ᠵᠢᠨᠢᠩ ᠲᠣᠭᠤᠷᠢᠭ 2023 ᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/26
    4 ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ 2023 ᠣᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠤᠨ ᠬᠤᠷᠠᠯ ᠬᠤᠷᠠᠯᠳᠤᠭᠤᠯᠵᠤ᠂ ᠵᠢᠨᠢᠩ ᠲᠣᠭᠤᠷᠢᠭ ᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠦᠷᠢᠶᠡᠨ ᠳᠠᠬᠢ ᠠᠶᠤᠯᠭᠦᠶ ᠦᠶᠯᠡᠳᠪᠦᠷᠢᠯᠡᠯ ᠤᠨ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ ᠴᠢᠬᠤᠯᠠᠴᠢᠯᠠᠭᠰᠠᠨ ᠨᠢ᠂ ᠡᠯ᠎ᠡ ᠬᠤᠯᠪᠣᠭᠳᠠᠯ ᠪᠦᠬᠦᠢ ᠨᠢᠭᠡᠴᠡ ᠶᠢᠨ ᠬᠢᠨ ︽ᠤᠷᠤᠭᠰᠢ ᠠᠯᠬᠤᠵᠤ ᠠᠯᠬᠤᠮ ᠢᠶᠠᠷ ᠰᠣᠯᠪᠢᠴᠠᠬᠤ ᠠᠴᠠ ᠪᠢᠰᠢ ᠬᠤᠶᠢᠰᠢ ᠤᠬᠤᠷᠢᠵᠤ ᠬᠤᠭᠤᠰᠣᠨ ᠵᠠᠯᠭᠠᠯᠲᠠ ᠭᠠᠷᠭᠠᠬᠤ ᠦᠭᠡᠢ ︾ ᠵᠠᠷᠴᠢᠮ ᠢ ᠪᠠᠷᠢᠮᠲᠠᠯᠠᠵᠤ᠂ ᠬᠤᠳᠠ ᠪᠠᠯᠭᠠᠰᠤᠨ ᠤ ᠰᠢᠲᠠᠮᠠᠬᠠᠢ ᠬᠡᠢ ᠶᠢᠨ ᠠᠮᠤᠷ ᠲᠦᠪᠰᠢᠨ᠂ ᠥᠪᠡᠷ ᠢᠶᠠᠨ ᠪᠠᠷᠢᠭᠰᠠᠨ ᠭᠡᠷ ᠪᠠᠶᠢᠰᠢᠩ ᠤᠨ ᠠᠮᠤᠷ ᠲᠦᠪᠰᠢᠨ ᠤ ᠲᠤᠰᠬᠠᠢ ᠴᠡᠭᠴᠡᠯᠡᠨ ᠵᠠᠰᠠᠯᠲᠠ᠂ ᠭᠡᠷ ᠪᠠᠶᠢᠰᠢᠩ ᠤᠨ ᠪᠠᠷᠢᠯᠭ᠎ᠠ ᠶᠢᠨ ᠬᠤᠳᠠ ᠶᠢᠨ ᠶᠠᠪᠤᠳᠠᠯ ᠤᠨ ᠢᠨᠵᠧᠨᠧᠷᠢᠩ ᠤᠨ ᠶᠠᠰᠤ ᠴᠢᠨᠠᠷ ᠵᠡᠷᠭᠡ ᠭᠤᠣᠯᠳᠠᠯᠭ᠎ᠠ ᠲᠠᠢ ᠬᠦᠷᠢᠶᠡᠨ ᠳᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ᠃ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ ᠠᠴᠠ ︽ᠬᠤᠶᠠᠷ ᠮᠥᠩᠭᠦ ᠭᠤᠷᠪᠠᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠵᠤ᠂ ᠠᠶᠤᠯᠭᠦᠢ ᠦᠢᠯᠡᠳᠪᠦᠷᠢᠯᠡᠯ ᠤᠨ ᠨᠢᠭᠡᠳᠦᠭᠡᠷ ᠪᠣᠭᠤᠮᠲᠠ ᠶᠢ ᠦᠨᠡᠨᠬᠦ ᠰᠠᠶᠢᠲᠤᠷ ᠰᠠᠬᠢᠵᠤ᠂ ᠨᠢᠭᠡᠳᠦᠭᠡᠷ ᠹᠷᠣᠨᠲ ᠢ ᠪᠠᠲᠤ ᠰᠠᠬᠢᠬᠤ ᠬᠡᠷᠡᠭᠲᠡᠢ᠃ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ︽ᠭᠤᠷᠪᠠ ᠶᠢ ᠬᠠᠮᠢᠶᠠᠷᠴᠤ ᠭᠤᠷᠪᠠ ᠶᠢ ᠡᠷᠬᠡᠪᠰᠢ ᠬᠢᠬᠦ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠨᠢᠭᠡᠳᠦᠭᠡᠷ ᠭᠠᠷ ᠪᠡᠶ᠎ᠡ ᠪᠠᠷ ᠢᠶᠠᠨ ᠣᠷᠣᠯᠴᠠᠵᠤ᠂ ᠡᠮᠦᠨ᠎ᠡ ᠨᠢ ᠵᠣᠬᠢᠴᠠᠭᠤᠯᠵᠤ᠂ ᠰᠠᠷ᠎ᠠ ᠪᠦᠷᠢ ᠪᠦᠯᠬᠦᠮ ᠳᠠᠭᠠᠭᠤᠯᠤᠨ ᠪᠠᠶᠢᠴᠠᠭᠠᠵᠤ᠂ ᠴᠢᠬᠤᠯᠠ ᠠᠵᠢᠯ ᠢ ᠪᠡᠶ᠎ᠡ ᠪᠠᠷ ᠢᠶᠠᠨ ᠪᠠᠶᠢᠷᠢᠯᠠᠭᠤᠯᠵᠤ᠂ ᠴᠢᠬᠤᠯᠠ ᠶᠡᠭᠡ ᠠᠰᠠᠭᠤᠳᠠᠯ ᠢ ᠪᠡᠶ᠎ᠡ ᠪᠠᠷ ᠢᠶᠠᠨ ᠠᠰᠠᠭᠤᠵᠤ᠂ ᠭᠤᠤᠯᠳᠠᠯᠭ᠎ᠠ ᠲᠠᠢ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠵᠤ᠂ ᠴᠢᠬᠤᠯᠠ ᠵᠦᠶᠯᠡᠰ ᠢ ᠪᠡᠶ᠎ᠡ ᠪᠠᠷ ᠢᠶᠠᠨ ᠰᠢᠮᠳᠠᠭᠤᠯᠤᠨ ᠭᠦᠶᠴᠡᠳᠬᠡᠬᠦ ᠬᠡᠷᠡᠭᠲᠡᠶ᠃ ᠡᠯ᠎ᠡ ᠨᠢᠭᠡᠴᠡ ᠶᠢᠨ ᠤᠳᠤᠷᠢᠳᠬᠤ ᠪᠠᠭ ᠤᠨ ᠪᠦᠷᠢᠯᠳᠦᠬᠦᠨ ᠪᠣᠯᠤᠨ ᠵᠠᠩᠭᠢᠯᠠᠭ᠎ᠠ ᠶᠢᠨ ᠺᠠᠳ᠋ᠷ ᠡᠭᠦᠷᠭᠡ ᠬᠠᠷᠢᠭᠤᠴᠠᠯᠭ᠎ᠠ ᠪᠠᠨ ᠦᠨᠡᠨᠬᠦ ᠭᠦᠢᠴᠡᠳᠬᠡᠵᠦ᠂ ᠬᠠᠷᠢᠭᠤᠴᠠᠯᠭ᠎ᠠ ᠪᠠᠨ ᠦᠨᠡᠨᠬᠦ ᠪᠠᠲᠤᠯᠠᠵᠤ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠡᠢ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2