ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/25
  4 ᠰᠠᠷ᠎ᠠ ᠶᠢᠨ 19 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠵᠦ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠭᠰᠠᠨ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠭᠰᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠤᠨ ᠪᠠᠶᠢᠳᠠᠯ ᠢ ᠪᠠᠶᠢᠴᠠᠭᠠᠨ  ᠰᠤᠳᠤᠯᠪᠠ᠃       ᠰᠦᠢ ᠸᠧᠢ ᠵᠢᠶᠦ᠋ᠨ᠂ ᠵᠠᠬ᠎ᠠ ᠳᠡᠯᠭᠡᠭᠦᠷ ᠤᠨ ᠬᠡᠷᠡᠭᠴᠡᠭᠡ ᠶᠢ ᠣᠨᠣᠪᠴᠢᠲᠠᠢ ᠡᠵᠡᠮᠳᠡᠵᠦ᠂ ᠦᠢᠯᠡᠳᠬᠦᠨ ᠤ ᠨᠡᠭᠡᠭᠡᠨ ᠬᠥᠭᠵᠢᠭᠦᠯᠦᠯᠲᠡ᠂ ᠲᠦᠷᠦᠯ ᠲᠡᠮᠳᠡᠭ ‍ᠦᠨ‌‍ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ ᠢᠳᠡᠪᠬᠢᠲᠡᠢ ᠥᠷᠭᠡᠳᠬᠡᠵᠦ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠪᠠᠷ ᠳᠡᠭᠡᠳᠦ ᠳᠣᠣᠷᠠᠳᠤ ᠤᠷᠤᠰᠬᠠᠯ ᠤᠨ ᠠᠵᠤ ᠠᠬᠤᠶᠢᠯᠠᠯ ᠤᠨ ᠴᠤᠭᠯᠠᠷᠠᠯ ᠢ ᠳᠠᠶᠢᠴᠢᠯᠠᠵᠤ᠂ ᠴᠢᠨᠠᠷ ᠰᠠᠶᠢᠲᠠᠢ ᠬᠥᠭᠵᠢᠯᠲᠡ ᠶᠢ ᠲᠤᠯᠭᠠᠭᠤᠷᠢᠯᠠᠬᠤ ᠪᠣᠬᠢᠷᠲᠤᠯ ᠦᠭᠡᠢ ᠠᠵᠤ ᠦᠢᠯᠡᠰ ᠤᠨ ᠰᠢᠰᠲ᠋ᠧᠮ ᠢ ᠲᠦᠷᠭᠡᠨ ᠪᠠᠶᠢᠭᠤᠯᠬᠤ ᠬᠡᠷᠡᠭᠲᠡᠢ᠃ ︽ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠳᠤ ᠲᠦᠰᠢᠭᠯᠡᠨ᠂ ᠨᠣᠬᠠᠢ ᠶᠢᠨ ᠬᠤᠰᠢᠭᠤ ᠶᠢᠨ ᠦᠨ᠎ᠡ ᠥᠷᠲᠡᠭ ᠢ ᠭᠦᠨᠵᠡᠭᠡᠢ ᠠᠭᠤᠳᠠᠯᠵᠤ᠂ ᠨᠢᠭᠡ ᠦᠢᠯᠡᠰ ᠢᠶᠠᠷ ᠭᠤᠣᠯ ᠪᠣᠯᠭᠠᠨ᠂ ᠤᠷᠢᠳᠠᠪᠠᠷ ᠰᠢᠪᠲᠤᠯᠤᠯᠲᠠ ᠬᠢᠵᠦ᠂ ᠶᠠᠰᠤ ᠴᠢᠨᠠᠷ ᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠪᠦᠲᠦᠭᠡᠭᠳᠡᠬᠦᠨ ᠢ ᠬᠦᠴᠦᠷᠬᠡᠭᠵᠢᠭᠦᠯᠦᠨ᠂ ᠵᠠᠬ᠎ᠠ ᠳᠡᠯᠭᠡᠭᠦᠷ ᠢ ᠪᠤᠵᠠᠭᠠᠶᠢᠷᠠᠭᠤᠯᠬᠤ ᠬᠡᠷᠡᠭᠲᠡᠢ᠃     ᠪᠦᠬᠦᠯᠢ ᠴᠣᠭᠴᠠ ᠪᠠᠷ ᠨᠢ ᠲᠥᠯᠥᠪᠵᠢᠭᠦᠯᠵᠦ᠂ ᠲᠠᠷᠢᠶᠠᠴᠢᠳ ᠤᠨ ᠡᠷᠬᠡ ᠠᠰᠢᠭ ᠢ ᠴᠢᠬᠤᠯᠠᠴᠢᠯᠠᠵᠤ᠂ ᠭᠠᠵᠠᠷ  ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠴᠢᠨᠠᠷ ᠰᠠᠶᠢᠲᠠᠢ ᠠᠬᠢᠭᠤᠯᠵᠤ᠂ ᠬᠠᠤᠯᠢ ᠠᠴᠠ ᠵᠥᠷᠢᠴᠡᠨ ᠲᠠᠷᠢᠶᠠᠨ ᠭᠠᠵᠠᠷ ᠢ ᠡᠵᠡᠯᠡᠬᠦ ᠠᠵᠢᠯᠯᠠᠭ᠎ᠠ ᠶᠢ ᠦᠷᠭᠦᠯᠵᠢᠯᠡᠨ ᠴᠡᠭᠴᠡᠯᠡᠨ ᠵᠠᠰᠠᠵᠤ᠂ ᠲᠠᠷᠢᠶᠠᠨ ᠴᠠᠭ ᠢ ᠠᠮᠵᠢᠵᠤ᠂ ᠨᠢᠭᠡᠳᠦᠯᠲᠡᠢ ᠲᠥᠯᠥᠪᠵᠢᠭᠦᠯᠦᠨ ᠨᠡᠶᠢᠳᠡ ᠳᠤᠨᠢ ᠬᠠᠷᠠᠭᠠᠯᠵᠠᠵᠤ᠂ ᠬᠠᠪᠤᠷ ᠤᠨ ᠲᠠᠷᠢᠶᠠᠯᠠᠭ᠎ᠠ ᠶᠢᠨ ᠡᠯ᠎ᠡ ᠵᠦᠢᠯ ᠤᠨ  ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠦᠢᠯᠡᠳᠪᠦᠷᠢᠯᠡᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠬᠡᠷᠡᠭᠲᠡᠢ᠃ ᠭᠠᠴᠠᠭᠠᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ ᠶᠢᠨ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠰᠤᠯᠠ ᠪᠠᠶᠢᠬᠤ ᠡᠬᠢ ᠪᠠᠶᠠᠯᠢᠭ ᠢ ᠠᠮᠢᠳᠤᠯᠢᠭ ᠪᠣᠯᠭᠠᠵᠤ᠂ ᠬᠠᠮᠲᠤ ᠶᠢᠨ ᠠᠵᠤ ᠠᠬᠤᠢ ᠶᠢ ᠪᠠᠬᠢᠵᠢᠭᠦᠯᠦᠨ ᠪᠤᠵᠠᠭᠠᠶᠢᠷᠠᠭᠤᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠬᠡᠷᠡᠭᠲᠡᠢ᠃  ᠨᠢᠮᠪᠡᠭᠡ ᠶᠢᠨ ᠲᠠᠷᠢᠮᠠᠯ ᠢ ᠯᠠᠪᠳᠠᠭᠤᠨ ᠪᠠᠲᠤᠲᠠᠢ ᠰᠠᠶᠢᠲᠤᠷ ᠠᠳᠬᠤᠵᠤ᠂ ᠨᠢᠮᠪᠡᠭᠡ ᠶᠢᠨ ᠲᠡᠵᠢᠭᠡᠯ ᠪᠣᠷᠳᠣᠭᠠᠨ ᠤ ᠥᠪᠡᠷ ᠤᠨ ᠦᠷᠳᠡᠭ ᠢ ᠪᠠᠭᠤᠷᠠᠭᠤᠯᠬᠤ ᠲᠠᠯ᠎ᠠ ᠪᠠᠷ ᠰᠤᠳᠤᠯᠭᠠᠨ ᠤ ᠡᠷᠴᠢᠮ ᠢᠶᠠᠨ ᠴᠢᠩᠭᠠᠷᠠᠭᠤᠯᠵᠤ᠂ ᠴᠢᠨᠠᠷ ᠰᠠᠶᠢᠲᠠᠢ ᠬᠢᠮᠳᠠ ᠦᠨ᠎ᠡ ᠶᠢᠨ ᠪᠦᠲᠦᠭᠡᠭᠳᠡᠬᠦᠨ ᠤ ᠬᠠᠩᠭᠠᠯᠭ᠎ᠠ ᠶᠢ ᠦᠷᠭᠦᠯᠵᠢᠯᠡᠨ ᠪᠠᠶᠠᠯᠢᠭᠵᠢᠭᠤᠯᠵᠤ᠂ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠬᠡᠯᠡᠪᠡ᠃       ᠯᠢᠦ ᠭᠦᠸᠧ ᠭᠠᠩ᠂ ᠢᠦᠢ ᠬᠠᠢ ᠴᠧᠩ ᠣᠷᠣᠯᠴᠠᠵᠠᠢ᠃                                                                          ᠣᠷᠴᠢᠭᠤᠯᠤᠭᠴᠢ᠄ ᠭᠤᠸ᠎ᠠ                            ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2