ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2023/4/24
   4 ᠰᠠᠷ᠎ᠠ ᠶᠢᠨ 20 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ 2023 ᠣᠨ ᠤ ᠨᠢᠭᠡᠳᠦᠭᠡᠷ ᠤᠯᠠᠷᠢᠯ ᠤᠨ ᠠᠵᠤ ᠠᠬᠤᠢ ᠶᠢᠨ ᠪᠠᠶᠢᠳᠠᠯ ᠢ ᠵᠠᠳᠠᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠨᠢᠭᠡᠳᠦᠭᠡᠷ ᠤᠯᠠᠷᠢᠯ ᠤᠨ ᠭᠤᠣᠯ ᠪᠣᠯᠬᠤ ᠠᠵᠤ ᠠᠬᠤᠢ ᠶᠢᠨ ᠭᠦᠢᠴᠡᠳᠬᠡᠯ ᠲᠤᠭ᠎ᠠ ᠶᠢ ᠪᠡᠶᠡᠯᠡᠭᠦᠯᠦᠭᠰᠡᠨ ᠪᠠᠶᠢᠳᠠᠯ ᠢ ᠲᠣᠬᠢᠷᠠᠭᠤᠯᠵᠤ᠂ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠪᠠ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠠᠬᠢᠭᠤᠯᠤᠭᠰᠠᠨ ᠪᠠᠶᠢᠳᠠᠯ ᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠠᠵᠤ ᠠᠬᠤᠢ ᠶᠢᠨ ᠠᠵᠢᠯᠯᠠᠭᠠᠨ ᠢ ᠰᠠᠶᠢᠲᠤᠷ ᠠᠳᠬᠤᠬᠤ ᠶᠢ ᠦᠷᠭᠦᠯᠵᠢᠯᠡᠨ ᠴᠢᠬᠤᠯᠠ ᠪᠠᠶᠢᠷᠢᠨ ᠳᠤ ᠲᠠᠯᠪᠢᠵᠤ᠂ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠳᠤᠲᠠᠭᠤᠳᠠᠯ ᠢ ᠨᠥᠬᠦᠪᠦᠷᠢᠯᠡᠵᠦ ᠳᠠᠯᠳᠠ ᠬᠦᠴᠦᠨ ᠢ ᠠᠭᠤᠳᠠᠯᠵᠤ᠂ ᠭᠦᠢᠴᠡᠵᠦ ᠳᠠᠪᠠᠵᠤ ᠭᠠᠷᠬᠤ ᠪᠠᠷ ᠬᠦᠴᠦᠯᠡᠵᠦ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠡᠷᠡᠰ ᠰᠠᠶᠢᠲᠤᠷ ᠪᠡᠶᠡᠯᠡᠭᠦᠯᠬᠦ ᠬᠡᠷᠡᠭᠲᠡᠢ᠃ ᠲᠦᠷᠦᠯ ᠵᠦᠢᠯ ᠤᠨ ᠭᠠᠷᠳᠠᠮ ᠢ ᠭᠦᠢᠴᠡᠳᠬᠡᠬᠦ ᠪᠠ ᠪᠦᠲᠦᠭᠡᠨ ᠪᠠᠶᠢᠭᠤᠯᠬᠤ ᠠᠬᠢᠴᠠ ᠶᠢ ᠲᠦᠷᠭᠡᠳᠬᠡᠵᠦ ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠴᠢᠩᠭᠠᠳᠬᠠᠵᠤ᠂ ᠪᠣᠳᠠᠲᠠᠢ ᠳᠤ ᠨᠠᠶᠢᠳᠠᠪᠤᠷᠢᠵᠢᠭᠤᠯᠬᠤ ᠲᠦᠷᠦᠯ ᠵᠦᠢᠯ ᠤᠨ ᠲᠦᠷᠭᠡᠨ ᠠᠵᠢᠯ ᠡᠬᠢᠯᠡᠭᠦᠯᠬᠦ᠂ ᠲᠦᠷᠭᠡᠨ ᠪᠦᠲᠦᠭᠡᠨ ᠪᠠᠶᠢᠭᠤᠯᠬᠤ᠂ ᠲᠦᠷᠭᠡᠨ ᠠᠰᠢᠭᠯᠠᠯᠲᠠ ᠳᠤ ᠣᠷᠣᠭᠤᠯᠬᠤ ᠶᠢ ᠬᠦᠴᠦᠯᠡᠨ ᠠᠬᠢᠭᠤᠯᠵᠤ᠂ ᠲᠦᠷᠦᠯ ᠵᠦᠢᠯ ᠤᠨ ︽ᠤᠷᠤᠭᠰᠢᠯᠠᠯᠲᠠ︾ ᠪᠠᠷ ᠬᠥᠭᠵᠢᠯᠲᠡ ᠶᠢᠨ ᠲᠣᠭᠲᠠᠭᠤᠨ ᠢ ᠲᠤᠯᠭᠠᠭᠤᠷᠢᠯᠠᠬᠤ ᠬᠡᠷᠡᠭᠲᠡᠢ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠶᠢ ᠢᠮᠠᠭᠲᠠ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠵᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠬᠡᠯᠬᠢᠶᠡᠵᠢᠭᠰᠡᠨ ᠬᠡᠯᠪᠡᠷᠢ ᠪᠠᠷ ᠠᠷᠠᠯᠵᠢᠶᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠨᠠᠩ ᠣᠯᠠᠨ ᠰᠠᠶᠢᠨ ᠠᠵᠤ ᠠᠬᠤᠶᠢᠯᠠᠯ᠂ ᠰᠠᠶᠢᠨ ᠲᠥᠷᠥᠯ ᠵᠦᠢᠯ ᠢ ᠤᠯᠠᠭᠠᠨᠴᠠᠪ ᠲᠤ ᠲᠠᠰᠤᠷᠠᠯᠲᠠ ᠦᠭᠡᠢ ᠨᠤᠲᠤᠭᠰᠢᠭᠤᠯᠬᠤ ᠬᠡᠷᠡᠭᠲᠡᠢ ᠭᠡᠵᠦ ᠴᠢᠩᠭᠠᠳᠬᠠᠪᠠ᠃    ᠬᠤᠷᠠᠯ ᠠᠴᠠ᠂ ᠠᠵᠤ ᠦᠢᠯᠡᠰ ᠤᠨ ᠬᠥᠭᠵᠢᠯᠲᠡ ᠭᠡᠬᠦ ᠡᠨᠡᠬᠦ ︽ᠬᠠᠲᠠᠭᠤ ᠲᠤᠯᠭᠠᠭᠤᠷᠢᠯᠠᠯ︾ ᠢ ᠪᠠᠲᠤ ᠴᠢᠩᠭ᠎ᠠ ᠠᠳᠬᠤᠵᠤ᠂ ᠳᠤᠲᠠᠭᠤᠳᠠᠯ ᠢ ᠨᠥᠬᠦᠪᠦᠷᠢᠯᠡᠵᠦ᠂ ᠳᠠᠪᠠᠭᠤᠯᠢᠭ ᠢᠶᠠᠨ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠳᠠᠰᠤᠷᠠᠯᠳᠠ ᠦᠭᠡᠢ ᠤᠷᠲᠤᠳᠬᠠᠵᠤ᠂ ᠦᠷᠳᠡᠭ ᠤᠨ ᠬᠡᠯᠬᠢᠶ᠎ᠡ ᠶᠢ ᠳᠡᠭᠡᠭᠰᠢᠯᠡᠭᠦᠯᠵᠦ᠂ ᠬᠠᠩᠭᠠᠯᠭ᠎ᠠ ᠶᠢᠨ ᠬᠡᠯᠬᠢᠶ᠎ᠡ ᠶᠢ ᠡᠭᠦᠳᠴᠦ᠂ ᠠᠵᠤ ᠦᠢᠯᠡᠰ ᠤᠨ ᠪᠦᠯᠦᠭᠵᠢᠯ ᠤᠨ ᠬᠥᠭᠵᠢᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ ᠠᠴᠠ ᠲᠣᠭᠲᠠᠭᠠᠭᠰᠠᠨ 43 ᠵᠦᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠯᠠᠪᠳᠠᠭᠤᠨ ᠪᠠᠲᠤᠲᠠᠢ ᠠᠬᠢᠭᠤᠯᠵᠤ᠂ ᠤᠯᠠᠭᠠᠨᠴᠠᠪ ᠬᠤᠳᠠ ᠶᠢᠨ ︽ᠲᠠᠪᠤᠨ ᠪᠠᠶᠢᠷᠢ︾ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ 2.0 ᠢ ᠶᠡᠬᠡᠪᠡᠷ ᠬᠡᠷᠡᠭᠵᠢᠭᠦᠯᠵᠦ᠂ ᠠᠷᠠᠳ ᠤᠨ ᠠᠮᠢᠳᠤᠷᠠᠯ ᠢ ᠪᠠᠲᠤᠯᠠᠬᠤ ᠪᠠ ᠰᠠᠶᠢᠵᠢᠷᠠᠭᠤᠯᠬᠤ ᠶᠢ ᠴᠥᠬᠦᠷᠡᠰᠢ ᠦᠭᠡᠢ ᠪᠠᠷᠢᠮᠲᠠᠯᠠᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ᠠᠶᠤᠯ ᠲᠦᠭᠰᠢᠭᠦᠷᠢ ᠶᠢᠨ ᠭᠡᠮ ᠰᠣᠭᠤᠭ ᠢ ᠢᠳᠡᠪᠬᠢᠲᠡᠢ ᠰᠡᠷᠭᠡᠶᠢᠯᠡᠨ ᠠᠷᠢᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠠᠮᠤᠷ ᠲᠦᠪᠰᠢᠨ ᠤ ᠰᠠᠭᠤᠷᠢ ᠶᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃                                                       ᠣᠷᠴᠢᠭᠤᠯᠤᠭᠴᠢ᠄ ᠭᠤᠸ᠎ᠠ                                                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2