ᠰᠦᠢ ᠸᠧᠢ ᠵᠢᠶᠦ᠋ᠨ ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ  ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2023/4/26
  4 ᠰᠠᠷ᠎ᠠ ᠶᠢᠨ 21 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠧᠢ ᠹᠠᠩ ᠭᠡᠷ ᠤᠨ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠳᠤ ᠬᠦᠷᠴᠦ᠂ ᠮᠣᠳᠣᠨ ᠮᠠᠲ᠋ᠧᠷᠢᠶᠠᠯ ᠤᠨ ᠠᠵᠤ  ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠳᠠᠷᠠᠭ᠎ᠠ ᠨᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠠᠵᠤ ᠠᠬᠤᠶᠢᠯᠠᠯ ᠤᠨ ᠲᠥᠯᠥᠭᠡᠯᠡᠭᠴᠢᠳ ᠲᠠᠢ ᠨᠢᠭᠤᠷᠲᠠᠨ ᠶᠠᠷᠢᠯᠴᠠᠵᠤ᠂  ᠪᠥᠬᠦ ᠬᠤᠲᠠ ᠶᠢᠨ ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠨᠠᠩ ᠰᠠᠶᠢᠨ ᠬᠥᠭᠵᠢᠯᠲᠡ ᠶᠢ ᠬᠡᠷᠬᠢᠨ ᠠᠬᠢᠭᠤᠯᠬᠤ  ᠲᠤᠬᠠᠢ ᠰᠤᠳᠤᠯᠤᠨ ᠰᠦᠪᠡᠭᠴᠢᠯᠡᠵᠡᠢ᠃       ᠠᠵᠤ ᠠᠬᠤᠶᠢᠯᠠᠯ ᠤᠨ ᠬᠠᠷᠢᠭᠤᠴᠠᠯᠭᠠᠲᠠᠨ ᠠᠴᠠ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠵᠢᠴᠢ ᠣᠷᠣᠰᠢᠵᠤ  ᠪᠠᠶᠢᠭ᠎ᠠ ᠠᠰᠠᠭᠤᠳᠠᠯ ᠤᠨ ᠬᠦᠴᠢᠷᠳᠡᠯ ᠢ ᠲᠠᠨᠢᠯᠴᠠᠭᠤᠯᠤᠭᠰᠠᠨ ᠤ ᠬᠠᠮᠲᠤ ᠵᠠᠷᠢᠮ ᠰᠠᠨᠠᠭᠤᠯᠭ᠎ᠠ ᠳᠤᠷᠠᠳᠴᠤ᠂  ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠵᠤ ᠠᠬᠤᠶᠢᠯᠠᠯ ᠤᠨ ᠲᠤᠰᠬᠠᠭᠰᠠᠨ ᠠᠰᠠᠭᠤᠳᠠᠯ ᠳᠤ ᠨᠢᠭᠡᠳ ᠨᠢᠭᠡ ᠪᠠᠷ ᠬᠠᠷᠢᠭᠤᠯᠲᠠ ᠥᠭᠪᠡ᠃       ᠰᠦᠢ ᠸᠧᠢ ᠵᠢᠶᠦ᠋ᠨ᠂ ᠮᠠᠨ ᠤ ᠬᠤᠳᠠ ᠶᠢᠨ ᠬᠢᠨ ᠮᠣᠳᠣᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠬᠦ ᠳᠤ ᠣᠷᠣᠨ ᠪᠠᠶᠢᠷᠢ᠂ ᠵᠠᠮ ᠬᠠᠷᠢᠯᠴᠠᠭ᠎ᠠ᠂ ᠵᠠᠬ᠎ᠠ ᠳᠡᠯᠭᠡᠭᠦᠷ᠂ ᠲᠦᠷᠦ ᠶᠢᠨ ᠪᠣᠳᠣᠯᠭ᠎ᠠ ᠵᠡᠷᠭᠡ ᠲᠠᠯ᠎ᠠ ᠪᠠᠷ ᠢᠯᠡᠳᠲᠡ ᠳᠠᠪᠠᠭᠤᠯᠢᠭ ᠲᠠᠢ ᠶᠤᠮ᠂ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠮᠣᠳᠣᠨ ᠮᠠᠲ᠋ᠧᠷᠢᠶᠠᠯ ᠤᠨ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠢᠲᠡᠭᠡᠯ ᠢᠶᠠᠨ ᠴᠢᠨᠠᠭᠰᠢᠳᠠ  ᠴᠢᠩᠭᠠᠳᠬᠠᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠬᠥᠭᠵᠢᠯᠲᠡ ᠶᠢᠨ ᠴᠢᠭᠯᠡᠯ ᠢᠶᠠᠨ  ᠲᠣᠳᠣᠷᠬᠠᠶᠢᠯᠠᠵᠤ᠂ ᠬᠥᠭᠵᠢᠯᠲᠡ ᠶᠢᠨ ᠠᠷᠭ᠎ᠠ ᠬᠡᠮᠵᠢᠶ᠎ᠡ ᠪᠠᠨ ᠰᠢᠯᠢᠳᠡᠭᠵᠢᠭᠦᠯᠵᠦ᠂ ᠬᠥᠭᠵᠢᠯᠲᠡ ᠶᠢᠨ ᠠᠵᠠ ᠲᠣᠬᠢᠶᠠᠯ ᠢ ᠠᠮᠵᠢᠵᠤ᠂ ᠠᠷᠭ᠎ᠠ ᠪᠦᠬᠦᠨ ᠢ ᠰᠦᠪᠡᠭᠴᠢᠯᠡᠨ ᠮᠣᠳᠣᠨ ᠮᠠᠲ᠋ᠧᠷᠢᠶᠠᠯ ᠤᠨ ᠠᠵᠤ ᠦᠢᠯᠡᠰ ᠢ  ᠪᠤᠵᠠᠭᠠᠶᠢᠷᠠᠭᠤᠯᠤᠨ ᠰᠢᠯᠢᠳᠡᠭᠵᠢᠭᠦᠯᠵᠦ ᠬᠦᠴᠦᠷᠬᠡᠭᠵᠢᠭᠦᠯᠬᠦ ᠬᠡᠷᠡᠭᠲᠡᠢ᠃ ᠲᠥᠷᠥ ᠶᠢᠨ ᠪᠣᠳᠣᠯᠭ᠎ᠠ ᠪᠠᠷ ᠲᠡᠳᠬᠦᠬᠦ  ᠡᠷᠴᠢᠮ ᠢᠶᠠᠨ ᠴᠢᠩᠭᠠᠷᠠᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠳᠬᠠᠨ᠂  ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ︽ᠲᠠᠯᠪᠢᠬᠤ ᠬᠠᠮᠢᠶᠠᠷᠬᠤ ᠦᠢᠯᠡᠴᠢᠯᠡᠬᠦ  ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠥᠲᠥᠴᠢ ᠠᠵᠤ ᠠᠬᠤᠶᠢᠯᠠᠯ ᠢ ᠢᠳᠡᠪᠬᠢᠲᠡᠢ ᠪᠠᠷ ᠪᠣᠶᠢᠵᠢᠭᠤᠯᠵᠤ᠂  ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠣᠷᠣᠨ ᠪᠦᠰᠡ ᠶᠢᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠵᠤ᠂  ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠬᠡᠯᠬᠢᠶᠡᠵᠢᠭᠰᠡᠨ ᠮᠠᠶ᠋ᠢᠭ ᠤᠨ ᠬᠥᠭᠵᠢᠯᠲᠡ᠂ ᠪᠦᠯᠦᠭᠯᠡᠨ ᠬᠥᠭᠵᠢᠬᠦ ᠶᠢ  ᠬᠦᠴᠦᠯᠡᠨ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠳ ᠳᠡᠭᠡᠳᠦ ᠲᠡᠰ ᠤᠨ᠂ ᠴᠢᠨᠠᠷ ᠰᠠᠶᠢᠲᠠᠢ᠂ ᠥᠨᠳᠥᠷ  ᠨᠡᠮᠡᠯᠲᠡ ᠦᠷᠳᠡᠭ ᠲᠠᠢ ᠦᠢᠯᠡᠳᠬᠦᠨ ᠢ ᠦᠢᠯᠡᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠭᠠᠷ ᠤᠷᠠᠯᠠᠯ ᠤᠨ ᠲᠦᠪᠰᠢᠨ ᠢᠶᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠦᠢᠯᠡᠳᠬᠦᠨ ᠤ ᠥᠷᠢᠰᠦᠯᠳᠦᠬᠦ ᠬᠦᠴᠦᠨ ᠢᠶᠠᠨ  ᠴᠢᠩᠭᠠᠷᠠᠭᠤᠯᠵᠤ᠂ ᠪᠦᠬᠦ ᠬᠤᠳᠠ ᠶᠢᠨ ᠮᠣᠳᠣᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ  ᠬᠥᠭᠵᠢᠯᠲᠡ ᠶᠢ ᠠᠬᠢᠭᠤᠯᠬᠤ ᠳᠤ ᠢᠯᠡᠭᠦᠬᠡᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ  ᠭᠠᠷᠭᠠᠪᠠ᠃       ᠶᠦᠨ ᠫᠧᠩ ᠭᠠᠩ᠂ ᠯᠢᠦ ᠭᠦᠸᠧ ᠭᠠᠩ᠂ ᠹᠠᠩ ᠽᠧ ᠣᠷᠣᠯᠴᠠᠵᠠᠢ᠃                                                                                                        ᠣᠷᠴᠢᠭᠤᠯᠤᠭᠴᠢ᠄ ᠭᠤᠸ᠎ᠠ                                                    ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2