ᠱᠠᠩᠳᠤ ᠰᠢᠶᠠᠨ ᠤᠰᠤᠨ ᠤ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠵᠦ ᠤᠰᠤᠨ ᠤ ᠣᠷᠴᠢᠨ ᠲᠣᠭᠤᠷᠢᠨ ᠢ ᠰᠠᠶᠢᠵᠢᠷᠠᠭᠤᠯᠪᠠ
ᠨᠡᠶᠢᠲᠡᠯᠡᠭᠰᠡᠨ ᠴᠠᠭ᠄
2023/4/24
    ᠨᠢᠭᠡ ᠳᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠥᠬᠦ ᠬᠦᠴᠦᠨ ᠢᠶᠠᠷ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ᠂ ᠲᠣᠭᠲᠠᠭᠰᠠᠨ ᠨᠤᠷᠮ᠎ᠠ ᠪᠠᠷ ᠬᠠᠮᠢᠶᠠᠷᠬᠤ᠂ ᠤᠰᠤᠨ ᠤ ᠡᠷᠬᠡ ᠶᠢ ᠬᠢᠵᠠᠭᠠᠷᠯᠠᠬᠤ᠂ ᠱᠠᠩᠨᠠᠬᠤ ᠶᠢ ᠠᠷᠪᠢᠯᠠᠨ ᠲᠣᠷᠭᠠᠬᠤ ᠠᠴᠠ ᠬᠡᠲᠦᠷᠡᠭᠦᠯᠬᠦ᠂ ᠵᠦᠢ ᠵᠣᠬᠢᠰᠲᠠᠢ ᠪᠠᠷ ᠡᠭᠦᠷᠭᠡᠯᠡᠬᠦ ᠵᠠᠷᠴᠢᠮ ᠤᠨ ᠶᠣᠰᠣᠭᠠᠷ᠂ ᠲᠣᠭᠲᠠᠭᠰᠠᠨ ᠨᠤᠷᠮ᠎ᠠ ᠠᠴᠠ ᠬᠡᠲᠦᠷᠡᠭᠦᠯᠦᠭᠰᠡᠨ ᠢ ᠠᠬᠢᠭᠤᠯᠤᠨ ᠪᠤᠳᠤᠵᠤ ᠦᠨ᠎ᠡ ᠨᠡᠮᠡᠬᠦ ᠳᠦᠷᠢᠮ ᠢ ᠬᠡᠷᠡᠭᠵᠢᠭᠦᠯᠵᠦ᠂ ᠤᠰᠤᠨ ᠤ ᠡᠷᠬᠡ ᠶᠢ ᠰᠢᠶᠠᠩ ᠭᠠᠴᠠᠭ᠎ᠠ ᠡᠷᠦᠬᠡ ᠳᠤ ᠬᠦᠷᠲᠡᠯ᠎ᠡ ᠬᠤᠪᠢᠶᠠᠷᠢᠯᠠᠪᠡ᠃ ︽ᠨᠢᠭᠡ ᠬᠤᠳᠳᠤᠭ ᠨᠢᠭᠡ ᠬᠦᠰᠦᠨᠦᠭᠲᠦ︾᠂ ︽ᠨᠢᠭᠡ ᠡᠷᠦᠬᠡ ᠳᠤ ᠨᠢᠭᠡ ᠺᠠᠷᠲ︾ ᠤᠨ ᠬᠠᠮᠢᠶᠠᠷᠤᠯᠲᠠ ᠶᠢᠨ ᠵᠠᠭᠪᠤᠷ ᠢ ᠬᠡᠷᠡᠭᠵᠢᠭᠦᠯᠵᠦ᠂ 2020 ︱ 2022 ᠣᠨ ᠤ ᠰᠡᠭᠦᠯᠴᠢ ᠪᠣᠯᠲᠠᠯ᠎ᠠ᠂ ᠨᠡᠶᠢᠳᠡ 5924 ᠢᠵᠢ ᠬᠡᠮᠵᠢᠯᠲᠡ ᠶᠢᠨ ᠲᠥᠬᠦᠭᠡᠷᠦᠮᠵᠢ ᠶᠢ ᠤᠭᠰᠠᠷᠠᠵᠤ᠂ ᠡᠨᠡ ᠵᠢᠯ ᠤᠨ 3 ︱ 4 ᠰᠠᠷ᠎ᠠ ᠳᠤ᠂ ᠪᠦᠬᠦ ᠬᠡᠮᠵᠢᠯᠲᠡ ᠶᠢᠨ ᠲᠥᠬᠦᠭᠡᠷᠦᠮᠵᠢ ᠶᠢ ᠬᠢᠨᠠᠨ ᠪᠠᠶᠢᠴᠠᠭᠠᠵᠤ ᠬᠠᠮᠠᠭᠠᠯᠠᠬᠤ ᠶᠢ ᠪᠡᠶᠡᠯᠡᠭᠦᠯᠵᠦ᠂ ᠬᠠᠪᠤᠷ ᠤᠨ ᠲᠠᠷᠢᠶᠠᠯᠠᠭ᠎ᠠ ᠠᠴᠠ ᠡᠮᠦᠨᠡᠬᠢ ᠬᠡᠮᠵᠢᠯᠲᠡ ᠶᠢᠨ ᠲᠥᠬᠦᠭᠡᠷᠦᠮᠵᠢ ᠶᠢ ᠪᠦᠬᠦᠨ ᠢ ᠠᠰᠢᠭᠯᠠᠯᠲᠠ ᠳᠤ ᠣᠷᠣᠭᠤᠯᠬᠤ ᠶᠢ ᠪᠠᠲᠤᠯᠠᠪᠠ᠃     ᠬᠤᠶᠠᠷ ᠲᠤ ᠲᠠᠷᠢᠶᠠᠯᠠᠩ ᠤᠨ ᠲᠠᠷᠢᠮᠠᠯ ᠤᠨ ᠪᠦᠲᠦᠴᠡ ᠶᠢ ᠦᠷᠭᠦᠯᠵᠢᠯᠡᠨ ᠲᠣᠬᠢᠷᠠᠭᠤᠯᠪᠡ᠃ ᠤᠰᠤᠨ ᠳᠠᠷᠢᠶ᠎ᠠ ᠳᠠᠷᠢᠬᠤ ᠳᠤ ᠲᠣᠬᠢᠷᠠᠮᠵᠢᠲᠠᠢ ᠨᠢ ᠤᠰᠤᠨ ᠳᠠᠷᠢᠶ᠎ᠠ ᠳᠠᠷᠢᠵᠤ᠂ ᠬᠠᠭᠤᠷᠠᠢ ᠳᠠᠷᠢᠶ᠎ᠠ ᠳᠠᠷᠢᠬᠤ ᠳᠤ ᠲᠣᠬᠢᠷᠠᠮᠵᠢᠲᠠᠢ ᠨᠢ  ᠬᠠᠭᠤᠷᠠᠢ ᠳᠠᠷᠢᠶ᠎ᠠ ᠳᠠᠷᠢᠬᠤ ᠵᠠᠷᠴᠢᠮ ᠶᠣᠰᠣᠭᠠᠷ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠠᠷᠢᠮᠠᠯ ᠤᠨ ᠦᠵᠡᠯᠲᠡ ᠶᠢ ᠨᠢ ᠬᠤᠪᠢᠷᠠᠭᠤᠯᠵᠤ᠂ ᠤᠰᠤ ᠪᠠᠭ᠎ᠠ ᠬᠤᠷᠣᠭᠳᠠᠭᠤᠯᠬᠤ ᠭᠠᠩ ᠢ ᠳᠠᠭᠠᠭᠠᠬᠤ ᠬᠡᠯᠪᠡᠷᠢ ᠶᠢᠨ ᠲᠠᠷᠢᠮᠠᠯ ᠢ ᠲᠠᠷᠢᠬᠤ ᠪᠠᠷ ᠭᠤᠣᠯ ᠪᠣᠯᠭᠠᠵᠤ᠂ ᠭᠠᠵᠠᠷ ᠳᠣᠣᠷᠠᠬᠢ ᠤᠰᠤ ᠶᠢ ᠨᠡᠭᠡᠭᠡᠨ ᠠᠰᠢᠭᠯᠠᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠪᠠ᠃ ᠡᠭᠡᠯᠵᠢᠯᠡᠨ ᠳᠠᠷᠢᠵᠤ ᠲᠣᠩᠭᠤᠷᠤᠭᠤᠯᠬᠤ ᠶᠢ ᠬᠡᠷᠡᠭᠵᠢᠭᠦᠯᠵᠦ᠂ ᠤᠰᠤᠨ ᠭᠠᠵᠠᠷ ᠤᠨ ᠲᠥᠮᠥᠰᠥ᠂ ᠰᠢᠬᠢᠷ ᠯᠤᠤᠪᠠᠩ᠂ ᠢᠳᠡᠰᠢᠨ ᠨᠣᠭᠤᠭ᠎ᠠ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠢ ᠰᠢᠷ᠎ᠠ ᠪᠤᠷᠴᠠᠭ᠂ ᠡᠯᠳᠡᠪ ᠠᠮᠤ ᠵᠡᠷᠭᠡ ᠤᠰᠤ ᠪᠠᠭ᠎ᠠ ᠬᠤᠷᠣᠭᠳᠠᠭᠤᠯᠬᠤ ᠲᠠᠷᠢᠮᠠᠯ ᠲᠠᠢ ᠡᠭᠡᠯᠵᠢᠯᠡᠨ ᠳᠠᠷᠢᠬᠤ ᠶᠢ ᠭᠤᠣᠯᠳᠠᠯᠭ᠎ᠠ ᠲᠠᠢ ᠬᠡᠷᠡᠭᠵᠢᠭᠦᠯᠵᠦ᠂ ᠲᠠᠷᠢᠶᠠᠯᠠᠩ ᠤᠨ ᠪᠣᠬᠢᠷᠲᠤᠯ ᠦᠭᠡᠢ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠡ᠃ ᠡᠭᠦᠨ ᠤ ᠵᠡᠷᠭᠡᠴᠡᠭᠡᠪᠡᠷ᠂ ︽ᠠᠮᠤ ᠪᠤᠳᠠᠭ᠎ᠠ ᠶᠢ ᠲᠡᠵᠢᠭᠡᠯ ᠪᠣᠷᠳᠤᠭ᠎ᠠ ᠪᠣᠯᠭᠠᠨ ᠥᠭᠡᠷᠡᠴᠢᠯᠡᠬᠦ︾ ᠠᠵᠢᠯ ᠢ ᠭᠦᠨᠵᠡᠭᠡᠢ ᠲᠦᠯᠬᠢᠨ ᠠᠬᠢᠭᠤᠯᠵᠤ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠲᠡᠵᠢᠭᠡᠬᠦ ᠶᠢᠨ ᠲᠥᠯᠥᠭᠡ ᠲᠠᠷᠢᠵᠤ᠂ ᠲᠡᠵᠢᠭᠡᠬᠦ ᠪᠠᠷ ᠲᠠᠷᠢᠮᠠᠯ ᠢ ᠲᠣᠭᠲᠠᠭᠠᠵᠤ᠂ ᠲᠠᠷᠢᠵᠦ ᠲᠡᠵᠢᠭᠡᠬᠦ ᠪᠦᠲᠦᠴᠡ ᠶᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠬᠤᠪᠢ ᠶᠢᠨ ᠵᠢᠩ ᠢ ᠲᠣᠬᠢᠷᠠᠭᠤᠯᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠪᠡ᠃ 2023 ᠣᠨ ᠳᠤ᠂ ᠠᠮᠤ ᠪᠤᠳᠠᠭ᠎ᠠ ᠲᠡᠵᠢᠭᠡᠯ ᠪᠣᠷᠳᠣᠭᠠᠨ ᠤ ᠬᠤᠣᠰ ᠬᠡᠷᠡᠭᠴᠡᠭᠡᠲᠦ ᠡᠷᠳᠡᠨᠢ ᠰᠢᠰᠢ 13.5 ᠲᠦᠮᠡᠨ ᠮᠦ᠂ ᠨᠣᠭᠤᠭᠠᠨ ᠨᠥᠭᠡᠴᠡ ᠶᠢᠨ ᠡᠷᠳᠡᠨᠢ ᠰᠢᠰᠢ 10 ᠲᠦᠮᠡᠨ ᠮᠦ᠂ ᠨᠣᠬᠠᠢ ᠶᠢᠨ ᠬᠤᠰᠢᠭᠤ 15 ᠲᠦᠮᠡᠨ ᠮᠦ᠂ ᠬᠠᠭᠤᠷᠠᠢ ᠴᠠᠷᠳᠠᠭᠤᠯ ᠶᠡᠬᠡᠲᠡᠢ ᠲᠥᠮᠥᠰᠥ 10 ᠲᠦᠮᠡᠨ ᠮᠦ᠂ ᠡᠯᠳᠡᠪ ᠠᠮᠤ ᠡᠯᠳᠡᠪ ᠪᠤᠷᠴᠠᠭ 13 ᠲᠦᠮᠡᠨ ᠮᠦ ᠳᠠᠷᠢᠵᠤ᠂ ᠢᠳᠡᠰᠢᠨ ᠨᠣᠭᠤᠭ᠎ᠠ᠂ ᠰᠢᠬᠢᠷ ᠯᠤᠤᠪᠠᠩ ᠳᠠᠷᠢᠬᠤ ᠲᠠᠯᠠᠪᠠᠶ ᠶᠢ 5 ᠲᠦᠮᠡᠨ ᠮᠦ ᠪᠠᠭᠠᠰᠬᠠᠬᠤ ᠪᠠᠷ ᠲᠥᠯᠥᠪᠵᠢᠭᠦᠯᠪᠡ᠃     ᠭᠤᠷᠪᠠ ᠳᠤ ᠪᠣᠬᠢᠷ ᠤᠰᠤ ᠶᠢ ᠵᠠᠰᠠᠬᠤ ᠠᠵᠢᠯ ᠢ ᠴᠢᠩᠭᠠᠳᠬᠠᠵᠤ᠂ ᠤᠰᠤᠨ ᠤ ᠣᠷᠴᠢᠨ ᠨᠥᠬᠦᠴᠡᠯ ᠢ ᠰᠠᠶᠢᠵᠢᠷᠠᠭᠤᠯᠪᠡ᠃ ᠡᠨᠡ ᠵᠢᠯ᠂ ᠱᠠᠩᠳᠤ ᠰᠢᠶᠠᠨ ᠤ ᠴᠠᠩ ᠱᠧᠩ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠰᠠᠨ ᠳ᠋ᠠ ᠴᠢᠩ ᠠᠵᠤ ᠦᠢᠯᠡᠰ ᠤᠨ ᠬᠦᠷᠢᠶᠡᠯᠡᠩ ᠤᠨ ᠪᠣᠬᠢᠷ ᠤᠰᠤ ᠰᠢᠢᠳᠪᠦᠷᠢᠯᠡᠬᠦ ᠢᠨᠵᠧᠨᠧᠷᠢᠩ ᠢ ᠨᠢᠭᠡᠨᠲᠡ ᠰᠡᠷᠭᠦᠭᠡᠬᠦ ᠶᠢᠨ ᠬᠠᠮᠲᠤ᠂ ᠶᠡᠭᠡ ᠬᠦᠷᠢᠶ᠎ᠡ ᠰᠢᠶᠠᠩ ᠤᠨ ᠬᠤᠸᠠ ᠵᠢᠶᠠ ᠲᠣᠰᠬᠤᠨ ᠳᠤ ᠡᠳᠦᠷ ᠲᠤ 30 ᠲᠣᠨ ᠤᠰᠤ ᠴᠡᠪᠡᠷᠰᠢᠭᠦᠯᠬᠦ ᠥᠷᠲᠡᠭᠡ 1 ᠶᠢ ᠰᠢᠨ᠎ᠡ ᠪᠠᠷ ᠪᠠᠶᠢᠭᠤᠯᠵᠤ᠂ ᠡᠳᠦᠷ ᠲᠤ 25 ᠲᠣᠨ ᠪᠣᠬᠢᠷ ᠤᠰᠤ ᠰᠢᠢᠳᠪᠦᠷᠢᠯᠡᠬᠦ ᠦᠢᠯᠡᠳᠪᠦᠷᠢ 1 ᠶᠢ ᠰᠢᠨ᠎ᠡ ᠪᠠᠷ ᠪᠠᠶᠢᠭᠤᠯᠵᠤ᠂ ᠴᠡᠪᠡᠷ ᠤᠰᠤ᠂ ᠪᠣᠬᠢᠷ ᠤᠰᠤᠨ ᠤ ᠬᠤᠭᠤᠯᠠᠢ ᠶᠢᠨ ᠲᠣᠣᠷ ᠢ ᠲᠣᠰ ᠲᠣᠰ 8 ᠺᠢᠯᠣᠮᠧᠲᠷ ᠪᠠᠶᠢᠭᠤᠯᠬᠤ ᠶᠢᠨ ᠬᠠᠮᠲᠤ ᠬᠠᠮᠢᠶ᠎ᠠ ᠪᠦᠬᠦᠢ ᠳᠠᠭᠠᠯᠲᠠ ᠲᠥᠬᠦᠭᠡᠷᠦᠮᠵᠢ ᠶᠢ ᠢᠵᠢ ᠪᠦᠷᠢᠳᠦᠭᠦᠯᠦᠨ᠂ ᠤᠰᠤ ᠪᠠᠷ ᠤᠬᠢᠶᠠᠬᠤ ᠡᠷᠦᠬᠡ ᠶᠢᠨ ᠵᠣᠷᠯᠣᠩ ᠢ 159 ᠰᠢᠨ᠎ᠡ ᠪᠠᠷ ᠪᠠᠶᠢᠭᠤᠯᠵᠤ᠂ ᠣᠳᠣᠬᠠᠨ ᠳᠤ ᠨᠢᠭᠡᠨᠲᠡ ᠳᠠᠭᠠᠭᠠᠴᠢᠯᠠᠯᠲᠠ ᠵᠠᠷᠯᠠᠬᠤ ᠪᠠ ᠳᠠᠭᠠᠭᠠᠴᠢᠯᠠᠯᠲᠠ ᠬᠦᠯᠢᠶᠡᠬᠦ ᠠᠵᠢᠯ ᠢ ᠳᠠᠭᠤᠰᠬᠠᠪᠡ᠃                                           ᠤᠷᠴᠢᠭᠤᠯᠤᠭᠴᠢ᠄ ᠬᠦᠰᠡᠯ                                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2