠭᠦᠷᠭᠡ ᠨᠢ ᠬᠦᠨᠳᠦ᠂ ᠬᠢᠨᠠᠨ ᠪᠤᠳᠤᠬᠤ ᠠᠵᠢᠯᠲᠠᠳ ᠲᠤ ᠲᠠᠯᠪᠢᠬᠤ ᠱᠠᠭᠠᠷᠳᠠᠯᠭ᠎ᠠ ᠨᠢ ᠴᠦ ᠨᠡᠯᠢᠶᠡᠳ ᠥᠨᠳᠥᠷ ᠪᠠᠶᠢᠨ᠎ᠡ᠂ ᠱᠠᠩᠳᠤ ᠰᠢᠶᠠᠨ ᠤ ᠬᠢᠨᠠᠨ ᠪᠤᠳᠤᠬᠤ ᠲᠣᠪᠴᠢᠶ᠎ᠠ ᠬᠢᠨᠠᠨ ᠪᠤᠳᠤᠬᠤ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠬᠡᠷᠬᠢᠨ ᠴᠢᠩᠭᠠᠳᠬᠠᠭᠰᠠᠨ ᠪᠣᠶ︖     ᠸᠠᠩ ᠶᠢᠨ ᠰᠢ᠄ ᠰᠢᠨ᠎ᠡ ᠴᠠᠭ ᠦᠶ᠎ᠡ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢᠨ ᠡᠮᠦᠨ᠎ᠡ᠂ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠳᠤ ᠮᠥᠷᠳᠡᠨ ᠬᠢᠨᠠᠨ ᠪᠣᠳᠣᠯᠲᠠ ᠬᠢᠭᠰᠡᠨ ᠴᠦ ᠲᠡᠷᠡ᠂ ᠠᠷᠠᠳ ᠤᠨ ᠠᠮᠢᠳᠤᠷᠠᠯ ᠤᠨ ᠴᠢᠬᠤᠯᠠ ᠶᠡᠭᠡ ᠪᠡᠯᠡ ᠮᠥᠩᠭᠦ ᠶᠢᠨ ᠲᠥᠷᠥᠯ ᠵᠦᠢᠯ ᠤᠨ ᠬᠢᠨᠠᠨ ᠪᠣᠳᠣᠯᠲᠠ ᠬᠢᠭᠰᠡᠨ ᠴᠦ ᠲᠡᠷᠡ᠂ ᠤᠳᠤᠷᠢᠳᠬᠤ ᠺᠠᠳ᠋ᠷ ᠤᠨ ᠠᠵᠤ ᠠᠬᠤᠢ ᠶᠢᠨ ᠬᠠᠷᠢᠭᠤᠴᠠᠯᠭ᠎ᠠ ᠶᠢᠨ ᠬᠢᠨᠠᠨ ᠪᠣᠳᠣᠯᠲᠠ ᠴᠤ ᠲᠡᠷᠡ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠤᠰᠢᠶᠠᠯ ᠠᠴᠠ ᠪᠠᠨ ᠰᠠᠯᠬᠤ ᠦᠶ᠎ᠡ  ᠶᠢᠨ ᠬᠢᠨᠠᠨ ᠪᠣᠳᠣᠯᠲᠠ ᠴᠤ ᠲᠡᠷᠡ ᠴᠥᠮ ᠬᠢᠨᠠᠨ ᠪᠣᠳᠣᠬᠤ ᠺᠠᠳ᠋ᠷ ᠤᠨ ᠰᠠᠶᠢᠨ ᠰᠠᠶᠢᠬᠠᠨ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢ ᠪᠦᠷᠢᠯᠳᠦᠭᠦᠯᠪᠡ᠃ ᠱᠠᠩᠳᠤ ᠰᠢᠶᠠᠨ ᠤ ᠬᠢᠨᠠᠨ ᠪᠤᠳᠤᠬᠤ ᠲᠣᠪᠴᠢᠶ᠎ᠠ ᠲᠥᠪᠯᠡᠷᠡᠭᠦᠯᠦᠨ ᠰᠤᠷᠤᠯᠴᠠᠬᠤ᠂ ᠳᠡᠭᠡᠳᠦ ᠱᠠᠲᠤᠨ ᠤ ᠬᠢᠨᠠᠨ ᠪᠤᠳᠤᠬᠤ ᠪᠠᠶᠢᠭᠤᠯᠭ᠎ᠠ ᠶᠢᠨ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠠᠩᠭᠢ ᠳᠤ ᠣᠷᠤᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠢᠨᠠᠨ ᠪᠤᠳᠤᠬᠤ ᠠᠵᠢᠯᠲᠠᠨ ᠤ ᠲᠤᠰᠬᠠᠢ ᠮᠡᠷᠭᠡᠵᠢᠯ ᠤᠨ ᠤᠷ᠎ᠠ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠢᠨᠠᠨ ᠪᠤᠳᠤᠬᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠴᠢᠩᠭᠠᠳᠬᠠᠬᠤ ᠶᠢ ᠠᠬᠢᠭᠤᠯᠤᠨ᠂ ᠲᠤᠬᠠᠶᠢᠯᠠᠭᠰᠠᠨ ᠠᠵᠢᠯ ᠤᠨ ᠰᠠᠭᠤᠷᠢ ᠪᠠᠨ ᠪᠠᠲᠤᠳᠬᠠᠪᠠ᠃     ᠰᠤᠷᠪᠤᠯᠵᠢᠯᠠᠭᠴᠢ᠄ ᠬᠢᠨᠠᠨ ᠪᠤᠳᠤᠬᠤ ᠶᠠᠰᠤ ᠴᠢᠨᠠᠷ ᠪᠣᠯ ᠬᠢᠨᠠᠨ ᠪᠤᠳᠤᠬᠤ ᠠᠵᠢᠯ ᠤᠨ ᠠᠮᠢᠨ ᠰᠤᠳᠠᠰᠤ ᠮᠥᠨ᠂ ᠬᠢᠨᠠᠨ ᠪᠤᠳᠤᠬᠤ ᠪᠠᠶᠢᠭᠤᠯᠭ᠎ᠠ ᠪᠣᠯᠤᠭᠰᠠᠨ ᠤ ᠬᠤᠪᠢ ᠳᠤ ᠬᠢᠨᠠᠨ ᠪᠤᠳᠤᠬᠤ ᠠᠵᠢᠯ ᠤᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠦᠭᠰᠡᠨ ᠢ ᠲᠠ ᠶᠠᠷᠢᠭᠠᠳ ᠥᠭᠭᠦᠨ᠎ᠡ ᠤᠤ︖     ᠸᠠᠩ ᠶᠢᠨ ᠰᠢ᠄ ᠬᠢᠨᠠᠨ ᠪᠤᠳᠤᠬᠤ ᠶᠠᠰᠤ ᠴᠢᠨᠠᠷ ᠢ ᠳᠡᠭᠡᠭᠰᠢᠯᠡᠭᠦᠯᠬᠦ ᠪᠣᠯ ᠬᠢᠨᠠᠨ ᠪᠤᠳᠤᠬᠤ ᠪᠠᠶᠢᠭᠤᠯᠭ᠎ᠠ ᠶᠢᠨ ᠲᠣᠰ ᠪᠡᠶ᠎ᠡ ᠶᠢᠨ ᠳᠣᠲᠣᠭᠠᠳᠤ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ᠂ ᠪᠠᠰᠠ ᠴᠤ ᠪᠥᠬᠦ ᠨᠡᠶᠢᠭᠡᠮ ᠪᠠ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ ᠤ ᠬᠢᠨᠠᠨ ᠪᠤᠳᠤᠬᠤ ᠪᠠᠶᠢᠭᠤᠯᠭ᠎ᠠ ᠪᠠ ᠬᠢᠨᠠᠨ ᠪᠤᠳᠤᠬᠤ ᠠᠵᠢᠯᠲᠠᠨ ᠳᠤ ᠲᠠᠯᠪᠢᠵᠤ ᠪᠠᠶᠢᠭ᠎ᠠ ᠲᠤᠯᠭᠠᠮ᠎ᠠ ᠬᠦᠰᠡᠯ ᠡᠷᠡᠮᠡᠯᠵᠡᠯ ᠮᠥᠨ᠂ ᠬᠢᠨᠠᠨ ᠪᠤᠳᠤᠬᠤ ᠶᠠᠰᠤ ᠴᠢᠨᠠᠷ ᠤᠨ ᠥᠨᠳᠥᠷ ᠳᠣᠣᠷ᠎ᠠ ᠨᠢ ᠬᠢᠨᠠᠨ ᠪᠤᠳᠤᠬᠤ ᠪᠠᠶᠢᠭᠤᠯᠭ᠎ᠠ ᠪᠠ ᠬᠢᠨᠠᠨ ᠪᠤᠳᠤᠬᠤ ᠠᠵᠢᠯᠲᠠᠨ ᠤ ᠤᠯᠤᠰ ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠬᠢᠷᠢ ᠲᠦᠪᠰᠢᠨ ᠪᠠ ᠠᠵᠢᠯ ᠤᠨ ᠴᠢᠳᠠᠪᠤᠷᠢ ᠶᠢ ᠬᠠᠷᠠᠭᠤᠯᠵᠤ ᠪᠠᠶᠢᠨ᠎ᠠ᠃ ᠡᠳᠦᠭᠡ ᠬᠢᠨᠠᠨ ᠪᠣᠳᠣᠯᠲᠠ ᠶᠢᠨ ᠶᠠᠰᠤ ᠴᠢᠨᠠᠷ ᠢ ᠬᠡᠷᠬᠢᠨ ᠳᠡᠭᠡᠭᠰᠢᠯᠡᠭᠦᠯᠬᠦ ᠲᠤᠬᠠᠢ ᠬᠡᠳᠦᠨ ᠵᠦᠢᠯ ᠤᠨ ᠪᠣᠳᠣᠯᠬᠢᠯᠠᠬᠤ ᠰᠠᠨᠠᠯ ᠳᠤᠷᠠᠳᠴᠤ ᠤᠯᠠᠨ ᠲᠠᠢ ᠬᠠᠮᠲᠤᠪᠠᠷ ᠵᠣᠷᠢᠭᠵᠢᠭᠤᠯᠤᠶ᠎ᠠ᠃     ᠨᠢᠭᠡ ᠳᠤ ᠬᠢᠨᠠᠨ ᠪᠣᠳᠣᠬᠤ ᠳᠤᠭᠤᠶᠢᠯᠠᠩ ᠨᠢ ᠬᠢᠨᠠᠨ ᠪᠣᠳᠣᠬᠤ ᠴᠡᠭ ᠲᠤ ᠣᠷᠣᠬᠤ ᠠᠴᠠ ᠡᠮᠦᠨ᠎ᠡ᠂ ᠬᠢᠨᠠᠨ ᠪᠠᠶᠢᠴᠠᠭᠠᠬᠤ ᠳᠤ ᠣᠷᠤᠯᠴᠠᠬᠤ ᠬᠥᠮᠥᠰ ᠢ ᠵᠣᠬᠢᠶᠠᠨ ᠪᠠᠶᠢᠭᠤᠯᠤᠨ ᠬᠢᠨᠠᠨ ᠪᠠᠶᠢᠴᠠᠭᠠᠬᠤ ᠠᠴᠠ ᠡᠮᠦᠨᠡᠬᠢ ᠪᠣᠯᠪᠠᠰᠤᠷᠠᠭᠤᠯᠤᠯ ᠤᠨ ᠠᠵᠢᠯ ᠢ ᠰᠠᠶᠢᠲᠤᠷ ᠬᠢᠵᠦ᠂ ᠬᠢᠨᠠᠨ ᠪᠤᠳᠤᠬᠤ ᠠᠵᠢᠯ ᠤᠨ ᠠᠭᠤᠯᠭ᠎ᠠ ᠪᠠ ᠬᠢᠨᠠᠨ ᠪᠤᠳᠤᠬᠤ ᠬᠠᠷᠠᠯᠲᠠ ᠶᠢ ᠲᠣᠳᠣᠷᠬᠠᠶᠢᠯᠠᠨ᠂ ᠬᠢᠨᠠᠨ ᠪᠤᠳᠤᠬᠤ ᠲᠥᠷᠥᠯ ᠵᠦᠢᠯ ᠯᠦᠭᠡ ᠬᠤᠯᠪᠣᠭᠳᠠᠬᠤ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠡᠳ᠋ ᠤᠨ ᠵᠠᠰᠠᠭ ᠠᠵᠤ ᠠᠬᠤᠢ ᠶᠢᠨ ᠳᠦᠷᠢᠮ ᠪᠠ ᠠᠵᠢᠯ ᠲᠥᠷᠥᠯ ᠤᠨ ᠮᠡᠳᠡᠯᠭᠡ ᠶᠢ ᠴᠤᠭᠯᠠᠭᠤᠯᠬᠤ ᠪᠠ ᠰᠤᠷᠤᠯᠴᠠᠵᠤ᠂ ᠬᠢᠨᠠᠨ ᠪᠤᠳᠤᠭᠳᠠᠵᠦ ᠪᠠᠶᠢᠭ᠎ᠠ ᠨᠢᠭᠡᠴᠡ ᠯᠦᠭᠡ ᠬᠤᠯᠪᠣᠭᠳᠠᠬᠤ ᠠᠵᠢᠯ ᠲᠥᠷᠥᠯ ᠤᠨ ᠵᠢᠷᠤᠮᠵᠢᠯ ᠪᠠ ᠳᠦᠷᠢᠮ ᠲᠣᠭᠲᠠᠭᠠᠯ ᠵᠢᠴᠢ ᠬᠢᠨᠠᠨ ᠪᠤᠳᠤᠭᠳᠠᠵᠦ ᠪᠠᠶᠢᠭ᠎ᠠ ᠨᠢᠭᠡᠴᠡ ᠶᠢᠨ ᠲᠣᠭᠠᠴᠠᠭ᠎ᠠ ᠬᠢᠬᠦ ᠲᠠᠰ ᠳᠠᠷᠠᠭᠠᠯᠠᠯ ᠪᠠ ᠠᠷᠭ᠎ᠠ ᠵᠡᠷᠭᠡ ᠶᠢ ᠡᠵᠡᠮᠰᠢᠪᠡ᠃ ᠬᠤᠶᠠᠷ ᠲᠤ ᠬᠢᠨᠠᠨ ᠪᠤᠳᠤᠬᠤ ᠲᠥᠷᠥᠯ ᠵᠦᠢᠯ ᠢ ᠬᠡᠷᠡᠭᠵᠢᠭᠦᠯᠬᠦ ᠠᠴᠠ ᠡᠮᠦᠨ᠎ᠡ᠂ ᠣᠯᠠᠨ ᠠᠷᠭ᠎ᠠ ᠵᠠᠮ ᠢᠶᠠᠷ ᠬᠢᠨᠠᠨ ᠪᠣᠳᠣᠯᠲᠠ ᠬᠢᠯᠭᠡᠭᠰᠡᠨ ᠨᠢᠭᠡᠴᠡ ᠵᠢᠴᠢ ᠬᠢᠨᠠᠨ ᠪᠤᠳᠤᠬᠤ ᠵᠦᠢᠯᠡᠰ ᠢ ᠣᠶᠢᠯᠠᠭᠠᠵᠤ᠂ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠤᠨ ᠤᠩᠰᠢᠵᠤ᠂ ᠳᠣᠲᠣᠷ᠎ᠠ ᠪᠠᠨ ᠲᠤᠭ᠎ᠠ ᠲᠠᠢ ᠪᠠᠶᠢᠪᠡ︔ ᠬᠢᠨᠠᠨ ᠪᠤᠳᠤᠬᠤ ᠲᠥᠰᠥᠯ ᠢ ᠲᠣᠭᠲᠠᠭᠠᠬᠤ ᠳᠠᠭᠠᠨ ᠂ ᠡᠮᠦᠨᠡᠬᠢ ᠬᠤᠭᠤᠴᠠᠭᠠᠨ ᠤ ᠣᠶᠢᠯᠠᠭᠠᠭᠰᠠᠨ ᠪᠠᠶᠢᠳᠠᠯ ᠲᠠᠢ ᠪᠠᠨ ᠤᠶᠠᠯᠳᠤᠭᠤᠯᠤᠨ᠂ ᠠᠯᠢ ᠴᠢᠳᠠᠬᠤ ᠪᠠᠷ ᠨᠠᠷᠢᠯᠢᠭᠵᠢᠭᠤᠯᠵᠤ᠂ ᠬᠠᠷᠠᠯᠲᠠ ᠲᠠᠢ ᠪᠠᠷ ᠰᠤᠮᠤ ᠬᠠᠷᠪᠤᠨ᠎ᠡ︔ ᠬᠢᠨᠠᠨ ᠪᠤᠳᠤᠬᠤ ᠠᠷᠭ᠎ᠠ ᠶᠢ ᠰᠣᠩᠭᠤᠬᠤ ᠲᠠᠯ᠎ᠠ ᠪᠠᠷ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠭ᠎ᠠ ᠪᠠᠷᠢᠮᠲᠠ ᠶᠢ ᠬᠠᠷᠢᠴᠠᠭᠤᠯᠬᠤ᠂ ᠶᠠᠷᠢᠯᠴᠠᠨ ᠣᠶᠢᠯᠠᠭᠠᠬᠤ᠂ ᠬᠢᠨᠠᠯᠲᠠ ᠲᠠᠯᠪᠢᠵᠤ ᠲᠣᠭᠠᠯᠠᠨ ᠪᠦᠷᠢᠳᠬᠡᠬᠦ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠲᠠᠢ ᠤᠶᠠᠯᠳᠤᠭᠤᠯᠪᠡ᠃ ᠭᠤᠷᠪᠠ ᠳᠤ᠂ ᠬᠢᠨᠠᠨ ᠪᠣᠳᠣᠯᠲᠠ ᠶᠢᠨ ᠲᠤᠬᠠᠢ ᠶᠢᠨ ᠲᠠᠯᠠᠪᠤᠷ ᠢ ᠬᠡᠷᠡᠭᠵᠢᠭᠦᠯᠬᠦ ᠱᠠᠲᠤ ᠦᠶ᠎ᠡ ᠶᠢ ᠪᠡᠶᠡᠯᠡᠭᠦᠯᠦᠭᠰᠡᠨ ᠤ ᠳᠠᠷᠠᠭ᠎ᠠ᠂ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠠᠯᠢ ᠴᠢᠳᠠᠬᠤ ᠪᠠᠷ ᠳᠡᠭᠡᠳᠦ ᠬᠡᠮᠵᠢᠶ᠎ᠡ ᠪᠠᠷ ᠠᠪᠰᠠᠷᠬᠠᠨ᠂ ᠣᠨᠣᠪᠴᠢᠲᠠᠶ ᠢᠯᠡᠳᠬᠡᠵᠦ᠂ ᠭᠤᠣᠯᠳᠠᠯᠭ᠎ᠠ ᠶᠢ ᠲᠣᠪᠤᠶᠢᠯᠭᠠᠨ᠂ ᠠᠰᠠᠭᠤᠳᠠᠯ ᠢ ᠢᠯᠡᠷᠡᠭᠦᠯᠬᠦ ᠶᠢᠨ ᠬᠠᠮᠲᠤ ᠦᠨᠡᠨ ᠬᠦ ᠬᠡᠷᠡᠭᠵᠢᠭᠦᠯᠵᠦ ᠪᠣᠯᠬᠤᠶᠢᠴᠠ ᠰᠠᠨᠠᠭᠤᠯᠭ᠎ᠠ ᠳᠤᠷᠠᠳᠪᠡ᠃ ᠬᠢᠨᠠᠨ ᠪᠣᠳᠣᠯᠲᠠ ᠶᠢᠨ ᠮᠡᠳᠡᠭᠦᠯᠦᠯᠲᠡ ᠶᠢ ᠲᠠᠷᠬᠠᠭᠠᠭᠰᠠᠨ ᠤ ᠳᠠᠷᠠᠭ᠎ᠠ᠂ ᠬᠢᠨᠠᠨ ᠪᠣᠳᠣᠯᠲᠠ ᠬᠢᠯᠭᠡᠭᠰᠡᠨ ᠨᠢᠭᠡᠴᠡ ᠶᠢᠨ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠵᠤ᠂ ᠰᠢᠢᠳᠪᠦᠷᠢᠯᠡᠭᠦᠯᠬᠦ ᠪᠠᠷ ᠰᠢᠯᠵᠢᠭᠦᠯᠦᠨ ᠬᠦᠷᠭᠡᠭᠰᠡᠨ ᠵᠦᠢᠯᠡᠰ ᠤᠨ ᠠᠬᠢᠴᠠ ᠶᠢ ᠮᠥᠷᠳᠡᠵᠦ᠂ ᠵᠣᠯᠭᠠᠭᠤᠯᠬᠤ ᠠᠵᠢᠯ ᠢ ᠰᠠᠶᠢᠲᠤᠷ ᠬᠢᠵᠦ᠂ ᠬᠢᠨᠠᠨ ᠪᠣᠳᠣᠯᠲᠠ ᠶᠢᠨ ᠦᠷ᠎ᠡ ᠪᠦᠲᠦᠭᠡᠯ ᠢ ᠬᠠᠮᠠᠭᠠᠯᠠᠪᠡ᠃     ᠰᠤᠷᠪᠤᠯᠵᠢᠯᠠᠭᠴᠢ᠄ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠬᠢᠨᠠᠨ ᠪᠣᠳᠣᠯᠲᠠ ᠳᠤ ᠭᠤᠣᠯᠳᠠᠭᠤ ᠶᠠᠮᠠᠷ ᠶᠠᠮᠠᠷ ᠲᠠᠯ᠎ᠠ ᠪᠠᠷ ᠬᠦᠴᠦᠯᠡᠵᠦ᠂ ᠬᠢᠨᠠᠨ ᠪᠣᠳᠣᠯᠲᠠ ᠪᠠᠷ ᠢᠯᠡᠷᠡᠭᠦᠯᠦᠭᠰᠡᠨ ᠠᠰᠠᠭᠤᠳᠠᠯ ᠤᠨ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠬᠤ ᠠᠵᠢᠯ ᠢ ᠰᠠᠶᠢᠲᠤᠷ ᠬᠢᠬᠦ ᠪᠤᠢ︖     ᠸᠠᠩ ᠶᠢᠨ ᠰᠢ᠄ ᠨᠢᠭᠡ ᠳᠤ ᠬᠢᠨᠠᠨ ᠪᠤᠳᠤᠬᠤ ᠶᠠᠰᠤ ᠴᠢᠨᠠᠷ ᠤᠨ ᠡᠵᠡᠮᠳᠡᠯ ᠢ ᠴᠢᠩᠭᠠᠳᠬᠠᠵᠤ᠂ ᠬᠢᠨᠠᠨ ᠪᠤᠳᠤᠬᠤ ᠪᠠᠶᠢᠭᠤᠯᠭ᠎ᠠ ᠡᠷᠬᠡᠪᠰᠢ ᠴᠢᠩᠭ᠎ᠠ ᠨᠢᠮᠪᠠᠢ ᠪᠠᠶᠢᠬᠤ ᠶᠢ ᠪᠠᠷᠢᠮᠲᠠᠯᠠᠨ᠂ ᠪᠣᠳᠠᠲᠤ ᠬᠡᠷᠡᠭ ᠢᠶᠠᠷ ᠦᠨᠳᠦᠰᠦᠯᠡᠯ ᠪᠣᠯᠭᠠᠵᠤ᠂ ᠬᠠᠤᠯᠢ ᠴᠠᠭᠠᠵᠠ ᠪᠠᠷ ᠪᠠᠷᠢᠮᠵᠢᠶ᠎ᠠ ᠪᠣᠯᠭᠠᠨ ᠬᠢᠨᠠᠨ ᠪᠣᠳᠣᠯᠲᠠ ᠶᠢ ᠬᠡᠷᠡᠭᠵᠢᠭᠦᠯᠵᠦ᠂ ᠬᠢᠨᠠᠨ ᠪᠤᠳᠤᠬᠤ ᠲᠠᠰ ᠳᠠᠷᠠᠭᠠᠯᠠᠯ ᠤᠨ ᠬᠠᠤᠯᠢ ᠶᠣᠰᠣᠨ ᠤ᠂ ᠪᠣᠳᠠᠲᠤ ᠶᠠᠪᠤᠳᠠᠯ ᠤᠨ ᠲᠣᠳᠣᠷᠬᠠᠢ᠂ ᠭᠡᠷᠡᠴᠢ ᠪᠠᠷᠢᠮᠲᠠ ᠪᠦᠷᠢᠨ ᠭᠦᠢᠴᠡᠳ᠂ ᠬᠠᠤᠯᠢ ᠴᠠᠭᠠᠵᠠ ᠬᠠᠤᠯᠢ ᠲᠣᠭᠲᠠᠭᠠᠯ ᠢ ᠣᠨᠣᠪᠴᠢᠲᠠᠶ ᠡᠰᠢᠯᠡᠨ ᠬᠡᠷᠡᠭᠯᠡᠵᠦ᠂ ᠰᠢᠨᠵᠢ ᠴᠢᠨᠠᠷ ᠢ ᠲᠣᠭᠲᠠᠭᠠᠬᠤ ᠪᠠ ᠰᠢᠢᠳᠪᠦᠷᠢᠯᠡᠵᠦ ᠲᠣᠷᠭᠠᠬᠤ ᠶᠢ ᠵᠣᠬᠢᠰᠲᠠᠢ ᠪᠠᠶᠢᠯᠭᠠᠬᠤ ᠶᠢ ᠪᠠᠲᠤᠯᠠᠨ᠎ᠡ᠃ ᠬᠤᠶᠠᠷ ᠲᠤ ᠬᠢᠨᠠᠨ ᠪᠣᠳᠣᠯᠲᠠ ᠶᠢᠨ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠶᠢ ᠴᠢᠩᠭᠠᠳᠬᠠᠵᠤ᠂ ᠬᠢᠨᠠᠨ ᠪᠣᠳᠣᠯᠲᠠ ᠶᠢᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠵᠤ᠂ ᠬᠢᠨᠠᠨ ᠪᠣᠳᠣᠯᠲᠠ ᠶᠢᠨ ᠠᠵᠢᠯ ᠮᠡᠷᠭᠡᠵᠢᠯ ᠤᠨ ᠶᠣᠰᠣ ᠮᠣᠷᠠᠯ ᠢ ᠬᠢᠴᠢᠶᠡᠩᠭᠦᠶᠢᠯᠡᠨ ᠰᠠᠬᠢᠵᠤ᠂ ᠠᠰᠢᠭ ᠲᠤᠰᠠ᠂ ᠬᠠᠷᠢᠴᠠᠭ᠎ᠠ᠂ ᠨᠠᠶᠢᠷ ᠲᠠᠯ᠎ᠠ ᠠᠴᠠ ᠪᠣᠯᠵᠤ ᠬᠢᠨᠠᠨ ᠪᠣᠳᠣᠯᠲᠠ ᠶᠢᠨ ᠪᠡᠶ᠎ᠡ ᠪᠠᠨ ᠳᠠᠭᠠᠭᠠᠬᠤ ᠴᠢᠨᠠᠷ ᠪᠠ ᠬᠢᠨᠠᠨ ᠪᠣᠳᠣᠯᠲᠠ ᠶᠢᠨ ᠦᠷ᠎ᠡ ᠳ᠋ᠦᠩ ᠤᠨ ᠪᠤᠰᠤᠳᠴᠢ ᠲᠥᠪ ᠭᠤᠣᠯᠴᠢ ᠴᠢᠨᠠᠷ ᠢ ᠬᠤᠬᠢᠷᠠᠭᠤᠯᠬᠤ ᠦᠭᠡᠢ᠃ ᠭᠤᠷᠪᠠ ᠳᠤ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ᠂ ᠬᠠᠤᠯᠢ ᠪᠠᠷᠢᠬᠤ᠂ ᠵᠣᠬᠢᠶᠠᠨ ᠪᠠᠶᠢᠭᠤᠯᠬᠤ᠂ ᠠᠵᠢᠯᠲᠠᠨ ᠤ ᠶᠠᠪᠤᠳᠠᠯ᠂ ᠡᠳ᠋ ᠤᠨ ᠵᠠᠰᠠᠭ᠂ ᠭᠠᠶᠢᠯᠢ ᠶᠢᠨ ᠶᠠᠪᠤᠳᠠᠯ ᠵᠡᠷᠭᠡ ᠬᠠᠮᠢᠶ᠎ᠠ ᠪᠦᠬᠦᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ᠬᠠᠮᠵᠢᠯᠴᠠᠬᠤ ᠶᠢ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠬᠦᠴᠦᠨ ᠢ ᠨᠢᠭᠲᠠᠷᠠᠭᠤᠯᠤᠨ᠂ ᠣᠯᠠᠨ ᠵᠦᠢᠯ ᠤᠨ ᠠᠷᠭ᠎ᠠ ᠪᠠᠷᠢᠯ ᠢ ᠨᠢᠭᠡᠳᠦᠯᠲᠡᠢ ᠲᠥᠯᠥᠪᠯᠡᠨ ᠬᠡᠷᠡᠭᠯᠡᠵᠦ ᠪᠠᠶᠢᠭᠠᠳ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢ ᠬᠠᠮᠲᠤᠪᠠᠷ ᠰᠢᠮᠳᠠᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠬᠦᠴᠦᠨ ᠤ ᠬᠡᠮᠵᠢᠶ᠎ᠡ ᠶᠢ ᠨᠡᠮᠡᠭᠳᠡᠭᠦᠯᠦᠨ᠂ ᠬᠢᠨᠠᠨ ᠪᠤᠳᠤᠵᠤ ᠴᠡᠭᠴᠡᠯᠡᠨ ᠰᠠᠶᠢᠵᠢᠷᠠᠭᠤᠯᠬᠤ ᠶᠢᠨ ᠬᠠᠲᠠᠭᠤ ᠴᠢᠨᠠᠷ ᠢ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠨᠡᠶᠢᠯᠡᠮᠡᠯ ᠬᠦᠴᠦᠨ ᠢ ᠪᠦᠷᠢᠯᠳᠦᠭᠦᠯᠦᠨ᠎ᠡ᠃                                                   ᠤᠷᠴᠢᠭᠤᠯᠤᠭᠴᠢ᠄ ᠬᠦᠰᠡᠯ                                                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2