ᠹᠧᠩᠵᠧᠨ ᠬᠤᠲᠠ 1—3 ᠰᠠᠷ᠎ᠠ ᠳᠤ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ 9434.04 ᠲᠦᠮᠡᠨ ᠲᠥᠭᠦᠷᠢᠭ ᠤᠨ ᠡᠳ᠋ ᠤᠨ ᠵᠠᠰᠠᠭ ᠤᠨ ᠨᠥᠬᠦᠪᠦᠷᠢ ᠮᠥᠩᠭᠦ ᠲᠠᠷᠬᠠᠭᠠᠪᠠ
ᠨᠡᠶᠢᠲᠡᠯᠡᠭᠰᠡᠨ ᠴᠠᠭ᠄
2023/4/21
  1—3 ᠰᠠᠷ᠎ᠠ ᠳᠤ᠂ ᠹᠧᠩᠵᠧᠨ ᠬᠤᠲᠠ ︽ᠪᠦᠷᠢᠨ ᠴᠢᠳᠠᠮᠵᠢᠳᠦ ᠺᠠᠷᠲ︾ ᠢᠶᠠᠷ ᠳᠠᠮᠵᠢᠭᠤᠯᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠨᠡᠶᠢᠲᠡ 9434.04 ᠲᠦᠮᠡᠨ ᠲᠥᠭᠦᠷᠢᠭ ᠲᠠᠷᠬᠠᠭᠠᠵᠤ᠂ ᠨᠥᠬᠦᠪᠦᠷᠢ ᠪᠡᠯᠡ ᠮᠥᠩᠭᠦ ᠨᠢ 7 ᠬᠦᠷᠢᠶᠡᠨ ᠤ 25 ᠲᠥᠷᠥᠯ ᠤᠨ 29 ᠵᠦᠢᠯ ᠳᠤ ᠬᠤᠯᠪᠣᠭᠳᠠᠵᠤ᠂ ᠬᠤᠲᠠ ᠬᠥᠳᠡᠭᠡ ᠶᠢᠨ 36.7807 ᠲᠦᠮᠡᠨ ᠬᠥᠮᠥᠨ ︵ᠤᠳᠠᠭ᠎ᠠ︶ ᠳᠤ ᠠᠰᠢᠭ ᠬᠦᠷᠲᠡᠭᠡᠪᠡ᠃ ᠡᠭᠦᠨ ᠳᠤ᠄ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 17.34 ᠲᠦᠮᠡᠨ ᠲᠥᠭᠦᠷᠢᠭ᠂ ᠲᠠᠷᠢᠶᠠᠯᠠᠩ ᠤᠨ ᠲᠥᠷᠥᠯ ᠤᠨ ᠨᠥᠬᠦᠪᠦᠷᠢ ᠪᠡᠯᠡ ᠮᠥᠩᠭᠦ 231.88 ᠲᠦᠮᠡᠨ ᠲᠥᠭᠦᠷᠢᠭ᠂ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠪᠡᠯᠡ ᠮᠥᠩᠭᠦ 8768.01 ᠲᠦᠮᠡᠨ ᠲᠥᠭᠦᠷᠢᠭ᠂ ᠣᠶ ᠰᠢᠭᠤᠢ ᠶᠢᠨ ᠲᠥᠷᠥᠯ ᠤᠨ ᠨᠥᠬᠦᠪᠦᠷᠢ 17.21 ᠲᠦᠮᠡᠨ ᠲᠥᠭᠦᠷᠢᠭ᠂ ᠴᠠᠯᠢᠩ ᠤᠨ ᠨᠥᠬᠦᠪᠦᠷᠢ ᠶᠢᠨ ᠲᠥᠷᠥᠯ 392.24 ᠲᠦᠮᠡᠨ ᠲᠥᠭᠦᠷᠢᠭ᠂ ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢᠨ ᠲᠥᠷᠥᠯ 0.16 ᠲᠦᠮᠡᠨ ᠲᠥᠭᠦᠷᠢᠭ᠂ ᠰᠤᠷᠭᠠᠨ ᠬᠥᠮᠦᠵᠢᠯ ᠤᠨ ᠲᠥᠷᠥᠯ 7.2 ᠲᠦᠮᠡᠨ ᠲᠥᠭᠦᠷᠢᠭ ᠲᠠᠷᠬᠠᠭᠠᠪᠡ᠃                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2