ᠴᠢ ᠹᠧᠢ ᠶᠦᠨ ᠯᠢᠶᠡᠩᠴᠧᠩ ᠰᠢᠶᠠᠨ ᠳᠤ ᠭᠦᠨᠵᠡᠭᠡᠶᠢᠷᠡᠨ ᠨᠠᠭᠤᠷ ᠲᠣᠭᠤᠷᠢᠨ ᠪᠠᠶᠢᠴᠠᠭᠠᠬᠤ ᠠᠵᠢᠯ  ᠥᠷᠨᠢᠭᠦᠯᠦᠭᠰᠡᠨ ᠪᠥᠭᠡᠳ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠢᠨᠵᠧᠨᠧᠷᠢᠩ ᠤᠨ ᠠᠵᠢᠯᠯᠠᠭᠠᠨ ᠪᠠ ᠠᠵᠤ ᠠᠬᠤᠶᠢᠯᠠᠯ ᠤᠨ ᠦᠢᠯᠡᠳᠪᠦᠷᠢᠯᠡᠯ  ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/21
  4 ᠰᠠᠷ᠎ᠠ ᠶᠢᠨ 13 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ  ᠴᠢ ᠹᠧᠢ ᠶᠦᠨ ᠯᠢᠶᠡᠩᠴᠧᠩ ᠰᠢᠶᠠᠨ ᠳᠤ ᠭᠦᠨᠵᠡᠭᠡᠶᠢᠷᠡᠨ ᠨᠠᠭᠤᠷ ᠲᠣᠭᠤᠷᠢᠨ ᠪᠠᠶᠢᠴᠠᠭᠠᠬᠤ ᠠᠵᠢᠯ ᠥᠷᠨᠢᠭᠦᠯᠦᠭᠰᠡᠨ ᠪᠥᠭᠡᠳ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠵᠤ ᠤᠰᠤ ᠨᠥᠬᠦᠪᠦᠷᠢᠯᠡᠬᠦ ᠢᠨᠵᠧᠨᠧᠷᠢᠩ ᠤᠨ ᠠᠵᠢᠯᠯᠠᠭᠠᠨ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠳᠤ  ᠪᠠᠶᠢᠴᠠᠭᠠᠨ ᠰᠤᠳᠤᠯᠤᠯᠲᠠ ᠬᠢᠪᠡ᠃       ᠴᠢ ᠹᠧᠢ ᠶᠦᠨ ᠳᠠᠭ᠎ᠠ ᠶᠢᠨ ᠨᠠᠭᠤᠷ ᠤᠨ ᠠᠮᠢ ᠠᠬᠤᠢ ᠶᠢᠨ ᠪᠠᠴᠢᠮ ᠪᠠᠶᠢᠳᠠᠯ ᠢ ᠠᠷᠭᠠᠴᠠᠬᠤ ᠤᠰᠤ ᠨᠥᠬᠦᠪᠦᠷᠢᠯᠡᠬᠦ ᠢᠨᠵᠧᠨᠧᠷᠢᠩ ᠤᠨ ᠤᠰᠤ ᠭᠠᠷᠬᠤ ᠠᠮᠠᠰᠠᠷ᠂ ᠭᠦᠩ ᠪᠠ ᠾᠧ ᠭᠤᠣᠯ ᠢ ᠬᠠᠰᠢᠵᠤ ᠴᠡᠪᠡᠷᠰᠢᠭᠦᠯᠬᠦ ᠢᠨᠵᠧᠨᠧᠷᠢᠩ ᠤᠨ ᠲᠤᠬᠠᠢ ᠶᠢᠨ ᠲᠠᠯᠠᠪᠠᠢ ᠳᠤ ᠬᠦᠷᠴᠦ᠂ ᠢᠨᠵᠧᠨᠧᠷᠢᠩ ᠤᠨ ᠤᠰᠤ ᠨᠡᠪᠲᠡᠷᠡᠭᠰᠡᠨ ᠪᠠ ᠠᠵᠢᠯᠯᠠᠭᠠᠨ ᠤ  ᠬᠠᠮᠠᠭᠠᠯᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠭᠦᠩ ᠪᠠ ᠾᠧ ᠭᠤᠣᠯ ᠢ ᠲᠣᠭᠤᠷᠢᠨ  ᠪᠠᠶᠢᠴᠠᠭᠠᠵᠠᠢ᠃ ᠲᠡᠷᠡ᠂ ᠰᠢᠨᠵᠢᠯᠡᠬᠦ ᠤᠬᠠᠭᠠᠨᠴᠢ ᠪᠠᠷ ᠲᠥᠰᠥᠯ ᠢᠶᠠᠨ ᠲᠥᠯᠥᠪᠯᠡᠵᠦ᠂ ᠠᠷᠭ᠎ᠠ ᠬᠡᠮᠵᠢᠶ᠎ᠡ ᠪᠠᠨ ᠦᠷᠭᠦᠯᠵᠢᠯᠡᠨ ᠰᠢᠯᠢᠳᠡᠭᠵᠢᠭᠦᠯᠵᠦ᠂ ᠤᠰᠤᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠤᠰᠤᠨ ᠤ ᠬᠡᠮᠵᠢᠶ᠎ᠡ ᠶᠢ ᠨᠡᠮᠡᠭᠳᠡᠭᠦᠯᠬᠦ ᠪᠠ ᠤᠰᠤᠨ ᠤ ᠴᠢᠨᠠᠷ ᠢ ᠳᠡᠭᠡᠭᠰᠢᠯᠡᠭᠦᠯᠬᠦ ᠪᠠᠷ ᠬᠦᠴᠦᠯᠡᠵᠦ᠂ ᠳᠠᠭ᠎ᠠ ᠶᠢᠨ ᠨᠠᠭᠤᠷ ᠤᠨ ᠤᠰᠤᠨ ᠤ ᠠᠮᠢ ᠠᠬᠤᠢ ᠶᠢ ᠲᠠᠰᠤᠷᠠᠯᠳᠡ ᠦᠭᠡᠢ  ᠰᠠᠶᠢᠵᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃       ᠬᠤᠩ ᠮᠣᠣ ᠡᠮ ᠤᠨ ᠦᠢᠯᠡᠰ ᠤᠨ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠦᠢᠯᠡᠳᠪᠦᠷᠢᠯᠡᠯ ᠤᠨ ᠳᠠᠰᠤᠭ ᠲᠤ ᠭᠦᠨᠵᠡᠭᠡᠶᠢᠷᠡᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ᠂ ᠵᠠᠬ᠎ᠠ ᠳᠡᠯᠭᠡᠭᠦᠷ ᠤᠨ ᠪᠣᠷᠤᠯᠠᠭᠤᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠠᠵᠤ ᠠᠬᠤᠶᠢᠯᠠᠯ ᠢ ᠬᠠᠷᠢᠭᠤᠴᠠᠯᠭ᠎ᠠ ᠶᠢᠨ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠤ᠂ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂  ᠦᠢᠯᠡᠳᠬᠦᠨ ᠤ ᠶᠠᠰᠤ ᠴᠢᠨᠠᠷ ᠤᠨ ᠪᠣᠭᠤᠮᠲᠠ ᠶᠢ ᠰᠠᠶᠢᠲᠤᠷ ᠰᠠᠬᠢᠵᠤ᠂ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠯᠢᠶᠡᠩᠴᠧᠩ ᠰᠢᠶᠠᠨ ᠪᠣᠯᠣᠨ ᠬᠤᠳᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠢ ᠬᠠᠪᠰᠤᠷᠤᠨ ᠪᠣᠭᠤᠮᠢ ᠶᠢ ᠡᠪᠳᠡᠬᠦ᠂ ᠬᠦᠴᠢᠷ ᠠᠰᠠᠭᠤᠳᠠᠯ ᠢ ᠰᠢᠢᠳᠪᠦᠷᠢᠯᠡᠬᠦ᠂ ᠦᠢᠯᠡᠳᠪᠦᠷᠢᠯᠡᠯ ᠤᠨ ᠴᠢᠳᠠᠪᠤᠷᠢ ᠶᠢ ᠥᠷᠭᠡᠳᠬᠡᠬᠦ᠂ ᠵᠠᠬ᠎ᠠ ᠳᠡᠯᠭᠡᠭᠦᠷ ᠢ ᠥᠷᠭᠡᠳᠬᠡᠬᠦ᠂ ᠢᠲᠡᠭᠡᠯ ᠢ ᠨᠡᠮᠡᠭᠳᠡᠭᠦᠯᠬᠦ᠂ ᠬᠥᠳᠡᠯᠭᠡᠬᠦ ᠬᠦᠴᠦᠨ ᠢ ᠨᠡᠮᠡᠭᠳᠡᠭᠦᠯᠬᠦ᠂ ᠠᠵᠤ ᠠᠬᠤᠶᠢᠯᠠᠯ ᠤᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠴᠢᠨᠠᠭᠰᠢᠳᠠ ᠬᠥᠭᠵᠢᠭᠡᠬᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠤᠨᠢᠨ ᠳᠡᠭᠡᠷ᠎ᠡ ᠨᠢ ᠥᠷᠨᠢᠭᠦᠯᠵᠦ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠰᠢᠨ᠎ᠡ ᠬᠥᠳᠡᠯᠭᠡᠬᠦ  ᠬᠦᠴᠦᠨ ᠨᠡᠮᠡᠷᠢᠯᠡᠬᠦ ᠬᠡᠷᠡᠭᠲᠡᠢ ᠭᠡᠵᠦ ᠵᠠᠬᠢᠪᠠ᠃                                                                                  ᠣᠷᠴᠢᠭᠤᠯᠤᠭᠴᠢ᠄ ᠭᠤᠸ᠎ᠠ                              ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2