︽ᠤᠯᠠᠭᠠᠨᠴᠠᠪ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2023/4/18
︽ᠤᠯᠠᠭᠠᠨᠴᠠᠪ ᠬᠤᠲᠠ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠤ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ᠶᠢᠨ ᠲᠤᠬᠠᠢ ᠲᠥᠷᠥ ᠶᠢᠨ ᠪᠣᠳᠣᠯᠭ᠎ᠠ ᠶᠢᠨ ᠲᠠᠶᠢᠯᠤᠮᠵᠢ     ᠨᠢᠭᠡ᠂ ᠨᠡᠶᠢᠲᠡᠯᠡᠭᠰᠡᠨ ᠠᠬᠤᠢ ᠪᠠᠶᠢᠳᠠᠯ     ᠬᠥᠮᠥᠨ ᠠᠮᠠ ᠶᠢᠨ ᠨᠠᠰᠤᠵᠢᠯᠲᠠ ᠶᠢ ᠢᠳᠡᠪᠬᠢᠲᠡᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠨᠠᠰᠤᠵᠢᠯ ᠤᠨ ᠦᠢᠯᠡᠰ ᠤᠨ ᠪᠦᠬᠦ ᠲᠠᠯ᠎ᠠ  ᠪᠠᠷ ᠵᠣᠬᠢᠴᠠᠩᠭᠤᠢ ᠦᠷᠭᠦᠯᠵᠢᠯᠡᠨ ᠬᠥᠭᠵᠢᠬᠦ  ᠶᠢ ᠲᠦᠷᠭᠡᠳᠬᠡᠨ ᠠᠬᠢᠭᠤᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠲᠠᠶᠢᠴᠤᠳ ᠤᠨ ᠡᠷᠬᠡ ᠠᠰᠢᠭ ᠢ ᠪᠠᠲᠤᠯᠠᠬᠤ ᠬᠠᠤᠯᠢ︾ ︽ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠠᠰᠤᠲᠠᠶᠢᠴᠤᠳ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2021﹈ 81 ᠳ᠋ᠤᠭᠡᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠰᠠᠨᠠᠯ ᠬᠤᠷᠢᠶᠠᠬᠤ᠂ ᠠᠶᠤᠯ ᠲᠦᠭᠰᠢᠭᠦᠷᠢ ᠶᠢ ᠦᠨᠡᠯᠡᠨ ᠵᠢᠱᠢᠬᠦ ᠵᠡᠷᠭᠡ ᠲᠠᠰ ᠳᠠᠷᠠᠭᠠᠯᠠᠯ ᠢᠶᠠᠷ ᠳᠡᠮᠵᠢᠨ᠂ ᠲᠠᠰᠤᠷᠠᠯᠲᠠ ᠦᠭᠡᠢ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠲᠦᠷᠦᠭᠦᠯᠡᠨ ︽ᠤᠯᠠᠭᠠᠨᠴᠠᠪ ᠬᠤᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ︾ ︵ᠳᠣᠷᠣᠭᠰᠢ ᠲᠥᠯᠦᠪᠵᠢᠭᠦᠯᠭᠡ ᠭᠡᠵᠦ ᠲᠣᠪᠴᠢᠯᠠᠨ᠎ᠠ︶ ᠶᠢ ᠨᠠᠶᠢᠷᠠᠭᠤᠯᠤᠨ ᠵᠣᠬᠢᠶᠠᠪᠠ᠃     ᠬᠤᠶᠠᠷ᠂ ᠨᠡᠶᠢᠲᠡᠯᠡᠭᠰᠡᠨ ᠠᠴᠢ ᠬᠤᠯᠪᠣᠭᠳᠠᠯ     ᠬᠥᠮᠥᠨ ᠠᠮᠠ ᠶᠢᠨ ᠨᠠᠰᠤᠵᠢᠯᠲᠠ ᠪᠣᠯ ᠨᠡᠶᠢᠭᠡᠮ ᠤᠨ ᠬᠥᠭᠵᠢᠯᠲᠡ ᠶᠢᠨ ᠴᠢᠬᠤᠯᠠ ᠬᠠᠨᠳᠤᠰᠢ ᠮᠥᠨ᠂ ᠪᠠᠰᠠ ᠴᠤ ᠮᠠᠨ ᠤ ᠤᠯᠤᠰ ᠤᠨ ᠬᠤᠶᠢᠰᠢᠳᠠ ᠶᠢᠨ ᠨᠡᠯᠢᠶᠡᠳ ᠤᠷᠳᠤ ᠬᠤᠭᠤᠴᠠᠭᠠᠨ ᠳᠠᠬᠢ ᠤᠯᠤᠰ ᠤᠨ ᠦᠨᠳᠦᠰᠦᠨ ᠪᠠᠶᠢᠳᠠᠯ ᠮᠥᠨ᠃ ᠶᠡᠷᠦᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠶᠢᠨ ᠨᠠᠰᠤᠲᠠᠶᠢᠴᠤᠳ ᠤᠨ ᠠᠵᠢᠯ ᠢ ᠰᠠᠶᠢᠲᠤᠷ ᠬᠢᠬᠦ ᠲᠤᠬᠠᠢ ᠤᠯᠠᠨ ᠤᠳᠠᠭ᠎ᠠ ᠴᠢᠬᠤᠯᠠ ᠵᠢᠭᠠᠪᠤᠷᠢ ᠴᠣᠬᠤᠯᠠᠪᠤᠷᠢ ᠥᠭᠴᠦ᠂ ᠪᠢᠳᠡᠨ ᠤ ᠨᠠᠰᠤᠲᠠᠶᠢᠴᠤᠳ ᠤᠨ ᠠᠵᠢᠯ ᠢ ᠰᠠᠶᠢᠲᠤᠷ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠃ ᠮᠠᠨ ᠤ ᠤᠯᠤᠰ ᠤᠨ ᠬᠥᠮᠥᠨ ᠠᠮᠠ ᠶᠢᠨ ᠨᠠᠰᠤᠵᠢᠯᠲᠠ ᠶᠢ ᠪᠦᠲᠦᠮᠵᠢᠲᠡᠶ ᠪᠠᠷ ᠠᠷᠭᠠᠴᠠᠬᠤ ᠨᠢ ᠤᠯᠤᠰ ᠣᠷᠣᠨ ᠤ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ᠂ ᠲᠦᠭ ᠲᠦᠮᠡᠨ ᠠᠷᠠᠳ ᠣᠯᠠᠨ ᠤ ᠠᠵᠠ ᠵᠢᠷᠭᠠᠯ ᠳᠤ ᠬᠤᠯᠪᠣᠭᠳᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠳᠤ ᠬᠤᠯᠪᠣᠭᠳᠠᠵᠤ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠴᠢ ᠬᠤᠯᠪᠣᠭᠳᠠᠯ  ᠲᠠᠢ ᠶᠤᠮ᠃     ᠭᠤᠷᠪᠠ᠂ ᠭᠤᠣᠯ ᠠᠭᠤᠯᠭ᠎ᠠ     ︵ᠨᠢᠭᠡ︶ ᠲᠥᠯᠦᠪᠵᠢᠭᠦᠯᠭᠡ ᠶᠢᠨ ᠠᠬᠤᠢ ᠪᠠᠶᠢᠳᠠᠯ᠃ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠤᠯᠠᠭᠠᠨᠴᠠᠪ ᠬᠤᠲᠠ ᠶᠢᠨ ᠨᠠᠰᠤᠵᠢᠯ ᠤᠨ ᠦᠢᠯᠡᠰ ᠤᠨ ᠣᠯᠣᠭᠰᠠᠨ ᠠᠮᠵᠢᠯᠲᠠ ᠪᠦᠲᠦᠮᠵᠢ ᠶᠢ 5 ᠲᠠᠯ᠎ᠠ ᠠᠴᠠ ᠳ᠋ᠦᠩᠨᠡᠵᠦ᠂ ᠲᠤᠯᠭᠠᠷᠠᠵᠤ ᠪᠠᠶᠢᠭ᠎ᠠ ᠥᠷᠢᠰᠦᠯᠳᠦᠭᠡᠨ ᠪᠠ ᠠᠰᠢᠭᠲᠠᠢ ᠠᠵᠠ ᠲᠣᠬᠢᠶᠠᠯ ᠬᠤᠶᠠᠷ ᠲᠠᠯ᠎ᠠ ᠠᠴᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠨᠠᠰᠤᠵᠢᠯ ᠤᠨ ᠦᠢᠯᠡᠰ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠪᠠᠶᠢᠳᠠᠯ ᠢ ᠵᠠᠳᠠᠯᠤᠨ ᠰᠢᠨᠵᠢᠯᠡᠪᠡ᠃     ︵ᠬᠤᠶᠠᠷ︶ ᠶᠡᠷᠦᠩᠬᠡᠢ ᠰᠡᠳᠬᠢᠴᠡ᠃ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠨᠠᠰᠤᠵᠢᠯ ᠤᠨ ᠦᠢᠯᠡᠰ ᠤᠨ ᠬᠥᠭᠵᠢᠯᠲᠡ ᠶᠢᠨ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠠ ᠬᠥᠭᠵᠢᠯᠲᠡ ᠶᠢᠨ ᠬᠠᠷᠠᠯᠲᠠ ᠶᠢ ᠳᠤᠷᠠᠳᠤᠨ ᠭᠠᠷᠭᠠᠪᠠ᠃     ︵ᠭᠤᠷᠪᠠ︶ ᠭᠤᠣᠯ ᠡᠭᠦᠷᠭᠡ᠃ ᠨᠡᠶᠢᠭᠡᠮ ᠤᠨ ᠪᠠᠲᠤᠯᠠᠪᠤᠷᠢ ᠶᠢᠨ ᠰᠢᠰᠲ᠋ᠧᠮ ᠢ ᠲᠡᠭᠦᠯᠳᠡᠷᠵᠢᠭᠦᠯᠬᠦ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠬᠤ᠂ ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ᠂ ᠡᠮᠴᠢᠯᠡᠭᠡ ᠰᠤᠪᠢᠯᠠᠯᠲᠠ ᠡᠷᠡᠭᠦᠯᠵᠢᠯ ᠰᠤᠪᠢᠯᠠᠯᠲᠠ ᠶᠢ ᠤᠶᠠᠯᠳᠤᠭᠤᠯᠤᠭᠰᠠᠨ ᠬᠥᠭᠵᠢᠯᠲᠡ ᠶᠢ ᠲᠦᠷᠭᠡᠳᠬᠡᠬᠦ᠂ ᠨᠠᠰᠤᠲᠠᠶᠢᠴᠤᠳ ᠤᠨ ᠨᠡᠶᠢᠭᠡᠮ ᠤᠨ ᠣᠷᠤᠯᠴᠠᠯᠭ᠎ᠠ ᠶᠢ ᠥᠷᠭᠡᠳᠬᠡᠬᠦ᠂ ᠨᠠᠰᠤᠲᠠᠶᠢᠴᠤᠳ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ᠂ ᠨᠠᠰᠤᠲᠠᠶᠢᠴᠤᠳ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠦᠢᠯᠡᠳᠦᠯ ᠢ ᠪᠠᠳᠠᠷᠠᠭᠤᠯᠬᠤ᠂ ᠨᠠᠰᠤᠲᠠᠶᠢᠴᠤᠳ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ᠂ ᠨᠠᠰᠤᠲᠠᠶᠢᠴᠤᠳ ᠤᠨ ᠨᠥᠬᠦᠷᠰᠡᠭ ᠬᠡᠯᠪᠡᠷᠢ ᠶᠢᠨ ᠨᠡᠶᠢᠭᠡᠮ ᠢ ᠪᠠᠶᠢᠭᠤᠯᠬᠤ ᠵᠡᠷᠭᠡ 9 ᠲᠠᠯ᠎ᠠ ᠪᠠᠷ ᠲᠤᠰ ᠲᠤᠰ ᠪᠣᠳᠠᠲᠠᠢ ᠠᠭᠤᠯᠭ᠎ᠠ ᠶᠢ ᠵᠢᠭᠰᠠᠭᠠᠪᠠ᠃ ᠠᠵᠢᠯ ᠤᠨ ᠬᠤᠪᠢᠶᠠᠷᠢᠯᠠᠯ ᠢᠶᠠᠨ ᠨᠠᠷᠢᠯᠢᠭᠵᠢᠭᠤᠯᠬᠤ ᠶᠢᠨ ᠬᠠᠮᠲᠤ 5 ᠲᠤᠰᠬᠠᠢ ᠪᠤᠯᠤᠩ ᠤᠨ ᠵᠦᠢᠯᠡᠰ ᠢ ᠵᠢᠭᠰᠠᠭᠠᠨ ᠭᠠᠷᠭᠠᠪᠠ᠃     ︵ᠳᠥᠷᠪᠡ︶ ᠪᠠᠲᠤᠯᠠᠭ᠎ᠠ ᠶᠢᠨ ᠠᠷᠭ᠎ᠠ ᠬᠡᠮᠵᠢᠶ᠎ᠡ᠃ ᠭᠤᠣᠯᠳᠠᠭᠤ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ᠂ ᠣᠷᠣᠭᠤᠯᠤᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ᠂ ᠴᠢᠳᠠᠪᠤᠷᠢᠲᠠᠨ ᠤ ᠡᠩᠨᠡᠭᠡ ᠶᠢ ᠪᠤᠵᠠᠭᠠᠶᠢᠷᠠᠭᠤᠯᠬᠤ᠂ ᠰᠢᠯᠭᠠᠨ ᠦᠨᠡᠯᠡᠬᠦ ᠬᠢᠨᠠᠨ ᠬᠡᠮᠵᠢᠬᠦ ᠶᠢ ᠴᠢᠩᠭᠠᠳᠬᠠᠬᠤ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠪᠠ᠃               ᠤᠷᠴᠢᠭᠤᠯᠤᠭᠴᠢ᠄ ᠬᠦᠰᠡᠯ               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2