ᠳᠥᠷᠪᠡᠳ ᠬᠤᠰᠢᠭᠤᠨ ᠤ ᠰᠢᠨ᠎ᠡ ᠪᠠᠷ ᠪᠠᠶᠢᠭᠤᠯᠤᠭᠰᠠᠨ ᠡᠳᠦᠷ ᠤᠨ ᠤᠰᠤ ᠬᠠᠩᠭᠠᠬᠤ ᠬᠡᠪᠴᠢᠶ᠎ᠡ ᠨᠢ 1 ᠲᠦᠮᠡᠨm³ ᠤᠨ ᠤᠰᠤ ᠲᠦᠭᠡᠭᠡᠬᠦ ᠦᠢᠯᠡᠳᠪᠦᠷᠢ ᠲᠤᠷᠰᠢᠨ ᠠᠵᠢᠯᠯᠠᠬᠤ ᠱᠠᠲᠤᠨ ᠳᠤ ᠣᠷᠣᠪᠠ
ᠨᠡᠶᠢᠲᠡᠯᠡᠭᠰᠡᠨ ᠴᠠᠭ᠄
2023/4/20
    ᠲᠤᠰ ᠲᠥᠷᠥᠯ ᠵᠦᠢᠯ ᠳᠤ ᠨᠡᠶᠢᠲᠡ 9840 ᠲᠦᠮᠡᠨ ᠲᠥᠭᠦᠷᠢᠭ ᠤᠨ ᠪᠡᠯᠡ ᠣᠷᠣᠭᠤᠯᠪᠡ᠃ ᠨᠢᠭᠡ ᠳᠤ᠂ ᠡᠳᠦᠷ ᠤᠨ ᠤᠰᠤ ᠬᠠᠩᠭᠠᠬᠤ ᠬᠡᠪᠴᠢᠶ᠎ᠡ ᠨᠢ 1 ᠲᠦᠮᠡᠨ m³ ᠤᠨ 1 ᠰᠠᠭᠤᠷᠢ ᠤᠰᠤᠨ ᠤ ᠦᠢᠯᠡᠳᠪᠦᠷᠢ ᠰᠢᠨ᠎ᠡ ᠪᠠᠷ ᠪᠠᠶᠢᠭᠤᠯᠵᠤ᠂ ᠡᠵᠡᠯᠡᠬᠦ ᠲᠠᠯᠠᠪᠠᠶ ᠨᠢ 12282.16 ᠲᠡᠭᠰᠢ ᠳᠥᠷᠪᠡᠯᠵᠢᠨ ᠮᠧᠲᠷ ᠪᠠᠶᠢᠵᠤ᠂ ᠣᠲᠣ ᠪᠣᠯᠲᠠᠯ᠎ᠠ᠂ ᠤᠰᠤᠨ ᠤ ᠦᠢᠯᠡᠳᠪᠦᠷᠢ ᠶᠢᠨ ᠪᠦᠲᠦᠭᠡᠨ ᠪᠠᠶᠢᠭᠤᠯᠤᠯᠲᠠ᠂ ᠡᠵᠡᠩᠨᠡᠵᠤ ᠬᠤᠷᠢᠶᠠᠬᠤ ᠰᠢᠰᠲ᠋ᠧᠮ᠂ ᠤᠰᠤᠨ ᠤ ᠡᠬᠢ ᠰᠤᠷᠪᠤᠯᠵᠢ ᠶᠢᠨ ᠬᠠᠮᠢᠶᠠᠷᠤᠯᠲᠠ ᠶᠢᠨ ᠰᠢᠰᠲ᠋ᠧᠮ᠂ ᠤᠰᠤ ᠬᠠᠳᠠᠭᠠᠯᠠᠬᠤ ᠴᠥᠭᠦᠷᠥᠮ ᠤᠨ ᠤᠰᠤ ᠬᠠᠳᠠᠭᠠᠯᠠᠬᠤ ᠠᠵᠢᠯ ᠨᠢᠭᠡᠨᠲᠡ ᠳᠠᠭᠤᠰᠴᠤ᠂ ᠤᠰᠤ ᠲᠦᠭᠡᠭᠡᠬᠦ ᠦᠢᠯᠡᠳᠪᠦᠷᠢ ᠠᠵᠢᠯᠯᠠᠭᠰᠠᠨ ᠤ ᠳᠠᠷᠠᠭ᠎ᠠ ᠤᠰᠤ ᠬᠡᠷᠡᠭᠯᠡᠬᠦ ᠣᠷᠭᠢᠯ ᠬᠤᠭᠤᠴᠠᠭᠠᠨ ᠳᠤ ᠤᠰᠤᠨ ᠤ ᠬᠡᠮᠵᠢᠶ᠎ᠡ ᠶᠢ ᠬᠠᠳᠠᠭᠠᠯᠠᠵᠤ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠣᠷᠭᠢᠯ ᠬᠤᠭᠤᠴᠠᠭᠠᠨ ᠳᠠᠬᠢ ᠬᠡᠪ ᠤᠨ ᠠᠮᠢᠳᠤᠷᠠᠯ ᠳᠤ ᠬᠡᠷᠡᠭᠯᠡᠬᠦ ᠤᠰᠤ ᠶᠢ ᠪᠠᠲᠤᠯᠠᠵᠤ᠂ ᠰᠠᠭᠤᠭᠠᠯᠢ ᠠᠷᠠᠳ ᠤᠨ ᠤᠰᠤ ᠬᠡᠷᠡᠭᠯᠡᠬᠦ ᠤᠰᠤᠨ ᠤ ᠴᠢᠨᠠᠷ ᠤᠨ ᠠᠮᠤᠷ ᠲᠦᠪᠰᠢᠨ ᠢ ᠪᠠᠲᠤᠯᠠᠭᠰᠠᠨ ᠪᠠᠶᠢᠨ᠎ᠠ᠃ ᠣᠳᠣ ᠶᠢᠨ ᠤᠰᠤᠨ ᠤ ᠦᠢᠯᠡᠳᠪᠦᠷᠢ ᠶᠢᠨ ᠰᠢᠰᠲ᠋ᠧᠮ ᠶᠠᠭ ᠲᠤᠷᠰᠢᠨ ᠠᠵᠢᠯᠯᠠᠬᠤ ᠱᠠᠲᠤᠨ ᠳᠤ ᠤᠷᠤᠪᠠ᠃ ᠬᠤᠶᠠᠷ ᠲᠤ ᠪᠠᠯᠭᠠᠰᠤ ᠲᠣᠭᠤᠷᠢᠭ ᠲᠠᠬᠢ ᠦᠢᠯᠡᠴᠢᠯᠡᠭᠡᠨ ᠤ ᠵᠢᠯ ᠬᠤᠭᠤᠴᠠᠭ᠎ᠠ ᠨᠢ 20 ᠵᠢᠯ ᠠᠴᠠ ᠬᠡᠲᠦᠷᠡᠭᠰᠡᠨ ᠤᠰᠤ ᠬᠠᠩᠭᠠᠬᠤ ᠬᠤᠭᠤᠯᠠᠢ ᠶᠢᠨ ᠲᠣᠣᠷ ᠲᠤ ᠥᠭᠡᠷᠡᠴᠢᠯᠡᠯᠲᠡ ᠬᠢᠪᠡ᠃ ᠣᠲᠣ ᠪᠣᠯᠲᠠᠯ᠎ᠠ᠂ ᠤᠰᠤ ᠬᠠᠩᠭᠠᠬᠤ ᠬᠤᠭᠤᠯᠠᠢ ᠶᠢᠨ ᠲᠣᠣᠷ ᠢ 8.2 ᠺᠢᠯᠣᠮᠧᠲᠷ ᠥᠭᠡᠷᠡᠴᠢᠯᠡᠵᠦ᠂ ᠭᠤᠭᠤᠵᠢᠭᠰᠠᠨ ᠬᠤᠬᠢᠷᠠᠯ ᠤᠨ ᠨᠣᠷᠮ᠎ᠠ 12.8% ᠪᠠᠶᠢᠭᠰᠠᠨ ᠠᠴᠠ ᠪᠠᠨ 10.2% ᠪᠣᠯᠵᠤ ᠪᠠᠭᠤᠷᠠᠪᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2