ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠲᠥᠪ ᠪᠣᠯᠣᠨ ᠬᠤᠩ ᠮᠣᠣ ᠡᠮ ᠤᠨ ᠦᠢᠯᠡᠰ ᠬᠠᠮᠲᠤ ᠪᠠᠷ ︽ᠬᠤᠨ ᠭᠠᠯᠠᠭᠤ ᠶᠢᠨ ᠠᠵᠢᠯᠯᠠᠭ᠎ᠠ︾ ᠶᠢᠨ ᠲᠥᠷᠥᠯ ᠵᠦᠢᠯ ᠢ ᠡᠬᠢᠯᠡᠭᠦᠯᠵᠦ ᠠᠵᠢᠯ ᠣᠯᠭᠤᠯᠲᠠ ᠶᠢᠨ ᠲᠠᠪᠴᠠᠩ ᠢ ᠭᠠᠷ ᠬᠤᠯᠪᠣᠨ ᠪᠠᠶᠢᠭᠤᠯᠤᠨ᠎ᠠ
ᠨᠡᠶᠢᠲᠡᠯᠡᠭᠰᠡᠨ ᠴᠠᠭ᠄
2023/4/20
    4 ᠳ᠋ᠤᠭᠡᠷ ᠰᠠᠷ᠎ᠠ ᠶᠢᠨ 18 ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠡᠮᠳᠡᠭᠴᠦᠳ ᠲᠤ ᠠᠵᠢᠯ ᠣᠯᠭᠤᠬᠤ ᠦᠢᠯᠡᠴᠢᠯᠡᠭᠡᠨ ᠤ ᠲᠥᠪ ᠪᠣᠯᠣᠨ ᠬᠤᠩ ᠮᠣᠣ ᠡᠮ ᠤᠨ ᠦᠢᠯᠡᠰ ᠤᠨ ᠬᠢᠨ ᠠᠵᠤ ᠠᠬᠤᠶᠢᠯᠠᠯ ᠬᠤᠯᠪᠤᠭᠠᠯᠠᠨ ᠬᠠᠮᠲᠤᠷᠠᠯᠴᠠᠬᠤ᠂ ᠵᠡᠮᠳᠡᠭᠴᠦᠳ ᠲᠤ ᠠᠵᠢᠯ ᠣᠯᠭᠤᠬᠤ ᠠᠵᠢᠯ ᠤᠨ ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠤᠯᠪᠣᠭᠳᠠᠯ ᠪᠦᠬᠦᠢ ᠤᠴᠢᠷ ᠶᠠᠪᠤᠳᠠᠯ ᠤᠨ ᠲᠤᠬᠠᠢ ︽ᠠᠵᠢᠯ ᠣᠯᠭᠤᠯᠲᠠ ᠪᠠᠷ ᠬᠠᠪᠰᠤᠷᠤᠨ ᠲᠡᠳᠬᠦᠵᠤ ᠦᠨᠡᠨ ᠰᠡᠳᠬᠢᠯ ᠠᠴᠠ ᠪᠠᠨ ᠬᠠᠪᠰᠤᠷᠤᠯᠴᠠᠬᠤ︾ ᠪᠠᠷ ᠭᠤᠣᠯ ᠰᠡᠳᠦᠪ ᠪᠣᠯᠭᠠᠭᠰᠠᠨ 2023 ᠣᠨ ᠤ ᠠᠵᠤ ᠠᠬᠤᠶᠢᠯᠠᠯ ᠤᠨ ᠵᠡᠮᠳᠡᠭᠴᠦᠳ ᠢ ᠳᠤᠰᠠᠯᠠᠬᠤ ᠠᠵᠢᠯᠳᠡᠨ ᠡᠯᠰᠡᠬᠦ ᠶᠠᠷᠢᠯᠴᠠᠬᠤ ᠬᠤᠷᠠᠯ ᠬᠤᠷᠠᠯᠳᠤᠭᠤᠯᠵᠤ᠂ ᠬᠥᠳᠡᠯᠮᠦᠷᠢᠯᠡᠬᠦ ᠴᠢᠳᠠᠪᠤᠷᠢ ᠲᠠᠢ ᠵᠡᠮᠳᠡᠭᠴᠦᠳ ᠪᠣᠯᠣᠨ ᠠᠵᠤ ᠠᠬᠤᠶᠢᠯᠠᠯ ᠳᠤ ᠵᠡᠮᠳᠡᠭᠴᠦᠳ ᠢ  ᠳᠤᠰᠠᠯᠠᠬᠤ ᠠᠵᠢᠯ ᠣᠯᠭᠤᠬᠤ ᠲᠠᠪᠴᠠᠩ ᠪᠠᠶᠢᠭᠤᠯᠬᠤ ᠳᠤᠬᠠᠢ ᠵᠥᠪᠳᠡᠯᠴᠡᠪᠡ᠃ ᠲᠣᠰ ᠤᠳᠠᠭᠠᠨ ᠤ ᠠᠵᠢᠯᠲᠠᠨ ᠡᠯᠰᠡᠬᠦ ᠬᠤᠷᠠᠯ ᠨᠢ ᠵᠡᠮᠳᠡᠭᠴᠦᠳ ᠤᠨ ᠳᠠᠬᠢᠨ ᠠᠵᠢᠯ ᠣᠯᠭᠤᠯᠲᠠ ᠳᠤ ᠬᠦᠴᠦᠨ ᠨᠡᠮᠡᠷᠢᠯᠡᠬᠦ ᠪᠠᠷ ᠬᠠᠷᠠᠯᠲᠠ ᠪᠣᠯᠭᠠᠭᠰᠠᠨ ︽ᠬᠤᠨ ᠭᠠᠯᠠᠭᠤ ᠶᠢᠨ ᠠᠵᠢᠯᠯᠠᠭ᠎ᠠ︾ ᠶᠢᠨ ᠲᠥᠷᠥᠯ ᠵᠦᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠵᠤ ᠪᠠᠶᠢᠨ᠎ᠠ᠃     ︽ᠬᠤᠨ ᠭᠠᠯᠠᠭᠤᠨ ᠤ ᠠᠵᠢᠯᠯᠠᠭ᠎ᠠ︾ ᠪᠣᠯ ᠬᠤᠩ ᠮᠣᠣ ᠡᠮ ᠤᠨ ᠦᠢᠯᠡᠰ ᠤᠨ ᠳᠤᠷᠠᠳᠤᠭᠰᠠᠨ ᠵᠡᠮᠳᠡᠭᠴᠦᠳ ᠢ ᠲᠤᠰᠠᠯᠠᠬᠤ ᠲᠥᠯᠥᠪᠯᠡᠭᠡ ᠪᠣᠯᠣᠨ᠎ᠠ᠂ ᠭᠤᠣᠯᠳᠠᠭᠤ ᠠᠵᠢᠯ ᠣᠯᠬᠤ ᠱᠠᠭᠠᠷᠳᠠᠯᠭ᠎ᠠ ᠲᠠᠢ ᠪᠠ ᠠᠵᠢᠯ ᠣᠯᠬᠤ ᠨᠥᠬᠦᠴᠡᠯ ᠲᠠᠢ ᠪᠣᠯᠪᠠᠴᠤ ᠠᠵᠢᠯ ᠣᠯᠣᠭᠠᠳᠤᠢ ᠵᠡᠮᠳᠡᠭ ᠬᠥᠮᠥᠰ ᠢᠶᠠᠷ ᠭᠤᠣᠯ ᠡᠲᠡᠭᠡᠳ ᠪᠣᠯᠭᠠᠵᠤ᠂ ᠵᠡᠮᠳᠡᠭᠴᠦᠳ ᠲᠤ ᠡᠷᠬᠡ ᠲᠡᠭᠰᠢ ᠪᠠᠷ ᠠᠵᠢᠯ ᠣᠯᠬᠤ ᠲᠣᠬᠢᠶᠠᠯ ᠬᠠᠩᠭᠠᠬᠤ ᠶᠢᠨ ᠬᠠᠮᠲᠤ ᠠᠵᠤ ᠠᠬᠤᠶᠢᠯᠠᠯ ᠳᠤ ᠰᠢᠯᠢᠳᠡᠭ ᠬᠥᠮᠥᠨ ᠤ ᠬᠦᠴᠦᠨ ᠤ ᠡᠬᠢ ᠪᠠᠶᠠᠯᠢᠭ ᠢ ᠬᠠᠩᠭᠠᠵᠤ᠂ ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠳᠡᠭᠡᠭᠰᠢᠯᠡᠭᠦᠯᠦᠨ᠎ᠡ᠃ ᠲᠣᠰ ᠤᠳᠠᠭᠠᠨ ᠤ ᠠᠵᠢᠯᠲᠠᠨ ᠡᠯᠰᠡᠬᠦ ᠠᠵᠢᠯ ᠤᠨ ᠪᠠᠶᠢᠷᠢ  ᠨᠢ ᠤᠲᠠᠰᠤ ᠪᠠᠷ ᠬᠡᠷᠡᠭᠯᠡᠭᠴᠢᠳ ᠲᠤ ᠦᠢᠯᠡᠴᠢᠯᠡᠬᠦ ᠲᠤᠰᠬᠠᠢ ᠲᠤᠰᠢᠶᠠᠯᠲᠠᠨ᠂ ᠲᠤᠭ᠎ᠠ ᠪᠠᠷᠢᠮᠲᠠ ᠵᠠᠳᠠᠯᠤᠭᠴᠢ᠂ ᠪᠢᠴᠢᠭ ᠮᠠᠲ᠋ᠧᠷᠢᠶᠠᠯ ᠲᠥᠰᠥᠪᠯᠡᠬᠦ᠂ ᠵᠢᠷᠤᠵᠤ ᠲᠥᠯᠥᠪᠯᠡᠬᠦ ᠵᠡᠷᠭᠡ ᠠᠵᠢᠯ ᠤᠨ ᠪᠠᠶᠢᠷᠢ ᠳᠤ ᠬᠤᠯᠪᠣᠭᠳᠠᠵᠤ᠂ ᠨᠡᠶᠢᠲᠡ 6 ᠵᠡᠮᠳᠡᠭ ᠬᠥᠮᠥᠨ ᠨᠢᠭᠡ ᠨᠢᠭᠡ ᠪᠠᠷ ᠨᠢᠭᠤᠷᠲᠠᠨ ᠰᠢᠯᠭᠠᠵᠠᠢ᠂ ᠤᠷᠢᠭᠳᠠᠭᠠᠳ ᠠᠮᠵᠢᠯᠲᠠ ᠣᠯᠣᠭᠰᠠᠳ ᠲᠤ ᠠᠳᠠᠯᠢ ᠪᠤᠰᠤ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ᠂ ᠬᠠᠨᠳᠤᠯᠭᠠᠲᠤ ᠴᠢᠨᠠᠷᠲᠠᠢ᠂ ᠣᠯᠠᠨ ᠲᠠᠰ ᠳᠠᠪᠬᠤᠷᠭ᠎ᠠ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠬᠢᠵᠦ᠂ ᠡᠭᠦᠨ ᠤ ᠤᠯᠠᠮ ᠢᠶᠠᠷ ᠠᠵᠢᠯ ᠤᠨ ᠪᠠᠶᠢᠷᠢ ᠶᠢᠨ ᠵᠣᠬᠢᠴᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2