ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/19
    4 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽︿ᠤᠯᠠᠭᠠᠨᠴᠠᠪ ᠬᠤᠲᠠ ᠶᠢᠨ ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ﹀ ᠶᠢᠨ ᠬᠡᠰᠡᠭ ᠠᠭᠤᠯᠭ᠎ᠠ ᠳᠤ ᠵᠠᠰᠠᠪᠤᠷᠢ ᠣᠷᠣᠭᠤᠯᠬᠤ ᠲᠤᠬᠠᠢ ᠮᠡᠳᠡᠭᠳᠡᠯ︾ ︽ᠤᠯᠠᠭᠠᠨᠴᠠᠪ ᠬᠤᠲᠠ ᠶᠢᠨ ᠵᠠᠰᠠᠭ ᠤᠨ ᠣᠷᠳᠣᠨ ᠤ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠰᠤᠳᠤᠯᠤᠨ ᠬᠢᠨᠠᠨ ᠵᠥᠪᠯᠡᠵᠦ᠂ ᠪᠥᠬᠦ ᠬᠤᠲᠠ ᠶᠢᠨ ᠨᠠᠰᠤᠨ ᠳᠤ ᠥᠯᠥ ᠭᠦᠷᠦᠭᠰᠡᠳ ᠤᠨ ᠦᠵᠡᠯ ᠰᠠᠨᠠᠭ᠎ᠠ ᠶᠣᠰᠣ ᠮᠣᠷᠠᠯ ᠤᠨ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ︽ᠬᠤᠲᠠ ᠶᠢᠨ ᠳᠠᠷᠤᠭ᠎ᠠ ᠶᠢᠨ ᠶᠠᠰᠤ ᠴᠢᠨᠠᠷ ᠤᠨ ᠱᠠᠩᠨᠠᠯ︾ ᠢ ᠬᠢᠨᠠᠨ ᠲᠣᠭᠲᠠᠭᠠᠬᠤ ᠬᠠᠮᠢᠶᠠᠷᠤᠯᠲᠠ ᠶᠢᠨ ᠠᠷᠭ᠎ᠠ ᠳᠤ ᠰᠢᠨᠵᠢᠯᠡᠬᠦ ᠤᠬᠠᠭᠠᠨᠴᠢ ᠪᠥᠭᠡᠳ ᠵᠦᠢ ᠵᠣᠬᠢᠰᠲᠠᠢ ᠵᠠᠰᠠᠪᠤᠷᠢ ᠣᠷᠣᠭᠤᠯᠵᠤ᠂ ᠠᠵᠤ ᠠᠬᠤᠶᠢᠯᠠᠯ ᠤᠨ ᠮᠠᠳᠠᠭ ᠲᠠᠢ ᠠᠰᠠᠭᠤᠳᠠᠯ ᠢ ᠴᠠᠭ ᠲᠤᠬᠠᠢ ᠳᠤᠨᠢ ᠲᠠᠶᠢᠯᠪᠤᠷᠢᠯᠠᠨ ᠥᠭᠴᠦ᠂ ᠬᠢᠨᠠᠨ ᠲᠣᠭᠲᠠᠭᠠᠬᠤ ᠪᠠᠷ ᠮᠡᠳᠡᠭᠦᠯᠬᠦ ᠡᠯ᠎ᠡ ᠵᠦᠢᠯ ᠤᠨ ᠠᠵᠢᠯ ᠢ ᠰᠠᠶᠢᠲᠤᠷ ᠬᠢᠵᠦ᠂ ᠪᠥᠬᠦ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠲᠤᠰᠬᠠᠢ ᠲᠤᠰᠢᠶᠠᠯᠲᠤ ᠭᠠᠯ ᠤᠨᠲᠠᠷᠠᠭᠠᠬᠤ ᠡᠩᠨᠡᠭᠡ ᠶᠢᠨ ᠪᠠᠶᠢᠭᠤᠯᠤᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠨ ᠵᠢᠷᠤᠮᠵᠢᠭᠤᠯᠵᠤ᠂ ᠰᠠᠭᠤᠷᠢ ᠪᠠᠲᠤᠯᠠᠭ᠎ᠠ ᠶᠢ ᠪᠠᠲᠤᠳᠬᠠᠨ᠂ ᠪᠣᠯᠪᠠᠰᠤᠷᠠᠯ ᠤᠨ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠡᠯ᠎ᠡ ᠲᠥᠷᠥᠯ ᠤᠨ ᠭᠠᠢ ᠭᠠᠮᠰᠢᠭ ᠢ ᠶᠡᠷᠦᠩᠬᠡᠶᠢᠯᠡᠨ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠪᠥᠬᠦ ᠬᠤᠲᠠ ᠶᠢᠨ ᠭᠠᠯ ᠤᠨᠲᠠᠷᠠᠭᠠᠬᠤ ᠠᠮᠤᠷ ᠲᠦᠪᠰᠢᠨ ᠤ ᠪᠠᠶᠢᠳᠠᠯ ᠤᠨ ᠦᠷᠭᠦᠯᠵᠢᠯᠡᠨ ᠲᠣᠭᠲᠠᠭᠤᠨ ᠪᠠᠶᠢᠬᠤ ᠶᠢ ᠬᠠᠮᠠᠭᠠᠯᠠᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠴᠣᠭᠴᠠ ᠶᠢᠨ ᠤᠬᠠᠮᠰᠠᠷ ᠢ ᠪᠠᠲᠤᠳᠬᠠᠬᠤ ᠪᠠ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠢ ᠪᠦᠬᠦ ᠲᠠᠯ᠎ᠠ ᠪᠠᠷ ᠪᠠᠶᠢᠭᠤᠯᠬᠤ ᠪᠠᠷ ᠭᠤᠣᠯ ᠰᠢᠵᠢᠮ ᠪᠣᠯᠭᠠᠵᠤ᠂ ᠨᠠᠰᠤᠨ ᠳᠤ ᠦᠯᠦ ᠬᠦᠷᠦᠭᠰᠡᠳ ᠤᠨ ᠦᠵᠡᠯ ᠰᠠᠨᠠᠭ᠎ᠠ ᠶᠣᠰᠣ ᠰᠤᠷᠲᠠᠬᠤᠨ ᠤ ᠪᠠᠶᠢᠭᠤᠯᠤᠯᠲᠠ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠬᠦ ᠬᠡᠷᠡᠭᠲᠡᠢ᠃ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠭᠯᠠᠵᠤ᠂ ᠬᠤᠪᠢᠰᠬᠠᠯ ᠤᠨ ᠰᠤᠳᠤᠯᠭᠠᠨ ᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ ᠨᠠᠰᠤᠨ ᠳᠤ ᠦᠯᠦ ᠬᠦᠷᠦᠭᠰᠡᠳ ᠤᠨ ᠦᠨᠳᠦᠰᠦᠲᠡᠨ ᠤ ᠥᠪᠡᠷ ᠢ ᠪᠠᠨ ᠬᠦᠨᠳᠦᠳᠬᠡᠬᠦ ᠰᠡᠳᠬᠢᠯᠭᠡ᠂ ᠥᠪᠡᠷ ᠢ ᠪᠠᠨ ᠢᠲᠡᠭᠡᠬᠦ ᠰᠡᠳᠬᠢᠯᠭᠡ ᠪᠠ ᠣᠮᠤᠭ ᠪᠠᠭ᠋ᠠᠳᠤᠯᠲᠤ ᠰᠡᠳᠬᠢᠯᠭᠡ ᠶᠢ ᠬᠥᠭᠵᠢᠭᠡᠬᠦ ᠬᠡᠷᠡᠭᠲᠡᠢ᠃ ᠰᠤᠷᠭᠠᠭᠤᠯᠢ᠂ ᠭᠡᠷ ᠪᠦᠯᠢ ᠪᠠ ᠨᠡᠶᠢᠭᠡᠮ ᠠᠴᠠ ᠬᠠᠮᠵᠢᠯᠴᠠᠨ ᠬᠥᠮᠥᠨ ᠬᠥᠮᠥᠵᠢᠭᠦᠯᠬᠦ ᠲᠣᠭᠲᠠᠴᠠ ᠶᠢ ᠤᠯᠠᠮ ᠨᠢᠭᠡ ᠠᠯᠬᠤᠮ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠠᠰᠤᠨ ᠳᠤ ᠦᠯᠤ ᠬᠥᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠰᠠᠶᠢᠲᠤᠷ ᠬᠠᠮᠠᠭᠠᠯᠠᠵᠤ᠂ ᠨᠠᠰᠤᠨ ᠳᠤ ᠦᠯᠤ ᠬᠥᠷᠦᠭᠰᠡᠳ ᠲᠤ ᠴᠢᠭᠯᠡᠭᠦᠯᠦᠭᠰᠡᠨ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠰᠤᠷᠭᠠᠭᠤᠯᠢ ᠶᠢᠨ ᠬᠦᠷᠢᠶᠡᠨ ᠤ ᠬᠦᠴᠦᠷᠬᠡᠭᠯᠡᠯ᠂ ᠰᠤᠷᠭᠠᠭᠤᠯᠢ ᠶᠢᠨ ᠬᠦᠷᠢᠶᠡᠨ ᠤ ᠡᠵᠡᠷᠬᠡᠭᠯᠡᠯ ᠵᠡᠷᠭᠡ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠨᠠᠰᠤᠨ ᠳᠤ ᠦᠯᠤ ᠬᠥᠷᠦᠭᠰᠡᠳ ᠤᠨ ᠡᠷᠡᠭᠦᠯ ᠢᠶᠠᠷ ᠦᠰᠦᠨ ᠪᠣᠶᠢᠵᠢᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠤᠢ ᠪᠣᠯᠭᠠᠵᠤ᠂ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2