| | ᠣᠶᠢᠷ᠎ᠠ ᠳᠤ᠂ ᠳᠥᠷᠪᠡᠳ ᠬᠤᠰᠢᠭᠤᠨ ᠤ ᠬᠤᠵᠢᠳᠤ ᠰᠢᠶᠠᠩ ᠤᠨ ᠼᠤᠤ ᠨᠢᠶᠠᠨ ᠸᠠ ᠲᠣᠰᠬᠤᠨ ᠤ | ᠲᠠᠷᠢᠮᠠᠯ ᠤᠨ ᠡᠷᠦᠬᠡ ᠶᠠᠩ ᠶᠦᠩ ᠭᠠᠩ ᠤᠨ ᠲᠠᠷᠢᠶᠠᠨ ᠭᠠᠵᠠᠷ ᠲᠤ᠂ ᠪᠠᠷᠤᠭ ᠠᠷᠪᠠᠨ ᠮᠠᠰᠢᠨ ᠬᠦᠩᠭᠢᠨᠡᠵᠦ᠂ ᠲᠡᠭᠰᠢ | ᠭᠠᠵᠠᠷ᠂ ᠦᠷ᠎ᠡ ᠬᠤᠯᠢᠬᠤ᠂ ᠦᠷ᠎ᠡ ᠰᠠᠴᠤᠬᠤ ᠵᠡᠷᠭᠡ ᠠᠵᠢᠯ ᠢ ᠡᠮᠬᠢ ᠵᠠᠮᠪᠠᠷᠠᠭ᠎ᠠ ᠲᠠᠢ ᠬᠢᠵᠦ᠂ ᠲᠡᠭᠰᠢ ᠭᠠᠵᠠᠷ | ᠳᠡᠭᠡᠷ᠎ᠡ ᠳᠠᠪᠬᠢᠵᠤ ᠪᠠᠶᠢᠭ᠎ᠠ ᠦᠷ᠎ᠡ ᠰᠠᠴᠤᠬᠤ ᠮᠠᠰᠢᠨ ᠢᠶᠠᠷ ᠬᠦᠰᠡᠯ ᠤᠨ ᠦᠷ᠎ᠡ ᠪᠠᠨ ᠰᠠᠴᠤᠵᠤ᠂ ᠳᠥᠷᠪᠡᠳ | ᠬᠤᠰᠢᠭᠤᠨ ᠤ ᠪᠤᠭᠤᠳᠠᠢ ᠶᠢᠨ ᠲᠠᠷᠢᠯᠭ᠎ᠠ ᠶᠢᠨ ᠬᠥᠰᠢᠭᠡ ᠶᠢ ᠨᠡᠭᠡᠭᠡᠭᠰᠡᠨ ᠪᠠᠶᠢᠨ᠎ᠠ᠃ | ᠡᠨᠡ ᠵᠢᠯ᠂ ᠪᠥᠬᠦ ᠬᠤᠰᠢᠭᠤᠨ ᠤ ᠪᠤᠭᠤᠳᠠᠢ ᠶᠢᠨ ᠲᠠᠯᠠᠪᠠᠶ ᠶᠢ 14 ᠲᠦᠮᠡᠨ ᠮᠦ ᠳᠤ ᠬᠦᠷᠭᠡᠬᠦ ᠪᠠᠷ | ᠲᠥᠯᠥᠪᠯᠡᠵᠦ ᠪᠣᠶ᠃ ᠪᠤᠭᠤᠳᠠᠢ ᠳᠠᠷᠢᠬᠤ ᠠᠵᠢᠯ ᠤᠨ ᠶᠠᠰᠤ ᠴᠢᠨᠠᠷ ᠪᠠ ᠲᠤᠭ᠎ᠠ ᠬᠡᠮᠵᠢᠶ᠎ᠡ ᠶᠢ ᠪᠠᠲᠤᠯᠠᠬᠤ ᠶᠢᠨ | ᠲᠥᠯᠥᠭᠡ᠂ ︽ᠲᠠᠯᠠᠪᠠᠶ ᠶᠢ ᠲᠣᠭᠲᠠᠪᠤᠷᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠬᠦ᠂ ᠠᠷᠭ᠎ᠠ ᠮᠠᠶ᠋ᠢᠭ ᠢ | ᠬᠤᠪᠢᠷᠠᠭᠤᠯᠬᠤ︾ ᠶᠢ ᠪᠡᠶᠡᠯᠡᠭᠦᠯᠵᠦ᠂ ᠲᠠᠷᠢᠶᠠᠯᠠᠩ ᠤᠨ ᠣᠷᠣᠯᠭ᠎ᠠ ᠶᠢ ᠤᠯᠠᠮ ᠴᠢᠨᠠᠭᠰᠢᠳᠡ ᠨᠡᠮᠡᠭᠳᠡᠭᠦᠯᠵᠤ᠂ ᠲᠣᠰ | ᠬᠤᠰᠢᠭᠤ ᠤᠷᠢᠳᠴᠢᠯᠠᠨ ᠪᠡᠯᠡᠳᠬᠡᠵᠦ᠂ ᠳᠠᠷᠢᠬᠤ ᠠᠴᠠ ᠡᠮᠦᠨᠡᠬᠢ ᠭᠤᠭᠴᠤᠭ᠎ᠠ ᠨᠢᠭᠡᠪᠦᠷᠢ ᠶᠢ ᠴᠢᠩᠭ᠎ᠠ ᠠᠳᠬᠤᠵᠤ᠂ | ᠠᠮᠤ ᠪᠤᠳᠠᠭᠠᠨ ᠤ ᠨᠥᠬᠦᠪᠦᠷᠢ ᠵᠡᠷᠭᠡ ᠲᠠᠷᠢᠶᠠᠴᠢᠳ ᠲᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ | ᠪᠣᠳᠣᠯᠭ᠎ᠠ ᠶᠢ ᠥᠷᠭᠡᠨ ᠢᠶᠠᠷ ᠤᠬᠠᠭᠤᠯᠤᠨ ᠨᠠᠶᠢᠳᠠᠪᠤᠷᠢᠵᠢᠭᠤᠯᠵᠤ᠂ ᠲᠠᠷᠢᠶᠠᠴᠢᠳ ᠢ ᠢᠳᠡᠪᠬᠢᠲᠡᠢ ᠬᠥᠲᠥᠯᠥᠨ | ᠵᠢᠯᠤᠭᠤᠳᠴᠤ ᠪᠠᠶᠢᠭᠠᠳ ᠳᠠᠷᠢᠬᠤ ᠦᠵᠡᠯᠲᠡ ᠶᠢ ᠨᠢ ᠬᠤᠪᠢᠷᠠᠭᠤᠯᠵᠤ᠂ ᠲᠠᠷᠢᠶᠠᠴᠢᠳ ᠤᠨ ᠪᠤᠭᠤᠳᠠᠢ ᠳᠠᠷᠢᠬᠤ | ᠢᠳᠡᠪᠬᠢᠵᠢᠯ ᠢ ᠳᠠᠶᠢᠴᠢᠯᠠᠵᠤ᠂ ᠲᠠᠷᠢᠶᠠᠯᠠᠬᠤ ᠴᠠᠭ ᠢ ᠠᠮᠵᠢᠨ ᠴᠠᠭ ᠲᠤᠬᠠᠢ ᠳᠤᠨᠢ ᠳᠠᠷᠢᠵᠤ᠂ ᠪᠤᠭᠤᠳᠠᠢ ᠳᠠᠷᠢᠬᠤ | ᠠᠵᠢᠯ ᠤᠨ ᠡᠮᠬᠢ ᠵᠢᠷᠤᠮ ᠲᠠᠢ ᠶᠠᠪᠤᠭᠳᠠᠬᠤ ᠶᠢ ᠪᠠᠲᠤᠯᠠᠪᠡ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |