ᠯᠢᠶᠡᠩᠴᠧᠩ ᠰᠢᠶᠠᠨ ᠤ ᠬᠢᠨ ᠣᠷᠭᠠᠨᠢᠭ ᠪᠣᠷᠳᠣᠭᠤᠷ ᠲᠠᠷᠬᠠᠭᠠᠵᠤ ︽ᠪᠣᠬᠢᠷᠲᠤᠯ ᠦᠭᠡᠢ ᠬᠠᠪᠤᠷ ᠤᠨ ᠲᠠᠷᠢᠶᠠᠯᠠᠭ᠎ᠠ︾ ᠶᠢ ᠠᠬᠢᠭᠤᠯᠵᠤ ᠪᠣᠶ
ᠨᠡᠶᠢᠲᠡᠯᠡᠭᠰᠡᠨ ᠴᠠᠭ᠄
2023/4/23
    ᠬᠥᠷᠥᠰᠥ ᠰᠢᠷᠣᠢ ᠶᠢᠨ ᠬᠦᠴᠢᠯᠵᠢᠬᠦ ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠵᠤ᠂ ᠭᠠᠵᠠᠷ ᠤᠨ ᠰᠢᠮ᠎ᠡ ᠶᠢ ᠳᠡᠭᠡᠭᠰᠢᠯᠡᠭᠦᠯᠦᠨ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠲᠠᠷᠢᠶᠠᠨ ᠭᠠᠵᠠᠷ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠯᠢᠶᠠᠩᠴᠧᠩ ᠰᠢᠶᠠᠨ ᠤ ᠬᠢᠨ ᠪᠦᠬᠦ ᠰᠢᠶᠠᠨ ᠤ 6 ᠰᠢᠶᠠᠩ ᠪᠠᠯᠭᠠᠰᠤ᠂ 42 ᠵᠠᠰᠠᠭ ᠵᠠᠬᠢᠷᠭᠠᠨ ᠤ ᠲᠣᠰᠬᠤᠨ ᠳᠤ ᠰᠦᠢᠳᠬᠡᠯ ᠬᠤᠷᠢᠶᠠᠬᠤ ᠦᠭᠡᠢ ᠪᠠᠷ ᠣᠷᠭᠠᠨᠢᠭ ᠪᠣᠷᠳᠣᠭᠤᠷ ᠢ ᠲᠦᠭᠡᠭᠡᠵᠦ᠂ ︽ᠪᠣᠬᠢᠷᠲᠤᠯ ᠦᠭᠡᠢ ᠬᠠᠪᠤᠷ ᠤᠨ ᠲᠠᠷᠢᠶᠠᠯᠠᠭ᠎ᠠ︾ ᠶᠢ ᠠᠬᠢᠭᠤᠯᠵᠤ᠂ ᠬᠥᠳᠡᠭᠡ ᠠᠵᠤ ᠠᠬᠤᠢ ᠶᠢᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠪᠠ᠃     ᠣᠶᠢᠷ᠎ᠠ ᠶᠢᠨ ᠵᠢᠯ ᠠᠴᠠ᠂ ᠯᠢᠶᠠᠩᠴᠧᠩ ᠰᠢᠶᠠᠨ ᠤ ᠬᠢᠨ ᠠᠮᠤ ᠪᠤᠳᠠᠭ᠎ᠠ ᠪᠣᠯᠣᠨ ᠴᠢᠬᠤᠯᠠ ᠲᠠᠷᠢᠶᠠᠯᠠᠩ ᠤᠨ ᠪᠦᠲᠦᠭᠡᠭᠳᠡᠬᠦᠨ ᠤ ᠪᠦᠲᠦᠮᠵᠢᠲᠡᠢ ᠬᠠᠩᠭᠠᠯᠭ᠎ᠠ ᠶᠢ ᠪᠠᠲᠤᠯᠠᠬᠤ᠂ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠬᠤ ᠪᠠᠷ ᠬᠠᠷᠠᠯᠲᠠ ᠪᠣᠯᠭᠠᠵᠤ᠂ ᠬᠢᠮᠢ ᠶᠢᠨ ᠪᠣᠷᠳᠣᠭᠤᠷ ᠤᠨ ᠣᠷᠤᠭᠤᠯᠤᠯᠲᠠ ᠶᠢᠨ ᠬᠡᠮᠵᠢᠶ᠎ᠡ ᠶᠢ ᠪᠠᠭᠠᠰᠬᠠᠵᠤ᠂ ᠣᠷᠭᠠᠨᠢᠭ ᠪᠣᠷᠳᠣᠭᠤᠷ ᠢ ᠬᠡᠷᠡᠭᠯᠡᠬᠦ ᠶᠢ ᠶᠡᠬᠡᠪᠡᠷ ᠳᠡᠯᠭᠡᠷᠡᠭᠦᠯᠵᠦ᠂ ᠲᠠᠷᠢᠶᠠᠯᠠᠩ ᠤᠨ ᠠᠮᠢ ᠠᠬᠤᠢ ᠶᠢ ᠶᠡᠷᠦᠩᠬᠡᠶᠢᠯᠡᠨ ᠵᠠᠰᠠᠬᠤ ᠶᠢ ᠬᠡᠷᠡᠭᠵᠢᠭᠦᠯᠵᠦ᠂ ᠣᠷᠭᠠᠨᠢᠭ ᠬᠠᠭᠤᠷᠠᠢ ᠶᠢᠨ ᠲᠠᠷᠢᠶᠠᠯᠠᠩ ᠢ ᠬᠥᠭᠵᠢᠭᠦᠯᠵᠦ᠂ ᠪᠣᠬᠢᠷᠲᠤᠯ ᠦᠭᠡᠢ ᠲᠠᠷᠢᠮᠠᠯ ᠢ ᠵᠣᠬᠢᠴᠠᠩᠭᠤᠢ ᠪᠠᠷ ᠠᠬᠢᠭᠤᠯᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠢ ᠪᠠᠷ ᠲᠦᠯᠬᠢᠨ ᠠᠬᠢᠭᠤᠯᠪᠡ᠃    ᠣᠶᠢᠯᠠᠭᠠᠭᠰᠠᠨ ᠢᠶᠠᠷ᠂ ᠡᠨᠡ ᠵᠢᠯ ᠯᠢᠶᠡᠩᠴᠧᠩ ᠰᠢᠶᠠᠨ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠲᠥᠷᠥᠯ ᠵᠦᠢᠯ ᠢ ᠦᠷᠭᠦᠯᠵᠢᠯᠡᠨ ᠬᠡᠷᠡᠭᠵᠢᠭᠦᠯᠵᠦ᠂ 3 ᠲᠦᠮᠡᠨ ᠲᠣᠨ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠪᠠᠷ ᠲᠥᠯᠥᠪᠯᠡᠵᠦ ᠪᠣᠶ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠳᠡᠮᠵᠢᠨ᠂ 4 ᠰᠠᠷ᠎ᠠ ᠶᠢᠨ 13 ᠤ ᠡᠳᠦᠷ ᠠᠴᠠ ᠡᠬᠢᠯᠡᠨ ᠪᠣᠷᠳᠣᠭᠤᠷ ᠬᠠᠩᠭᠠᠵᠤ᠂ ᠣᠲᠣ ᠨᠢᠭᠡᠨᠲᠡ 5000 ᠭᠠᠷᠤᠢ ᠲᠣᠨ ᠪᠣᠷᠳᠣᠭᠤᠷ ᠬᠠᠩᠭᠠᠵᠤ᠂ ᠰᠠᠷ᠎ᠠ ᠶᠢᠨ ᠰᠡᠭᠦᠯᠴᠢ ᠠᠴᠠ ᠡᠮᠦᠨ᠎ᠡ ᠪᠦᠬᠦᠨ ᠢ ᠬᠠᠩᠭᠠᠵᠤ ᠳᠠᠭᠤᠰᠬᠠᠬᠤ ᠪᠠᠷ ᠲᠥᠯᠥᠪᠯᠡᠵᠦ ᠪᠣᠶ᠃ ᠡᠨᠡᠬᠦ ᠲᠦᠷᠦᠯ ᠵᠦᠢᠯ ᠢ ᠬᠡᠷᠡᠭᠵᠢᠭᠦᠯᠬᠦ ᠪᠠᠷ ᠲᠠᠮᠵᠢᠨ᠂ ᠮᠠᠷᠢᠶ᠎ᠠ ᠰᠢᠭᠤᠷᠠᠭᠤᠯᠵᠤ ᠠᠮᠤ ᠪᠤᠳᠠᠭ᠎ᠠ ᠶᠢ ᠨᠡᠮᠡᠭᠳᠡᠭᠦᠯᠬᠦ᠂ ᠭᠠᠵᠠᠷ ᠤᠨ ᠥᠩ ᠰᠢᠮ᠎ᠡ ᠶᠢ ᠨᠡᠮᠡᠭᠳᠡᠭᠦᠯᠬᠦ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠭᠠᠰᠬᠠᠬᠤ᠂ ᠳᠠᠭ᠎ᠠ ᠶᠢᠨ ᠨᠠᠭᠤᠷ ᠢ ᠬᠠᠮᠠᠭᠠᠯᠠᠬᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠵᠣᠷᠢᠯᠭ᠎ᠠ ᠳᠤ ᠬᠦᠷᠦᠭᠰᠡᠨ ᠪᠠᠶᠢᠨ᠎ᠠ᠃                                        ᠤᠷᠴᠢᠭᠤᠯᠤᠭᠴᠢ᠄ ᠬᠦᠰᠡᠯ                                        ᠬᠢᠨᠠᠭᠴᠢ᠄ ᠡᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2