ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ︽ᠤᠯᠠᠭᠠᠨᠴᠠᠪ | ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ | ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠦᠷ᠎ᠡ ᠪᠦᠲᠦᠮᠵᠢᠲᠡᠶ ᠪᠠᠷ | ᠵᠣᠯᠭᠠᠭᠤᠯᠵᠤ ᠬᠠᠮᠲᠤᠷᠠᠨ ᠬᠥᠳᠡᠯᠦᠯᠴᠡᠭᠦᠯᠬᠦ ᠶᠢᠨ ᠬᠡᠷᠡᠭᠵᠢᠭᠦᠯᠬᠦ ᠲᠥᠰᠥᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | | 2023 ᠣᠨ ᠤ 4 ᠰᠠᠷ᠎ᠠ ᠶᠢᠨ 13 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ | ᠬᠠᠯᠠᠮᠰᠢᠯ ᠤᠲᠠᠰᠤ ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ | ᠪᠦᠲᠦᠮᠵᠢᠲᠡᠶ ᠪᠠᠷ ᠵᠣᠯᠭᠠᠭᠤᠯᠤᠨ ᠬᠠᠮᠲᠤᠷᠠᠨ ᠬᠥᠳᠡᠯᠦᠯᠴᠡᠭᠦᠯᠬᠦ ᠶᠢᠨ ᠬᠡᠷᠡᠭᠵᠢᠭᠦᠯᠬᠦ ᠲᠥᠰᠥᠯ | | ᠨᠡᠶᠢᠭᠡᠮ ᠤᠨ ᠵᠠᠰᠠᠯᠲᠠ ᠶᠢᠨ ᠰᠢᠰᠲ᠋ᠧᠮ ᠪᠣᠯᠣᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ | ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠠᠵᠢᠯ ᠤᠨ | ᠱᠠᠭᠠᠷᠳᠠᠯᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠳᠥᠭᠦᠮ ᠦᠵᠡᠭᠦᠯᠬᠦ 12345 ᠬᠠᠯᠠᠮᠰᠢᠯ ᠤᠲᠠᠰᠤ ︵ᠳᠣᠷᠣᠭᠰᠢ 12345 | ᠭᠡᠵᠦ ᠲᠣᠪᠴᠢᠯᠠᠨ᠎ᠠ︶ ᠪᠣᠯᠣᠨ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ︵ᠳᠣᠷᠣᠭᠰᠢ 110 | ᠭᠡᠵᠦ ᠲᠣᠪᠴᠢᠯᠠᠨ᠎ᠠ︶ ᠤᠨ ᠬᠠᠮᠵᠢᠯᠴᠠᠨ ᠦᠢᠯᠡᠴᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ | ᠪᠦᠬᠦ ᠬᠤᠲᠠ ᠶᠢᠨ ᠨᠡᠶᠢᠭᠡᠮ ᠤᠨ ᠵᠠᠰᠠᠯᠲᠠ ᠶᠢᠨ ᠬᠤᠯᠪᠤᠭᠠᠯᠠᠨ ᠬᠥᠳᠡᠯᠦᠯᠴᠡᠬᠦ ᠰᠢᠰᠲ᠋ᠧᠮ ᠢ ᠪᠦᠷᠢᠨᠰᠢᠭᠦᠯᠦᠨ | ᠲᠡᠭᠦᠯᠳᠡᠷᠵᠢᠭᠦᠯᠵᠦ᠂ ᠴᠠᠭᠳᠠᠭᠠᠨ ᠤ ᠶᠠᠪᠤᠳᠠᠯ ᠤᠨ ᠪᠤᠰᠤ ᠴᠠᠭᠳᠠᠭᠠᠨ ᠤ ᠪᠠᠶᠢᠳᠠᠯ ᠢ ᠰᠢᠨᠵᠢᠯᠡᠬᠦ ᠤᠬᠠᠭᠠᠨᠴᠢ ᠵᠦᠢ | ᠵᠣᠬᠢᠰᠲᠠᠢ ᠰᠠᠯᠭᠠᠨ ᠲᠣᠬᠢᠷᠠᠭᠤᠯᠵᠤ᠂ ᠠᠷᠠᠳ ᠣᠯᠠᠨ ᠳᠤ ᠦᠢᠯᠡᠴᠢᠯᠡᠬᠦ᠂ ᠬᠤᠳᠠᠯᠳᠤᠭ᠎ᠠ ᠡᠵᠡᠩᠨᠡᠬᠦ ᠣᠷᠴᠢᠨ | ᠨᠦᠬᠦᠴᠡᠯ ᠢ ᠰᠢᠯᠢᠳᠡᠭᠵᠢᠭᠦᠯᠬᠦ᠂ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ᠂ ᠠᠮᠤᠷ ᠲᠦᠪᠰᠢᠨ | ᠲᠣᠭᠲᠠᠭᠤᠨ ᠢ ᠬᠠᠮᠠᠭᠠᠯᠠᠬᠤ ᠴᠢᠳᠠᠪᠤᠷᠢ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ︽12345 | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠬᠢᠭᠡᠳ 110 | ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠪᠦᠲᠦᠮᠵᠢᠲᠡᠶ ᠪᠠᠷ ᠵᠣᠯᠭᠠᠭᠤᠯᠤᠨ ᠬᠠᠮᠲᠤᠷᠠᠨ | ᠬᠥᠳᠡᠯᠦᠯᠴᠡᠭᠦᠯᠬᠦ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ | ︵ᠲᠥᠷᠥ ᠠᠯᠪᠠᠨ ᠲᠠᠷᠬᠠᠭᠠᠭᠰᠠᠨ ﹇2022﹈ 12 ᠳ᠋ᠤᠭᠠᠷ ᠲᠣᠭᠠᠲᠤ︶ ᠪᠠ ︽ᠥᠪᠡᠷᠲᠡᠭᠡᠨ ᠵᠠᠰᠠᠬᠤ ᠣᠷᠣᠨ ᠤ | 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ | ᠬᠢᠭᠡᠳ 110 ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠢ ᠥᠨᠳᠥᠷ ᠦᠷ᠎ᠡ ᠪᠦᠲᠦᠮᠵᠢᠲᠡᠶ ᠪᠠᠷ | ᠵᠣᠯᠭᠠᠭᠤᠯᠵᠤ ᠬᠠᠮᠲᠤᠷᠠᠨ ᠬᠥᠳᠡᠯᠦᠯᠴᠡᠭᠦᠯᠬᠦ ᠶᠢ ᠠᠬᠢᠭᠤᠯᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ | ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ | ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2022﹈ 89 ᠳ᠋ᠦ᠋ᠭᠡᠷ ᠲᠣᠭᠠᠲᠤ︶ ᠤᠨ | ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠲᠥᠰᠥᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠨᠠᠮ ᠤᠨ ᠲᠥᠪ ᠬᠤᠷᠢᠶ᠎ᠠ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠵᠢᠴᠢ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ | ᠣᠷᠳᠣᠨ ᠤ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ | ᠣᠷᠳᠣᠨ ᠤ ᠪᠠᠶᠢᠭᠤᠯᠤᠯᠲᠠ ︽ᠵᠠᠰᠠᠭ ᠤᠨ ᠣᠷᠳᠣᠨ ᠭᠤᠣᠯᠯᠠᠨ ᠤᠳᠤᠷᠢᠳᠬᠤ᠂ ᠡᠭᠦᠷᠭᠡ ᠬᠠᠷᠢᠭᠤᠴᠠᠯᠭ᠎ᠠ | ᠲᠣᠳᠣᠷᠬᠠᠢ᠂ ᠳᠠᠪᠠᠭᠤᠯᠢᠭ ᠲᠠᠯ᠎ᠠ ᠪᠠᠷ ᠢᠶᠠᠨ ᠬᠠᠷᠢᠯᠴᠠᠨ ᠨᠥᠬᠦᠪᠦᠷᠢᠯᠡᠬᠦ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠬᠤ᠂ ᠣᠯᠠᠨ ᠲᠦᠮᠡᠨ ᠳᠤ ᠦᠢᠯᠡᠴᠢᠯᠡᠬᠦ︾ 12345 ᠪᠣᠯᠣᠨ 110 ᠶᠢ ᠵᠣᠯᠭᠠᠭᠤᠯᠵᠤ ᠬᠠᠮᠲᠤᠷᠠᠨ | ᠬᠥᠳᠡᠯᠦᠯᠴᠡᠭᠦᠯᠬᠦ ᠲᠣᠭᠲᠠᠴᠠ ᠶᠢ ᠲᠦᠷᠭᠡᠳᠬᠡᠨ ᠪᠠᠶᠢᠭᠤᠯᠵᠤ᠂ 12345 ᠪᠣᠯᠣᠨ 110 ᠶᠢ ᠰᠠᠯᠭᠠᠨ | ᠶᠠᠪᠤᠭᠤᠯᠬᠤ ᠬᠠᠮᠲᠤᠷᠠᠨ ᠬᠥᠳᠡᠯᠦᠯᠴᠡᠬᠦ ᠵᠦᠢᠯᠡᠰ ᠢ ᠭᠦᠢᠴᠡᠳᠬᠡᠬᠦ ᠶᠠᠪᠤᠴᠠ ᠶᠢ ᠵᠢᠷᠤᠮᠵᠢᠭᠤᠯᠵᠤ᠂ ᠲᠠᠪᠴᠠᠩ ᠤᠨ | ᠣᠶᠤᠨᠴᠢᠯᠠᠭᠰᠠᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠷᠠᠭᠤᠯᠤᠨ᠂ ᠡᠭᠦᠷᠭᠡ ᠬᠠᠷᠢᠭᠤᠴᠠᠯᠭ᠎ᠠ ᠲᠣᠳᠣᠷᠬᠠᠢ᠂ | ᠬᠠᠮᠵᠢᠯᠴᠠᠨ ᠬᠤᠯᠪᠤᠭᠠᠯᠠᠨ ᠬᠥᠳᠡᠯᠦᠯᠴᠡᠬᠦ᠂ ᠲᠤᠭ᠎ᠠ ᠪᠠᠷᠢᠮᠲᠠ ᠪᠠᠷ ᠴᠢᠳᠠᠪᠬᠢ ᠣᠯᠭᠤᠬᠤ᠂ ᠥᠨᠳᠥᠷ | ᠪᠦᠲᠦᠮᠵᠢᠲᠡᠶ ᠪᠠᠷ ᠠᠵᠢᠯᠯᠠᠬᠤ 12345 ᠬᠢᠭᠡᠳ 110 ᠥᠨᠳᠥᠷ ᠪᠦᠲᠦᠮᠵᠢᠲᠡᠶ ᠪᠠᠷ ᠵᠣᠯᠭᠠᠭᠤᠯᠤᠨ ᠬᠤᠯᠪᠤᠭᠠᠯᠠᠨ | ᠬᠥᠳᠡᠯᠦᠯᠴᠡᠬᠦ ᠰᠢᠰᠲ᠋ᠧᠮᠵᠢ ᠶᠢ ᠪᠠᠶᠢᠭᠤᠯᠵᠤ᠂ ᠠᠷᠠᠳ ᠣᠯᠠᠨ ᠳᠤ ᠨᠠᠩ ᠲᠤᠰᠬᠠᠢ ᠮᠡᠷᠭᠡᠵᠢᠯ ᠤᠨ᠂ ᠳᠥᠭᠦᠮ | ᠳᠥᠲᠡ᠂ ᠥᠨᠳᠥᠷ ᠪᠦᠲᠦᠮᠵᠢᠲᠡᠶ ᠬᠠᠯᠠᠮᠰᠢᠯ ᠦᠢᠯᠡᠴᠢᠯᠡᠭᠡ ᠶᠢ ᠬᠠᠩᠭᠠᠨ᠂ ᠬᠤᠳᠠᠯᠳᠤᠭ᠎ᠠ ᠡᠷᠭᠢᠯᠡᠬᠦ ᠣᠷᠴᠢᠨ | ᠨᠦᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ ᠤᠨ ᠣᠷᠳᠣᠨ ᠤ ᠦᠢᠯᠡᠴᠢᠯᠡᠭᠡᠨ ᠤ ᠶᠠᠰᠤ ᠴᠢᠨᠠᠷ ᠪᠠ ᠬᠢᠷᠢ | ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ | ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃ | ︵ᠬᠤᠶᠠᠷ︶ ᠠᠵᠢᠯ ᠤᠨ ᠬᠠᠷᠠᠯᠲᠠ᠃ 12345 ᠪᠣᠯᠣᠨ 110 ᠥᠨᠳᠥᠷ ᠪᠦᠲᠦᠮᠵᠢᠲᠡᠶ ᠵᠣᠯᠭᠠᠭᠤᠯᠬᠤ | ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠠᠵᠢᠯ ᠤᠨ ᠡᠭᠦᠷᠭᠡ ᠬᠠᠷᠢᠭᠤᠴᠠᠯᠭ᠎ᠠ ᠶᠢᠨ ᠵᠠᠭᠠᠭ | ᠬᠢᠵᠠᠭᠠᠷ ᠢ ᠲᠣᠳᠣᠷᠬᠠᠶᠢᠯᠠᠵᠤ᠂ ᠲᠤᠰ ᠲᠤᠰ ᠤᠨ ᠡᠭᠦᠷᠭᠡ ᠴᠢᠳᠠᠪᠤᠷᠢ᠂ ᠰᠢᠰᠲ᠋ᠧᠮ ᠤᠨ ᠳᠠᠪᠠᠭᠤᠯᠢᠭ ᠢᠶᠠᠨ | ᠭᠦᠢᠴᠡᠳ ᠪᠠᠳᠠᠷᠠᠭᠤᠯᠵᠤ᠂ ᠶᠠᠪᠤᠴᠠ ᠪᠣᠯᠣᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ | ᠡᠷᠭᠢᠯᠲᠡ ᠶᠢᠨ ᠠᠯᠪᠠᠨ ᠭᠡᠷ ᠤᠨ ᠳᠦᠷᠢᠮ ᠢ ᠨᠠᠷᠢᠯᠢᠭᠵᠢᠭᠤᠯᠤᠨ ᠬᠤᠪᠢᠶᠠᠵᠤ᠂ ᠪᠠᠴᠢᠮ ᠪᠤᠰᠤ ᠲᠥᠷᠥᠯ ᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠱᠠᠭᠠᠷᠳᠠᠯᠭ᠎ᠠ ᠪᠠ ᠴᠠᠭᠳᠠᠭᠠᠨ ᠤ ᠶᠠᠪᠤᠳᠠᠯ ᠤᠨ ᠲᠥᠷᠥᠯ ᠤᠨ ᠵᠦᠢᠯᠡᠰ ᠢ | ᠰᠢᠰᠲ᠋ᠧᠮᠵᠢᠭᠦᠯᠦᠨ ᠬᠠᠮᠢᠶᠠᠷᠴᠤ᠂ ᠪᠠᠴᠢᠮ ᠲᠦᠷᠦᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ | ᠱᠠᠭᠠᠷᠳᠠᠯᠭ᠎ᠠ ᠶᠢ ᠬᠤᠯᠪᠣᠯᠳᠤᠭᠤᠯᠤᠨ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠤᠯᠠᠨ ᠲᠦᠮᠡᠨ ᠤ ᠨᠡᠩ ᠲᠤᠰᠬᠠᠢ | ᠮᠡᠷᠭᠡᠵᠢᠯ ᠤᠨ ᠲᠦᠷᠭᠡᠨ ᠦᠢᠯᠡᠴᠢᠯᠡᠭᠡ ᠬᠦᠷᠳᠡᠬᠦ ᠶᠢ ᠦᠨᠡᠨ ᠬᠦ ᠪᠠᠲᠤᠯᠠᠵᠤ᠂ ᠵᠠᠰᠠᠭ ᠤᠨ ᠣᠷᠳᠣᠨ ᠤ | ᠬᠠᠮᠢᠶᠠᠷᠤᠯᠲᠠ ᠪᠠ ᠦᠢᠯᠡᠴᠢᠯᠡᠭᠡ ᠳᠤ ᠬᠤᠯᠪᠣᠭᠳᠠᠭᠰᠠᠨ ᠪᠠᠴᠢᠮ ᠪᠤᠰᠤ ᠭᠤᠮᠣᠳᠠᠯ ᠱᠠᠭᠠᠷᠳᠠᠯᠭ᠎ᠠ ᠶᠢ ᠨᠢᠭᠡᠳᠦᠯᠲᠡᠢ | ᠲᠥᠯᠥᠪᠯᠡᠨ ᠰᠢᠢᠳᠪᠦᠷᠢᠯᠡᠬᠦ ᠶᠢ ᠲᠦᠯᠬᠢᠨ ᠠᠬᠢᠭᠤᠯᠵᠤ᠂ ᠰᠠᠯᠠᠭ᠎ᠠ ᠮᠥᠴᠢᠷ ᠤᠨ ᠥᠨᠳᠥᠷ ᠪᠦᠲᠦᠮᠵᠢᠲᠡᠶ ᠪᠠᠷ | ᠬᠠᠮᠵᠢᠯᠴᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠲᠦᠯᠬᠢᠨ ᠠᠬᠢᠭᠤᠯᠵᠤ᠂ ᠬᠠᠤᠯᠢ ᠶᠢ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠪᠠᠴᠢᠮ ᠲᠦᠭᠰᠢᠭᠦᠷᠢᠲᠡᠢ ᠴᠠᠭᠳᠠᠭᠠᠨ ᠤ | ᠪᠠᠶᠢᠳᠠᠯ ᠢ ᠴᠠᠭ ᠲᠤᠬᠠᠢ ᠳᠤᠨᠢ ᠰᠢᠢᠳᠪᠦᠷᠢᠯᠡᠵᠦ᠂ ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠢ ᠨᠡᠩ | ᠰᠠᠶᠢᠲᠤᠷ ᠬᠠᠮᠠᠭᠠᠯᠠᠬᠤ ᠠᠵᠢᠯ ᠤᠨ ᠪᠠᠶᠢᠷᠢᠰᠢᠯ ᠢ ᠪᠤᠢ ᠪᠣᠯᠭᠠᠨ᠎ᠠ᠃ 2023 ᠣᠨ ᠤ 10 ᠰᠠᠷ᠎ᠠ ᠶᠢᠨ 20 ᠤ | ᠡᠳᠦᠷ ᠠᠴᠠ ᠡᠮᠦᠨ᠎ᠡ᠂ 12345 ᠪᠣᠯᠣᠨ 110 ᠲᠠᠪᠴᠠᠩ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ | ᠨᠡᠪᠲᠡᠷᠡᠯᠴᠡᠬᠦ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ᠂ ᠬᠠᠮᠢᠶ᠎ᠠ ᠪᠦᠬᠦᠢ ᠳ᠋ᠠᠶᠢᠲ᠋ᠠ ᠶᠢᠨ ᠡᠬᠢ ᠪᠠᠶᠠᠯᠢᠭ ᠢ | ᠬᠠᠮᠲᠤᠪᠠᠷ ᠡᠳ᠋ᠯᠡᠬᠦ ᠶᠢ ᠪᠥᠬᠦ ᠲᠠᠯ᠎ᠠ ᠪᠠᠷ ᠪᠡᠶᠡᠯᠡᠭᠦᠯᠵᠦ᠂ ᠵᠣᠯᠭᠠᠭᠤᠯᠵᠤ ᠬᠤᠯᠪᠤᠭᠠᠯᠠᠨ ᠬᠥᠳᠡᠯᠦᠯᠴᠡᠬᠦ ᠠᠵᠢᠯ ᠤᠨ | ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ᠂ ᠲᠤᠰᠬᠠᠶᠢᠵᠢᠯᠲᠠ᠂ ᠣᠶᠤᠨᠴᠢᠯᠠᠯᠲᠠ ᠶᠢᠨ ᠬᠢᠷᠢ ᠲᠦᠪᠰᠢᠨ ᠢ ᠪᠥᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠵᠠᠷᠴᠢᠮ | ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠣᠨᠣᠯᠵᠢᠬᠤᠨ ᠢ ᠪᠠᠷᠢᠮᠲᠠᠯᠠᠵᠤ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠴᠠᠭᠳᠠᠭᠠᠨ ᠤ ᠬᠦᠴᠦᠨ ᠤ ᠡᠬᠢ ᠪᠠᠶᠠᠯᠢᠭ ᠢ ᠪᠦᠲᠦᠮᠵᠢᠲᠡᠶ ᠠᠰᠢᠭᠯᠠᠨ᠂ | ᠴᠠᠭᠳᠠᠭᠠᠨ ᠤ ᠶᠠᠪᠤᠳᠠᠯ ᠤᠨ ᠪᠤᠰᠤ ᠴᠠᠭᠳᠠᠭᠠᠨ ᠤ ᠪᠠᠶᠢᠳᠠᠯ ᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ | ᠲᠣᠭᠲᠠᠴᠠ ᠶᠢ ᠪᠠᠶᠢᠭᠤᠯᠤᠨ᠎ᠠ᠃ ᠨᠢᠭᠡᠳᠦᠯᠲᠡᠢ ᠪᠠᠷᠢᠮᠵᠢᠶ᠎ᠠ ᠶᠣᠰᠣᠭᠠᠷ ᠠᠵᠢᠯ ᠤᠨ ᠬᠠᠭᠤᠳᠠᠰᠤ ᠪᠠ ᠴᠠᠭᠳᠠᠭᠠᠨ ᠤ | ᠬᠠᠭᠤᠳᠠᠰᠤ ᠶᠢ ᠵᠢᠷᠤᠮᠵᠢᠭᠤᠯᠵᠤ᠂ ᠬᠠᠷᠢᠭᠤ ᠲᠤᠰᠬᠠᠯ ᠵᠡᠷᠭᠡ ᠲᠤᠭ᠎ᠠ ᠪᠠᠷᠢᠮᠲᠠ ᠶᠢᠨ ᠬᠡᠯᠪᠡᠷᠢ ᠶᠢ ᠬᠦᠯᠢᠶᠡᠨ ᠠᠪᠴᠤ | ᠰᠢᠢᠳᠪᠦᠷᠢᠯᠡᠵᠦ᠂ ᠲᠠᠪᠴᠠᠩ ᠤᠨ ᠠᠭᠤᠰᠤᠯᠴᠠᠨ ᠨᠡᠪᠲᠡᠷᠡᠯᠴᠡᠬᠦ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ | ᠱᠠᠭᠠᠷᠳᠠᠯᠭ᠎ᠠ ᠪᠠ ᠲᠤᠬᠠᠶᠢᠯᠠᠭᠰᠠᠨ ᠠᠵᠢᠯ ᠤᠨ ᠶᠠᠪᠤᠴᠠ ᠶᠢ ᠡᠮᠬᠢᠯᠡᠨ ᠳᠢᠭᠯᠡᠵᠦ᠂ ᠲᠤᠭ᠎ᠠ ᠪᠠᠷᠢᠮᠲᠠ ᠶᠢᠨ ᠡᠬᠢ | ᠪᠠᠶᠠᠯᠢᠭ ᠢ ᠬᠠᠷᠢᠯᠴᠠᠨ ᠬᠤᠯᠪᠣᠭᠠᠯᠠᠵᠤ ᠬᠠᠮᠲᠤᠪᠠᠷ ᠡᠳ᠋ᠯᠡᠬᠦ᠂ ᠠᠵᠢᠯ ᠤᠨ ᠬᠠᠭᠤᠳᠠᠰᠤ ᠴᠠᠭᠳᠠᠭ᠎ᠠ ᠶᠢᠨ | ᠬᠠᠭᠤᠳᠠᠰᠤ ᠶᠢ ᠬᠤᠣᠰ ᠴᠢᠭᠯᠡᠯ ᠢᠶᠠᠷ ᠡᠷᠭᠢᠯᠳᠦᠭᠦᠯᠬᠦ᠂ ᠬᠠᠷᠢᠭᠤ ᠲᠤᠰᠬᠠᠯ ᠤᠨ ᠪᠢᠲᠡᠭᠦᠦ ᠴᠠᠭᠠᠷᠢᠭ ᠤᠨ | ᠬᠠᠮᠢᠶᠠᠷᠤᠯᠲᠠ ᠶᠢᠨ ᠠᠵᠢᠯᠯᠠᠭᠠᠨ ᠤ ᠵᠠᠭᠪᠤᠷ ᠢ ᠭᠥᠯᠢᠶᠡᠨ ᠠᠪᠴᠤ ᠰᠢᠢᠳᠪᠦᠷᠢᠯᠡᠬᠦ ᠶᠢ ᠪᠡᠶᠡᠯᠡᠭᠦᠯᠵᠦ᠂ ᠡᠯ᠎ᠡ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ︵ᠨᠢᠭᠡᠴᠢ︶ ᠬᠢᠭᠡᠳ 12345 ᠪᠠ 110 ᠲᠠᠪᠴᠠᠩ ᠤᠨ ᠬᠠᠮᠵᠢᠯᠴᠠᠨ | ᠬᠥᠳᠡᠯᠦᠯᠴᠡᠭᠰᠡᠨ ᠰᠢᠢᠳᠪᠦᠷᠢᠯᠡᠬᠦ ᠠᠵᠢᠯ ᠤᠨ ᠰᠢᠰᠲ᠋ᠧᠮᠵᠢ ᠶᠢ ᠪᠠᠶᠢᠭᠤᠯᠤᠨ᠂ ᠳᠠᠪᠠᠭᠤᠯᠢᠭ ᠢᠶᠠᠨ ᠬᠠᠷᠢᠯᠴᠠᠨ | ᠨᠥᠬᠦᠪᠦᠷᠢᠯᠡᠬᠦ᠂ ᠥᠨᠳᠥᠷ ᠦᠷ᠎ᠡ ᠪᠦᠲᠦᠮᠵᠢᠲᠡᠶ ᠪᠠᠷ ᠠᠷᠠᠳ ᠲᠤ ᠲᠥᠬᠦᠮ ᠦᠵᠡᠭᠦᠯᠬᠦ ᠨᠡᠶᠢᠭᠡᠮ ᠤᠨ ᠣᠯᠠᠨ | ᠨᠡᠶᠢᠲᠡ ᠶᠢᠨ ᠦᠢᠯᠡᠴᠢᠯᠡᠭᠡᠨ ᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠣᠶ ᠪᠣᠯᠭᠠᠵᠤ᠂ ᠶᠡᠷᠦᠩᠬᠡᠶᠢᠯᠡᠭᠰᠡᠨ | ᠦᠢᠯᠡᠴᠢᠯᠡᠭᠡᠨ ᠤ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠴᠢᠨᠠᠷ | ᠰᠠᠶᠢᠲᠠᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠨ᠎ᠡ᠃ | ᠭᠤᠷᠪᠠ᠂ ᠠᠵᠢᠯ ᠤᠨ ᠡᠭᠦᠷᠭᠡ | ︵ᠨᠢᠭᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠨ᠎ᠠ᠃ 12345 ᠠᠵᠤ | ᠠᠬᠤᠶᠢᠯᠠᠯ ᠪᠣᠯᠣᠨ ᠣᠯᠠᠨ ᠲᠦᠮᠡᠨ ᠤ ᠵᠠᠰᠠᠭ ᠤᠨ ᠣᠷᠳᠣᠨ ᠤ ᠬᠠᠮᠢᠶᠠᠷᠤᠯᠲᠠ ᠪᠣᠯᠣᠨ ᠦᠢᠯᠡᠴᠢᠯᠡᠭᠡᠨ ᠤ ᠲᠤᠬᠠᠢ | ᠪᠠᠴᠢᠮ ᠪᠤᠰᠤ ᠱᠠᠭᠠᠷᠳᠠᠯᠭ᠎ᠠ ᠶᠢ ᠪᠦᠬᠦᠯᠢ ᠡᠳᠦᠷ ᠤᠨ 24 ᠴᠠᠭ ᠢᠶᠠᠷ ᠬᠦᠯᠢᠶᠡᠨ ᠠᠪᠴᠤ ᠰᠢᠢᠳᠪᠦᠷᠢᠯᠡᠨ᠎ᠡ᠂ 110 | ᠲᠦᠭᠰᠢᠭᠦᠷᠢ ᠮᠡᠳᠡᠭᠦᠯᠬᠦ ᠦᠢᠯᠡᠴᠢᠯᠡᠭᠡᠨ ᠤ ᠲᠠᠪᠴᠠᠩ ᠨᠢ ᠪᠦᠬᠦᠯᠢ ᠡᠳᠦᠷ ᠤᠨ 24 ᠴᠠᠭ ᠤᠨ ᠳᠣᠲᠣᠷ᠎ᠠ ᠤᠯᠠᠨ | ᠨᠡᠶᠢᠲᠡ ᠶᠢᠨ ᠲᠦᠭᠰᠢᠭᠦᠷᠢ ᠮᠡᠳᠡᠭᠦᠯᠬᠦ᠂ ᠪᠠᠴᠢᠮ ᠲᠤᠰᠠᠯᠠᠮᠵᠢ ᠭᠤᠶᠤᠴᠢᠯᠠᠬᠤ ᠪᠠ ᠴᠠᠭᠳᠠᠭᠠᠨ ᠤ ᠶᠠᠪᠤᠳᠠᠯ ᠤᠨ | ᠭᠤᠮᠣᠳᠠᠯ ᠱᠠᠭᠠᠷᠳᠠᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠶᠢ ᠬᠠᠷᠢᠭᠤᠴᠠᠵᠤ᠂ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠪᠠᠴᠢᠮ ᠲᠦᠭᠰᠢᠭᠦᠷᠢᠲᠡᠢ ᠴᠠᠭᠳᠠᠭᠠᠨ ᠤ | ᠪᠠᠶᠢᠳᠠᠯ ᠢ ᠰᠢᠢᠳᠪᠦᠷᠢᠯᠡᠨ᠂ ᠨᠡᠶᠢᠭᠡᠮ ᠤᠨ ᠠᠮᠤᠷ ᠲᠦᠪᠰᠢᠨ ᠡᠮᠬᠢ ᠵᠢᠷᠤᠮ ᠢ ᠬᠠᠮᠠᠭᠠᠯᠠᠵᠤ᠂ ᠠᠷᠠᠳ ᠤᠯᠠᠨ ᠳᠤ | ᠦᠢᠯᠡᠴᠢᠯᠡᠨ᠎ᠡ᠃ 12345 ᠪᠠ 110 ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠲᠠᠢ | ᠤᠶᠠᠯᠳᠤᠭᠤᠯᠤᠨ᠂ ᠡᠭᠦᠷᠭᠡ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠢ ᠪᠣᠯᠭᠠᠵᠤ᠂ ᠲᠤᠰᠢᠶᠠᠯ | ᠬᠠᠷᠢᠭᠤᠴᠠᠯᠭ᠎ᠠ ᠶᠢᠨ ᠵᠠᠭᠠᠭ ᠬᠢᠵᠠᠭᠠᠷ ᠢ ᠲᠣᠳᠣᠷᠬᠠᠢ ᠪᠣᠯᠭᠠᠵᠤ᠂ ᠠᠮᠤᠷ ᠲᠦᠪᠰᠢᠨ ᠲᠣᠭᠲᠠᠭᠤᠨ ᠪᠠᠶᠢᠳᠠᠯ ᠢ | ᠬᠠᠮᠠᠭᠠᠯᠠᠬᠤ᠂ ᠠᠵᠤ ᠠᠬᠤᠢ ᠶᠢᠨ ᠬᠥᠭᠵᠢᠯᠲᠡ ᠶᠢ ᠪᠠᠲᠤᠯᠠᠬᠤ᠂ ᠠᠷᠠᠳ ᠤᠯᠠᠨ ᠳᠤ ᠦᠢᠯᠡᠴᠢᠯᠡᠬᠦ ᠵᠡᠷᠭᠡ ᠠᠵᠢᠯ ᠢ | ᠬᠠᠮᠲᠤ ᠪᠠᠷ ᠰᠠᠶᠢᠲᠤᠷ ᠬᠢᠨ᠎ᠡ᠃ | 12345 ᠭᠥᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠠᠵᠤ ᠠᠬᠤᠶᠢᠯᠠᠯ ᠪᠠ ᠣᠯᠠᠨ ᠲᠦᠮᠡᠨ ᠤ ᠠᠵᠤ | ᠠᠬᠤᠢ ᠶᠢᠨ ᠲᠣᠬᠢᠷᠠᠭᠤᠯᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠨᠡᠶᠢᠭᠡᠮ ᠤᠨ ᠬᠠᠮᠢᠶᠠᠷᠤᠯᠲᠠ᠂ | ᠣᠯᠠᠨ ᠨᠡᠶᠢᠲᠡ ᠶᠢᠨ ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ | ᠬᠦᠷᠢᠶᠡᠨ ᠳᠠᠬᠢ ᠯᠠᠪᠯᠠᠯᠲᠠ᠂ ᠪᠠᠴᠢᠮ ᠪᠤᠰᠤ ᠲᠤᠰᠠᠯᠠᠮᠵᠢ ᠭᠤᠶᠤᠴᠢᠯᠠᠬᠤ᠂ ᠵᠠᠭᠠᠯᠳᠤᠬᠤ᠂ ᠢᠯᠡᠴᠢᠯᠡᠨ ᠮᠡᠳᠡᠭᠦᠯᠬᠦ | ᠪᠠ ᠰᠠᠨᠠᠯ ᠰᠠᠨᠠᠭᠤᠯᠭ᠎ᠠ ᠵᠡᠷᠭᠡ᠃ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ᠂ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠢᠯᠡ | ᠪᠣᠯᠭᠠᠬᠤ ᠵᠡᠷᠭᠡ ᠵᠢᠷᠤᠮ ᠢᠶᠠᠷ ᠳᠠᠮᠵᠢᠭᠤᠯᠤᠨ ᠰᠢᠢᠳᠪᠦᠷᠢᠯᠡᠬᠦ ᠵᠦᠢᠯᠡᠰ᠂ ᠨᠢᠭᠡᠨᠲᠡ ᠵᠠᠬᠢᠳᠠᠯ ᠰᠣᠷᠪᠤᠯᠵᠢᠯᠠᠭ᠎ᠠ ᠶᠢᠨ | ᠠᠷᠭ᠎ᠠ ᠵᠠᠮ ᠳᠤ ᠣᠷᠣᠭᠰᠠᠨ ᠵᠦᠢᠯᠡᠰ ᠵᠢᠴᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ | ᠬᠥᠮᠥᠨ ᠤ ᠨᠢᠭᠤᠴᠠ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠬᠡᠪ ᠵᠠᠩᠰᠢᠯ ᠠᠴᠠ ᠵᠥᠷᠢᠴᠡᠭᠰᠡᠨ ᠵᠦᠢᠯᠡᠰ | ᠵᠡᠷᠭᠡ ᠶᠢ ᠬᠦᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠣᠷᠣᠭᠤᠯᠬᠤ ᠦᠭᠡᠢ᠃ | 110 ᠬᠦ᠋ᠯᠢᠶᠡᠨ ᠠᠪᠴᠤ ᠰᠢᠢᠳᠪᠦᠷᠢᠯᠡᠬᠦ ᠬᠡᠪᠴᠢᠶ᠎ᠡ᠄ ᠡᠷᠡᠭᠦᠦ ᠶᠢᠨ ᠬᠡᠷᠡᠭ ᠤᠨ ᠲᠦᠷᠦᠯ ᠤᠨ ᠴᠠᠭᠳᠠᠭ᠎ᠠ ᠶᠢᠨ | ᠪᠠᠶᠢᠳᠠᠯ᠂ ᠠᠮᠤᠷ ᠢ ᠬᠠᠮᠠᠭᠠᠯᠠᠬᠤ ᠲᠦᠷᠦᠯ ᠤᠨ ᠴᠠᠭᠳᠠᠭ᠎ᠠ ᠶᠢᠨ ᠪᠠᠶᠢᠳᠠᠯ᠂ ᠵᠠᠮ ᠬᠠᠷᠢᠯᠴᠠᠭᠠᠨ ᠤ ᠲᠦᠷᠦᠯ ᠤᠨ | ᠴᠠᠭᠳᠠᠭ᠎ᠠ ᠶᠢᠨ ᠪᠠᠶᠢᠳᠠᠯ᠂ ᠬᠥᠮᠥᠨ ᠤ ᠪᠡᠶ᠎ᠡ ᠮᠠᠬᠠᠪᠤᠳ ᠪᠠ ᠡᠳ᠋ ᠬᠦᠷᠦᠩᠭᠡ ᠶᠢᠨ ᠠᠮᠤᠷ ᠲᠦᠪᠰᠢᠨ ᠪᠤᠶᠤ | ᠨᠡᠶᠢᠭᠡᠮ ᠤᠨ ᠠᠮᠤᠷ ᠲᠦᠪᠰᠢᠨ ᠤ ᠡᠮᠬᠢ ᠵᠢᠷᠤᠮ ᠳᠤ ᠠᠶᠤᠯ ᠬᠥᠨᠥᠭᠡᠯ ᠤᠴᠠᠷᠠᠭᠤᠯᠤᠭᠰᠠᠨ ᠬᠠᠮᠲᠤᠯᠢᠭ ᠤᠨ | ᠴᠢᠨᠠᠷᠲᠠᠢ ᠬᠡᠷᠡᠭ ᠵᠢᠴᠢ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠬᠤ ᠳᠣᠲᠣᠭᠠᠳᠤ ᠶᠢ | ᠬᠠᠮᠠᠭᠠᠯᠠᠬᠤ ᠪᠠᠶᠢᠭᠤᠯᠭ᠎ᠠ ᠪᠠᠷ ᠰᠢᠢᠳᠪᠦᠷᠢᠯᠡᠭᠦᠯᠬᠦ ᠴᠢᠬᠤᠯᠠᠲᠠᠢ ᠪᠤᠰᠤᠳ ᠴᠠᠭᠳᠠᠭ᠎ᠠ ᠳᠤ ᠮᠡᠳᠡᠭᠦᠯᠦᠯᠲᠡ︔ ᠤᠯᠠᠨ | ᠨᠡᠶᠢᠲᠡ ᠶᠢᠨ ᠲᠥᠬᠦᠭᠡᠷᠦᠮᠵᠢ ᠶᠢᠨ ᠲᠦᠭᠰᠢᠭᠦᠷᠢᠲᠦ ᠪᠠᠶᠢᠳᠠᠯ᠂ ᠭᠠᠢ ᠭᠠᠮᠰᠢᠭ ᠤᠨ ᠡ᠊ᠨᠳᠡᠯ ᠵᠢᠴᠢ ᠬᠥᠮᠥᠨ ᠤ ᠪᠡᠶ᠎ᠡ | ᠮᠠᠬᠠᠪᠤᠳ ᠪᠠ ᠡᠳ᠋ ᠬᠥᠷᠥᠩᠭᠡ ᠶᠢᠨ ᠠᠮᠤᠷ ᠲᠦᠪᠰᠢᠨ᠂ ᠤᠯᠠᠨ ᠨᠡᠶᠢᠲᠡ ᠶᠢᠨ ᠠᠮᠤᠷ ᠲᠦᠪᠰᠢᠨ ᠳᠤ ᠠᠶᠤᠯ | ᠬᠥᠨᠥᠭᠡᠯ ᠤᠴᠠᠷᠠᠭᠤᠯᠬᠤ ᠵᠡᠷᠭᠡ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠣᠷᠣᠯᠴᠠᠵᠤ ᠰᠢᠢᠳᠪᠦᠷᠢᠯᠡᠬᠦ | ᠴᠢᠬᠤᠯᠠᠲᠠᠢ ᠪᠤᠰᠤᠳ ᠪᠠᠴᠢᠮ ᠲᠤᠰᠠᠯᠠᠮᠵᠢ ᠭᠤᠶᠤᠴᠢᠯᠠᠬᠤ︔ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠵᠢᠴᠢ | ᠠᠷᠠᠳ ᠤᠨ ᠴᠠᠭᠳᠠᠭ᠎ᠠ ᠶᠢᠨ ᠶᠠᠭ ᠡᠭᠦᠰᠴᠦ ᠪᠠᠶᠢᠭ᠎ᠠ ᠬᠠᠤᠯᠢ ᠰᠠᠬᠢᠯᠭ᠎ᠠ ᠶᠢ ᠵᠥᠷᠢᠴᠡᠭᠰᠡᠨ ᠪᠤᠶᠤ | ᠬᠠᠷᠢᠭᠤᠴᠠᠯᠭ᠎ᠠ ᠪᠠᠨ ᠠᠯᠳᠠᠭᠰᠠᠨ ᠠᠵᠢᠯᠯᠠᠭ᠎ᠠ ᠶᠢᠨ ᠲᠤᠬᠠᠢ ᠵᠠᠭᠠᠯᠳᠤᠯᠭ᠎ᠠ᠃ | ᠡᠯ᠎ᠡ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ᠨᠢᠭᠡᠴᠢ︶ ᠪᠣᠯ 12345 ᠪᠠ 110 | ᠰᠠᠯᠭᠠᠨ ᠶᠠᠪᠤᠭᠤᠯᠤᠭᠰᠠᠨ ᠬᠠᠮᠲᠤᠷᠠᠨ ᠬᠥᠳᠡᠯᠦᠯᠴᠡᠬᠦ ᠵᠦᠢᠯᠡᠰ ᠢ ᠭᠦᠢᠴᠡᠳᠬᠡᠬᠦ ᠭᠤᠣᠯ ᠴᠣᠭᠴᠠ ᠶᠢᠨ | ᠬᠠᠷᠢᠭᠤᠴᠠᠯᠭᠠᠲᠤ ᠰᠠᠯᠠᠭ᠎ᠠ ᠮᠥᠴᠢᠷ ︵ᠨᠢᠭᠡᠴᠢ︶ ᠪᠣᠯᠣᠨ᠎ᠠ᠂ ᠬᠠᠷᠢᠶᠠᠯᠠᠬᠤ ᠡᠷᠬᠡ ᠶᠢᠨ ᠬᠡᠪᠴᠢᠶ᠎ᠡ ᠪᠠ ᠬᠦᠷᠢᠶ᠎ᠡ | ᠬᠡᠪᠴᠢᠶ᠎ᠡ ᠪᠠᠨ ᠦᠨᠳᠦᠰᠦᠯᠡᠨ᠂ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠲᠣᠰ ᠲᠣᠰ ᠤᠨ ᠡᠭᠦᠷᠭᠡ | ᠬᠠᠷᠢᠭᠤᠴᠠᠯᠭ᠎ᠠ ᠪᠠ ᠡᠭᠦᠷᠭᠡ ᠪᠠᠨ ᠬᠠᠤᠯᠢ ᠶᠣᠰᠣᠭᠠᠷ ᠭᠦᠢᠴᠡᠳᠬᠡᠬᠦ ᠬᠡᠷᠡᠭᠲᠡᠢ᠃ | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠣᠳᠠᠲᠠᠢ ᠲᠠᠢ ᠪᠠᠨ | ᠤᠶᠠᠯᠳᠤᠭᠤᠯᠤᠨ᠂ ᠲᠣᠰ ᠭᠠᠵᠠᠷ ᠣᠷᠣᠨ ᠤ 12345 ᠬᠢᠭᠡᠳ 110 ᠡᠭᠦᠷᠭᠡ ᠴᠢᠳᠠᠪᠤᠷᠢ ᠡᠭᠦᠷᠭᠡ | ᠬᠠᠷᠢᠭᠤᠴᠠᠯᠭ᠎ᠠ᠂ ᠰᠠᠯᠠᠭ᠎ᠠ ᠮᠥᠴᠢᠷ ︵ᠨᠢᠭᠡᠴᠢ︶ ᠤᠨ ᠡᠭᠦᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠤ ᠵᠢᠴᠢ | ᠬᠤᠯᠪᠤᠭᠠᠯᠠᠨ ᠬᠥᠳᠡᠯᠦᠯᠴᠡᠵᠦ ᠰᠠᠯᠭᠠᠨ ᠲᠣᠬᠢᠷᠠᠭᠤᠯᠬᠤ ᠵᠦᠢᠯᠡᠰ ᠢ ᠭᠥᠯᠢᠶᠡᠨ ᠠᠪᠴᠤ ᠰᠢᠢᠳᠪᠦᠷᠢᠯᠡᠬᠦ ᠨᠠᠷᠢᠨ | ᠬᠠᠭᠤᠳᠠᠰᠤ ᠶᠢ ᠲᠣᠳᠣᠷᠬᠠᠶᠢᠯᠠᠬᠤ ᠬᠡᠷᠡᠭᠲᠡᠢ᠃ | ︵ᠬᠤᠶᠠᠷ︶ ᠬᠤᠶᠠᠷ ᠲᠠᠯ᠎ᠠ ᠪᠠᠷ ᠢᠶᠠᠨ ᠰᠠᠯᠭᠠᠨ ᠰᠢᠢᠳᠪᠦᠷᠢᠯᠡᠬᠦ ᠶᠢ ᠭᠥᠯᠢᠶᠡᠨ ᠠᠪᠴᠤ ᠰᠢᠢᠳᠪᠦᠷᠢᠯᠡᠬᠦ | ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | 1. ᠨᠢᠭᠡ ᠳᠠᠷᠤᠪᠴᠢ ᠪᠠᠷ ᠬᠠᠷᠢᠯᠴᠠᠨ ᠳᠠᠮᠵᠢᠭᠤᠯᠬᠤ᠃ 12345 ᠪᠤᠶᠤ 110 ᠤᠲᠠᠰᠤ ᠪᠠᠷ ᠨᠥᠭᠦᠭᠡ | ᠡᠲᠡᠭᠡᠳ ᠤᠨ ᠢᠶᠠᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠭᠲᠠᠬᠤ ᠤᠴᠢᠷ ᠶᠠᠪᠤᠳᠠᠯ ᠢ ᠳᠤᠰᠤᠭᠰᠠᠨ ᠤ | ᠳᠠᠷᠠᠭ᠎ᠠ᠂ ᠠᠵᠤ ᠠᠬᠤᠶᠢᠯᠠᠯ ᠪᠤᠶᠤ ᠣᠯᠠᠨ ᠲᠦᠮᠡᠨ ᠲᠠᠢ ᠵᠥᠪᠳᠡᠯᠴᠡᠭᠰᠡᠨ ᠤ ᠳᠠᠷᠠᠭ᠎ᠠ᠂ ᠨᠢᠭᠡ ᠯᠡ ᠳᠠᠷᠤᠪᠴᠢ ᠪᠠᠷ | ᠨᠥᠭᠦᠭᠡ ᠡᠲᠡᠭᠡᠳ ᠲᠡᠭᠡᠨ ᠰᠢᠯᠵᠢᠭᠦᠯᠦᠨ ᠥᠭᠴᠦ ᠬᠦᠯᠢᠶᠡᠨ ᠠᠪᠴᠤ ᠰᠢᠢᠳᠪᠦᠷᠢᠯᠡᠭᠦᠯᠦᠨ᠎ᠡ᠃ | 2. ᠭᠤᠷᠪᠠᠨ ᠲᠠᠯ᠎ᠠ ᠪᠠᠷ ᠢᠶᠠᠨ ᠤᠲᠠᠰᠤ ᠨᠡᠪᠲᠡᠷᠡᠬᠦ᠃ 12345 ᠪᠤᠶᠤ 110 ᠨᠢ ᠬᠠᠷᠢᠭᠤᠴᠠᠯᠭ᠎ᠠ ᠲᠠᠢ | ᠨᠢᠭᠡᠴᠢ ᠶᠢᠨ ᠲᠣᠳᠣᠷᠬᠠᠢ ᠦᠭᠡᠢ᠂ ᠡᠭᠦᠷᠭᠡ ᠬᠠᠷᠢᠭᠤᠴᠠᠯᠭ᠎ᠠ ᠨᠢ ᠰᠣᠯᠪᠢᠴᠠᠵᠤ ᠪᠠᠶᠢᠭ᠎ᠠ ᠪᠤᠶᠤ ᠨᠢᠭᠡ ᠳᠠᠷᠤᠪᠴᠢ ᠪᠠᠷ | ᠳᠠᠮᠵᠢᠭᠤᠯᠤᠨ ᠵᠠᠯᠭᠠᠵᠤ ᠳᠡᠶᠢᠯᠦᠭᠰᠡᠨ ᠦᠭᠡᠢ ᠠᠵᠤ ᠠᠬᠤᠶᠢᠯᠠᠯ ᠪᠠ ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠶᠢ | ᠤᠲᠠᠰᠤ ᠪᠠᠷ ᠭᠥᠯᠢᠶᠡᠨ ᠠᠪᠤᠪᠠᠯ᠂ ᠭᠤᠷᠪᠠᠨ ᠲᠠᠯ᠎ᠠ ︵ᠭᠤᠮᠣᠳᠠᠯ ᠲᠣᠭᠠᠴᠢᠭᠰᠠᠨ ᠲᠠᠯ᠎ᠠ᠂ 12345᠂ 110︶ | ᠶᠢᠨ ᠤᠲᠠᠰᠤ ᠪᠠᠷ ᠶᠠᠷᠢᠯᠴᠠᠬᠤ ᠠᠷᠭ᠎ᠠ ᠮᠠᠶ᠋ᠢᠭ ᠢᠶᠠᠷ ᠪᠣᠳᠠᠲᠠᠢ ᠭᠤᠮᠣᠳᠠᠯ ᠱᠠᠭᠠᠷᠳᠠᠯᠭ᠎ᠠ ᠶᠢ ᠣᠶᠢᠯᠠᠭᠠᠭᠰᠠᠨ ᠤ | ᠳᠠᠷᠠᠭ᠎ᠠ᠂ ᠭᠥᠯᠢᠶᠡᠨ ᠠᠪᠴᠤ ᠰᠢᠢᠳᠪᠦᠷᠢᠯᠡᠬᠦ ᠲᠠᠪᠴᠠᠩ ᠢ ᠵᠥᠪᠳᠡᠯᠴᠡᠨ ᠲᠣᠭᠲᠠᠭᠠᠵᠤ ᠪᠣᠯᠣᠨ᠎ᠠ᠃ | 3. ᠰᠢᠰᠲ᠋ᠧᠮ ᠳᠤ ᠬᠦᠷᠭᠡᠬᠦ᠃ ᠨᠢᠭᠡ ᠳᠠᠷᠤᠭᠤᠯ ᠢᠶᠠᠷ ᠬᠠᠷᠢᠯᠴᠠᠨ ᠳᠠᠮᠵᠢᠭᠤᠯᠬᠤ᠂ ᠭᠤᠷᠪᠠᠨ ᠲᠠᠯ᠎ᠠ ᠪᠠᠷ ᠢᠶᠠᠨ | ᠤᠲᠠᠰᠤ ᠨᠡᠪᠲᠡᠷᠡᠬᠦ ᠠᠷᠭ᠎ᠠ ᠮᠠᠶ᠋ᠢᠭ ᠢ ᠭᠠᠷᠭᠠᠪᠠᠯ᠂ 12345 ᠪᠤᠶᠤ 110 ᠨᠢ ᠨᠥᠭᠦᠭᠡ ᠲᠠᠯ᠎ᠠ ᠶᠢᠨ | ᠲᠤᠬᠠᠶᠢᠯᠠᠭᠰᠠᠨ ᠠᠵᠢᠯ ᠤᠨ ᠭᠥᠯᠢᠶᠡᠨ ᠠᠪᠴᠤ ᠰᠢᠢᠳᠪᠦᠷᠢᠯᠡᠬᠦ ᠬᠡᠪᠴᠢᠶᠡᠨ ᠳᠤ ᠲᠣᠳᠣᠷᠬᠠᠢ ᠬᠠᠷᠢᠶᠠᠯᠠᠭᠳᠠᠬᠤ | ᠵᠦᠢᠯᠡᠰ ᠢ ᠭᠥᠯᠢᠶᠡᠨ ᠠᠪᠤᠪᠠᠯ᠂ ᠰᠢᠰᠲ᠋ᠧᠮ ᠢᠶᠠᠷ ᠳᠠᠮᠵᠢᠭᠤᠯᠤᠨ ᠨᠥᠭᠦᠭᠡ ᠲᠠᠯ᠎ᠠ ᠳᠠᠭᠠᠨ ᠴᠠᠭ ᠲᠤᠬᠠᠢ ᠳᠤᠨᠢ | ᠰᠢᠯᠵᠢᠭᠦᠯᠦᠨ ᠥᠭᠴᠦ ᠭᠥᠯᠢᠶᠡᠨ ᠠᠪᠴᠤ ᠰᠢᠢᠳᠪᠦᠷᠢᠯᠡᠭᠦᠯᠵᠦ ᠪᠣᠯᠣᠨ᠎ᠠ︔12345 ᠠᠵᠢᠯ ᠤᠨ ᠬᠠᠭᠤᠳᠠᠰᠤ ᠶᠢ | ᠳᠠᠭᠠᠭᠠᠨ ᠠᠪᠴᠤ ᠭᠦᠢᠴᠡᠳᠬᠡᠬᠦ ᠨᠢᠭᠡᠴᠢ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠢᠳᠪᠦᠷᠢᠯᠡᠬᠦ ᠳᠡᠭᠡᠨ᠂ | ᠵᠥᠷᠢᠴᠡᠯ ᠵᠢᠭᠤᠷᠠᠯᠳᠤᠭᠠᠨ ᠰᠢᠷᠦᠭᠦᠰᠴᠦ᠂ ᠬᠡᠷᠡᠭ ᠤᠨ ᠪᠠᠶᠢᠳᠠᠯ ᠢ ᠡᠵᠡᠮᠳᠡᠬᠦ ᠳᠤ ᠪᠡᠷᠬᠡᠲᠡᠢ ᠪᠤᠶᠤ ᠬᠠᠤᠯᠢ ᠶᠢ | ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠢ ᠣᠯᠵᠤ ᠮᠡᠳᠡᠪᠡᠯ᠂ 110 ᠴᠠᠭᠳᠠᠭ᠎ᠠ ᠲᠠᠢ ᠬᠤᠯᠪᠤᠭᠠᠯᠠᠨ | ᠴᠠᠭᠳᠠᠭ᠎ᠠ ᠪᠠᠷ ᠰᠢᠢᠳᠪᠦᠷᠢᠯᠡᠭᠦᠯᠦᠨ᠎ᠡ︔ 110 ᠴᠠᠭᠳᠠᠭ᠎ᠠ ᠲᠣᠮᠢᠯᠠᠨ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠰᠢᠢᠳᠪᠦᠷᠢᠯᠡᠬᠦ ᠦᠶ᠎ᠡ ᠳᠤ᠂ ᠪᠤᠰᠤᠳ ᠰᠠᠯᠠᠭ᠎ᠠ ᠮᠥᠴᠢᠷ ︵ᠨᠢᠭᠡᠴᠢ︶ ᠲᠤ ᠬᠤᠯᠪᠣᠭᠳᠠᠪᠠᠯ᠂ ᠴᠠᠭ ᠲᠤᠬᠠᠢ ᠳᠤᠨᠢ | ᠠᠵᠢᠯ ᠤᠨ ᠬᠠᠭᠤᠳᠠᠰᠤ ᠶᠢ 12345 ᠳᠤ ᠰᠢᠯᠵᠢᠭᠦᠯᠦᠨ ᠲᠤᠰᠢᠶᠠᠵᠤ ᠬᠠᠮᠵᠢᠯᠴᠠᠨ ᠰᠢᠢᠳᠪᠦᠷᠢᠯᠡᠭᠦᠯᠦᠨ᠎ᠡ᠃ | 4. ᠲᠤᠰᠬᠠᠢ ᠰᠠᠭᠤᠳᠠᠯ ᠢᠶᠠᠷ ᠬᠤᠯᠪᠤᠭᠠᠯᠠᠨ ᠬᠦᠳᠡᠯᠦᠯᠴᠡᠬᠦ᠃ 12345 ᠪᠣᠯᠣᠨ 110 ᠶᠢ ᠲᠣᠰ ᠲᠣᠰ | ᠨᠥᠭᠦᠭᠡ ᠡᠲᠡᠭᠡᠳ ᠤᠨ ᠢᠶᠠᠨ ᠤᠲᠠᠰᠤ ᠵᠠᠯᠭᠠᠯᠲᠠ ᠶᠢᠨ ᠶᠡᠭᠡ ᠲᠢᠩᠬᠢᠮ ᠳᠤ ᠵᠣᠯᠭᠠᠭᠤᠯᠵᠤ ᠬᠠᠮᠲᠤᠷᠠᠨ | ᠬᠥᠳᠡᠯᠦᠯᠴᠡᠬᠦ ᠲᠤᠰᠬᠠᠢ ᠰᠠᠭᠤᠳᠠᠯ ᠭᠠᠷᠭᠠᠵᠤ᠂ ᠪᠠᠶᠢᠳᠠᠯ ᠢ ᠦᠵᠡᠵᠦ ᠬᠠᠷᠢᠯᠴᠠᠨ ᠬᠥᠮᠥᠨ ᠲᠣᠮᠢᠯᠠᠨ ᠲᠤᠰᠬᠠᠢ | ᠡᠭᠡᠯᠵᠢ ᠶᠢᠨ ᠵᠢᠵᠢᠭᠦᠷᠯᠡᠨ ᠰᠠᠬᠢᠬᠤ ᠶᠢ ᠲᠦᠯᠬᠢᠨ ᠠᠬᠢᠭᠤᠯᠵᠤ᠂ ᠠᠵᠢᠯ ᠤᠨ ᠬᠠᠭᠤᠳᠠᠰᠤ ᠶᠢᠨ ᠴᠠᠭᠳᠠᠭᠠᠨ ᠤ | ᠬᠠᠭᠤᠳᠠᠰᠤ ᠶᠢ ᠡᠷᠭᠢᠯᠲᠡ ᠳᠤ ᠣᠷᠣᠭᠤᠯᠬᠤ ᠶᠢ ᠭᠦᠢᠴᠡᠳᠬᠡᠬᠦ ᠵᠢᠷᠤᠮᠵᠢᠯ ᠤᠨ ᠪᠣᠭᠤᠮᠲᠠ᠂ ᠶᠠᠰᠤ ᠴᠢᠨᠠᠷ ᠤᠨ | ᠪᠣᠭᠤᠮᠲᠠ ᠶᠢ ᠴᠢᠩᠭ᠎ᠠ ᠠᠳᠬᠤᠵᠤ᠂ ᠠᠵᠢᠯ ᠤᠨ ᠬᠠᠭᠤᠳᠠᠰᠤ ᠶᠢᠨ ᠴᠠᠭᠳᠠᠭᠠᠨ ᠤ ᠬᠠᠭᠤᠳᠠᠰᠤ ᠶᠢ ᠡᠷᠭᠢᠯᠲᠡ ᠳᠤ | ᠣᠷᠣᠭᠤᠯᠬᠤ ᠶᠢ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠎ᠡ᠃ | ︵ᠭᠤᠷᠪᠠ︶ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠣᠨ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ | ᠤᠲᠠᠰᠤᠨ ᠤ ᠵᠢᠯᠤᠭᠤᠳᠬᠤ ᠦᠢᠯᠡᠴᠢᠯᠡᠭᠡᠨ ᠤ ᠲᠥᠪ ᠨᠢ 12345 ᠬᠢᠭᠡᠳ 110 ᠨᠢᠭᠡᠳᠦᠯᠲᠡᠢ ᠲᠥᠯᠥᠪᠯᠡᠨ | ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ᠂ 12345 ᠬᠢᠭᠡᠳ 110 ᠠᠵᠢᠯ ᠢ ᠨᠢᠭᠡᠳᠦᠯᠲᠡᠢ | ᠲᠥᠯᠥᠪᠯᠡᠨ ᠲᠥᠯᠥᠪᠵᠢᠭᠦᠯᠬᠦ᠂ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠢᠴᠢ | ᠭᠤᠣᠯᠳᠠᠯᠭ᠎ᠠ ᠲᠠᠢ ᠬᠦᠴᠢᠷ ᠠᠰᠠᠭᠤᠳᠠᠯ ᠢ ᠵᠣᠬᠢᠴᠠᠭᠤᠯᠤᠨ ᠰᠢᠢᠳᠪᠦᠷᠢᠯᠡᠬᠦ ᠶᠢ ᠬᠠᠷᠢᠭᠤᠴᠠᠵᠤ᠂ ᠡᠯ᠎ᠡ ᠵᠦᠢᠯ ᠤᠨ | ᠳᠦᠷᠢᠮ ᠪᠣᠯᠣᠨ ᠠᠵᠢᠯ ᠤᠨ ᠴᠤᠪᠤᠷᠠᠯ ᠢ ᠪᠠᠶᠢᠭᠤᠯᠤᠨ ᠲᠡᠭᠦᠯᠳᠡᠷᠵᠢᠭᠦᠯᠵᠦ᠂ 12345 ᠬᠢᠭᠡᠳ 110 ᠥᠨᠳᠥᠷ | ᠦᠷ᠎ᠡ ᠪᠦᠲᠦᠮᠵᠢ ᠲᠠᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠢ ᠵᠢᠯᠤᠭᠤᠳᠬᠤ ᠪᠠ ᠬᠢᠨᠠᠯᠲᠠ ᠲᠠᠯᠪᠢᠨ᠎ᠠ᠃ | 12345 ᠬᠢᠭᠡᠳ 110 ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢᠨ ᠰᠠᠯᠬᠢᠨ ᠤ ᠵᠦᠭᠯᠡᠭᠦᠷ᠂ ᠨᠡᠶᠢᠭᠡᠮ ᠤᠨ | ᠲᠣᠭᠲᠠᠭᠤᠨ ᠪᠠᠶᠢᠳᠠᠯ ᠢ ᠮᠡᠳᠡᠷᠡᠬᠦ ᠪᠠᠭᠠᠵᠢ᠂ ᠵᠥᠷᠢᠴᠡᠯ ᠵᠢᠭᠤᠷᠠᠯᠳᠤᠭᠠᠨ ᠤ ᠳᠠᠷᠤᠯᠲᠠ ᠶᠢ ᠪᠠᠭᠠᠰᠬᠠᠬᠤ | ᠨᠡᠭᠡᠯᠡᠭᠡᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠣᠯᠠᠨ ᠲᠦᠮᠡᠨ ᠤ ᠲᠦᠭᠰᠢᠭᠦᠷᠢ ᠮᠡᠳᠡᠭᠦᠯᠬᠦ ᠪᠠ ᠭᠤᠮᠣᠳᠠᠯ | ᠲᠣᠭᠠᠴᠢᠬᠤ ᠵᠦᠢᠯᠡᠰ ᠤᠨ ᠰᠢᠨᠵᠢ ᠴᠢᠨᠠᠷ᠂ ᠠᠭᠤᠯᠭ᠎ᠠ᠂ ᠬᠠᠷᠢᠶᠠᠯᠠᠯ ᠵᠡᠷᠭᠡ ᠶᠢ ᠦᠨᠳᠦᠰᠦᠯᠡᠨ ᠡᠷᠭᠢᠯᠲᠡ ᠳᠤ | ᠣᠷᠣᠭᠤᠯᠤᠨ ᠰᠢᠢᠳᠪᠦᠷᠢᠯᠡᠬᠦ ᠠᠵᠢᠯ ᠢ ᠵᠢᠷᠤᠮᠵᠢᠭᠤᠯᠤᠨ ᠥᠷᠨᠢᠭᠦᠯᠦᠨ᠎ᠡ᠃12345 ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠬᠤᠯᠪᠣᠭᠳᠠᠭᠰᠠᠨ ᠭᠤᠮᠣᠳᠠᠯ ᠲᠣᠭᠠᠴᠢᠯᠲᠠ ᠶᠢᠨ ᠵᠦᠢᠯᠡᠰ ᠪᠤᠶᠤ ᠪᠠᠴᠢᠮ ᠭᠤᠶᠤᠴᠢᠯᠠᠯ ᠢ ᠬᠦᠯᠢᠶᠡᠨ | ᠠᠪᠴᠤ᠂ 110 ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠤᠯᠪᠣᠭᠳᠠᠭᠰᠠᠨ ᠭᠤᠮᠣᠳᠠᠯ ᠲᠣᠭᠠᠴᠢᠯᠲᠠ ᠶᠢ | ᠬᠦᠯᠢᠶᠡᠨ ᠠᠪᠴᠤ᠂ ᠬᠤᠯᠪᠤᠭᠠᠯᠠᠨ ᠬᠥᠳᠡᠯᠦᠯᠴᠡᠬᠦ ᠠᠵᠢᠯᠯᠠᠭᠠᠨ ᠤ ᠲᠣᠭᠲᠠᠴᠠ ᠶᠢ ᠡᠬᠢᠯᠡᠭᠦᠯᠵᠦ᠂ ᠨᠢᠭᠡ | ᠳᠠᠷᠤᠪᠴᠢ ᠪᠠᠷ ᠬᠠᠷᠢᠯᠴᠠᠨ ᠰᠢᠯᠵᠢᠭᠦᠯᠬᠦ᠂ ᠭᠤᠷᠪᠠᠨ ᠲᠠᠯ᠎ᠠ ︵ᠭᠤᠮᠣᠳᠠᠯ ᠲᠣᠭᠠᠴᠢᠭᠰᠠᠨ ᠲᠠᠯ᠎ᠠ᠂ 12345᠂ | 110︶ ᠶᠢᠨ ᠤᠲᠠᠰᠤ ᠪᠠᠷ ᠶᠠᠷᠢᠯᠴᠠᠬᠤ᠂ ᠰᠢᠰᠲ᠋ᠧᠮ ᠳᠤ ᠬᠦᠷᠭᠡᠬᠦ᠂ ᠲᠤᠰᠬᠠᠢ ᠰᠠᠭᠤᠳᠠᠯ ᠢᠶᠠᠷ ᠬᠤᠯᠪᠤᠭᠠᠯᠠᠨ | ᠬᠥᠳᠡᠯᠦᠯᠴᠡᠬᠦ ᠵᠡᠷᠭᠡ ᠬᠡᠯᠪᠡᠷᠢ ᠪᠠᠷ ᠭᠦᠢᠴᠡᠳᠬᠡᠨ᠎ᠡ᠃ | 1. ᠬᠤᠪᠢᠶᠠᠷᠢ ᠡᠷᠭᠢᠯᠲᠡ ᠶᠢᠨ ᠠᠯᠪᠠᠨ ᠭᠡᠷ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠭᠥᠯᠢᠶᠡᠨ | ᠠᠪᠴᠤ ᠰᠢᠢᠳᠪᠦᠷᠢᠯᠡᠬᠦ᠂ ᠬᠠᠭᠤᠳᠠᠰᠤ ᠲᠣᠮᠢᠯᠠᠬᠤ᠂ ᠭᠦᠢᠴᠡᠳᠬᠡᠬᠦ᠂ ᠬᠠᠷᠢᠭᠤᠯᠲᠠ ᠥᠭᠬᠦ᠂ ᠰᠢᠮᠳᠠᠭᠤᠯᠤᠨ | ᠭᠦᠢᠴᠡᠳᠬᠡᠬᠦ᠂ ᠰᠢᠢᠳᠪᠦᠷᠢᠯᠡᠵᠦ ᠳᠠᠭᠤᠰᠬᠠᠬᠤ᠂ ᠬᠠᠷᠢᠭᠤ ᠰᠤᠷᠪᠤᠯᠵᠢᠯᠠᠬᠤ᠂ ᠦᠨᠡᠯᠡᠬᠦ ᠵᠡᠷᠭᠡ ᠭᠤᠭᠴᠤᠭ᠎ᠠ ᠶᠢ | ᠪᠠᠭᠲᠠᠭᠠᠭᠰᠠᠨ ᠠᠵᠢᠯ ᠤᠨ ᠴᠤᠪᠤᠷᠠᠯ ᠢ ᠬᠠᠤᠯᠢ ᠲᠣᠭᠲᠠᠭᠠᠯ ᠶᠣᠰᠣᠭᠠᠷ ᠲᠡᠭᠦᠯᠳᠡᠷᠵᠢᠭᠦᠯᠵᠦ᠂ 12345 ᠪᠤᠶᠤ | 110 ᠨᠢ ᠨᠥᠭᠦᠭᠡ ᠡᠲᠡᠭᠡᠳ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠲᠣᠳᠣᠷᠬᠠᠢ ᠬᠠᠷᠢᠶᠠᠯᠠᠭᠳᠠᠬᠤ | ᠵᠦᠢᠯᠡᠰ ᠢ ᠭᠥᠯᠢᠶᠡᠨ ᠠᠪᠤᠪᠠᠯ᠂ ᠨᠢᠭᠡ ᠳᠠᠷᠤᠪᠴᠢ ᠪᠠᠷ ᠬᠠᠷᠢᠯᠴᠠᠨ ᠰᠢᠯᠵᠢᠭᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ | ᠴᠠᠭ ᠲᠤᠬᠠᠢ ᠳᠤᠨᠢ ᠨᠥᠭᠦᠭᠡ ᠡᠲᠡᠭᠡᠳ ᠲᠡᠭᠡᠨ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ᠃ | ᠬᠠᠷᠢᠭᠤᠴᠠᠯᠭ᠎ᠠ ᠲᠠᠢ ᠨᠢᠭᠡᠴᠢ ᠨᠢ ᠲᠣᠳᠣᠷᠬᠠᠢ ᠦᠭᠡᠢ ᠪᠤᠶᠤ ᠡᠭᠦᠷᠭᠡ ᠬᠠᠷᠢᠭᠤᠴᠠᠯᠭ᠎ᠠ ᠨᠢ ᠰᠣᠯᠪᠢᠴᠠᠵᠤ ᠪᠠᠶᠢᠪᠠᠯ᠂ | ᠭᠤᠷᠪᠠᠨ ᠲᠠᠯ᠎ᠠ ᠪᠠᠷ ᠢᠶᠠᠨ ᠤᠲᠠᠰᠤ ᠪᠠᠷ ᠶᠠᠷᠢᠯᠴᠠᠬᠤ ᠠᠷᠭ᠎ᠠ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠬᠦ | ᠲᠠᠪᠴᠠᠩ ᠢ ᠵᠥᠪᠳᠡᠯᠴᠡᠨ ᠲᠣᠭᠲᠠᠭᠠᠵᠤ᠂ ᠵᠥᠪᠳᠡᠯᠴᠡᠭᠰᠡᠨ ᠤ ᠳᠠᠷᠠᠭ᠎ᠠ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ | ᠤᠷᠢᠳᠠᠪᠠᠷ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠭᠥᠯᠢᠶᠡᠨ ᠠᠪᠤᠭᠰᠠᠨ ᠲᠠᠪᠴᠠᠩ ᠠᠴᠠ ᠤᠷᠢᠳᠠᠪᠠᠷ | ᠭᠥᠯᠢᠶᠡᠨ ᠠᠪᠴᠤ ᠰᠢᠢᠳᠪᠦᠷᠢᠯᠡᠨ᠎ᠡ᠂ ᠬᠡᠷᠪᠡ ᠣᠯᠠᠨ ᠲᠦᠮᠡᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ | ᠲᠦᠪᠰᠢᠨ ᠪᠠ ᠨᠡᠶᠢᠭᠡᠮ ᠨᠡᠶᠢᠲᠡ ᠶᠢᠨ ᠡᠮᠬᠢ ᠵᠢᠷᠤᠮ ᠢ ᠰᠦᠷᠳᠡᠭᠦᠯᠬᠦ ᠪᠠᠴᠢᠮ ᠪᠠᠶᠢᠳᠠᠯ ᠣᠷᠣᠰᠢᠵᠤ ᠪᠠᠶᠢᠪᠠᠯ᠂ | 110 ᠴᠠᠭ ᠲᠤᠬᠠᠢ ᠳᠤᠨᠢ ᠴᠠᠭᠳᠠᠭ᠎ᠠ ᠲᠣᠮᠢᠯᠠᠵᠤ ᠤᠷᠢᠳᠠᠪᠠᠷ ᠰᠢᠢᠳᠪᠦᠷᠢᠯᠡᠨ᠎ᠡ᠃12345 ᠪᠤᠶᠤ 110 ᠢᠨᠲ᠋ᠧᠷ | ᠰᠦᠯᠵᠢᠶᠡᠨ ᠤ ᠠᠷᠭ᠎ᠠ ᠵᠠᠮ ᠢᠶᠠᠷ ᠳᠠᠮᠵᠢᠭᠤᠯᠤᠨ ᠨᠥᠭᠦᠭᠡ ᠡᠲᠡᠭᠡᠳ ᠤᠨ ᠢᠶᠠᠨ ᠭᠥᠯᠢᠶᠡᠨ ᠠᠪᠴᠤ ᠰᠢᠢᠳᠪᠦᠷᠢᠯᠡᠬᠦ | ᠬᠡᠪᠴᠢᠶᠡᠨ ᠳᠤ ᠲᠣᠳᠣᠷᠬᠠᠢ ᠬᠠᠷᠢᠶᠠᠯᠠᠭᠳᠠᠬᠤ ᠵᠦᠢᠯᠡᠰ ᠢ ᠭᠥᠯᠢᠶᠡᠨ ᠠᠪᠤᠪᠠᠯ᠂ ᠰᠦᠯᠵᠢᠶᠡᠨ ᠳᠡᠭᠡᠷ᠎ᠡ ᠰᠢᠯᠵᠢᠭᠦᠯᠦᠨ | ᠰᠢᠢᠳᠪᠦᠷᠢᠯᠡᠭᠦᠯᠬᠦ ᠠᠷᠭ᠎ᠠ ᠮᠠᠶ᠋ᠢᠭ ᠢᠶᠠᠷ ᠨᠥᠭᠦᠭᠡ ᠡᠲᠡᠭᠡᠳ ᠲᠡᠭᠡᠨ ᠰᠢᠯᠵᠢᠭᠦᠯᠦᠨ ᠲᠤᠰᠢᠶᠠᠵᠤ ᠰᠢᠢᠳᠪᠦᠷᠢᠯᠡᠭᠦᠯᠦᠨ᠎ᠡ | ᠃ 12345 ᠪᠠ 110 ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠤ ᠪᠠᠭᠲᠠᠬᠤ ᠦᠭᠡᠢ ᠭᠤᠮᠣᠳᠠᠯ | ᠱᠠᠭᠠᠷᠳᠠᠯᠭ᠎ᠠ ᠶᠢᠨ ᠵᠦᠢᠯᠡᠰ ᠢ ᠲᠣᠳᠣᠷᠬᠠᠢ ᠲᠣᠭᠲᠠᠭᠠᠬᠤ ᠳᠤ᠂ ᠤᠲᠠᠰᠤ ᠵᠠᠯᠭᠠᠯᠲᠠ ᠶᠢᠨ ᠠᠵᠢᠯᠲᠠᠨ ᠵᠦᠢ | ᠵᠣᠬᠢᠰᠲᠠᠢ ᠬᠥᠲᠥᠯᠥᠨ ᠵᠢᠯᠤᠭᠤᠳᠬᠤ ᠪᠠ ᠲᠠᠶᠢᠯᠪᠤᠷᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ | 2. ᠡᠳᠦᠷ ᠲᠤᠲᠤᠮ ᠤᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃110 | ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠢᠯᠠᠩᠭᠤᠶ᠎ᠠ ᠬᠦᠴᠦᠷᠬᠡᠭᠯᠡᠯ᠂ ᠬᠡᠲᠦᠷᠡᠮᠡᠬᠡᠢ ᠬᠡᠷᠡᠭ ᠢ ᠡᠭᠦᠰᠬᠡᠵᠦ | ᠮᠡᠳᠡᠬᠦ ᠵᠥᠷᠢᠴᠡᠯ ᠵᠢᠭᠤᠷᠠᠯᠳᠤᠭᠠᠨ ᠢ ᠣᠯᠣᠭᠰᠠᠨ ᠦᠶ᠎ᠡ ᠳᠤ᠂ ᠲᠡᠷᠡ ᠳᠠᠷᠤᠢ ᠳᠤᠨᠢ ᠴᠠᠭᠳᠠᠭ᠎ᠠ ᠲᠣᠮᠢᠯᠠᠨ | ᠰᠢᠢᠳᠪᠦᠷᠢᠯᠡᠭᠦᠯᠵᠦ᠂ 12345 ᠳᠤ ᠬᠠᠷᠢᠶᠠᠯᠠᠭᠳᠠᠬᠤ ᠭᠤᠮᠣᠳᠠᠯ ᠱᠠᠭᠠᠷᠳᠠᠯᠭ᠎ᠠ ᠶᠢ 12345 ᠳᠤ ᠰᠢᠯᠵᠢᠭᠦᠯᠦᠨ | ᠲᠤᠰᠢᠶᠠᠵᠤ᠂ 12345 ᠠᠴᠠ ᠭᠤᠮᠣᠳᠠᠯ ᠲᠣᠭᠠᠴᠢᠭᠰᠠᠨ ᠤᠴᠢᠷ ᠶᠠᠪᠤᠳᠠᠯ ᠢ ᠬᠠᠷᠢᠶ᠎ᠠ ᠭᠠᠵᠠᠷ ᠤᠨ ᠵᠠᠰᠠᠭ ᠤᠨ | ᠣᠷᠳᠣᠨ ᠪᠠ ᠬᠤᠯᠪᠣᠭᠳᠠᠯ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ᠨᠢᠭᠡᠴᠢ︶ ᠳᠤ ᠴᠠᠭ ᠲᠤᠬᠠᠢ ᠳᠤᠨᠢ | ᠰᠢᠯᠵᠢᠭᠦᠯᠦᠨ ᠰᠢᠢᠳᠪᠦᠷᠢᠯᠡᠭᠦᠯᠵᠦ᠂ ᠬᠠᠮᠲᠤᠷᠠᠨ ᠡᠶᠡᠳᠡᠭᠦᠯᠦᠨ ᠰᠢᠢᠳᠪᠦᠷᠢᠯᠡᠬᠦ ᠠᠵᠢᠯ ᠢ ᠥᠷᠨᠢᠭᠦᠯᠵᠦ᠂ | ᠵᠥᠷᠢᠴᠡᠯ ᠤᠨ ᠳᠠᠯᠳᠠ ᠭᠡᠮ ᠢ ᠡᠬᠢ ᠰᠤᠷᠪᠤᠯᠵᠢ ᠠᠴᠠ ᠨᠢ ᠠᠷᠢᠯᠭᠠᠬᠤ ᠶᠢ ᠲᠦᠯᠬᠢᠨ ᠠᠬᠢᠭᠤᠯᠤᠨ᠎ᠠ᠃ 12345 | ᠪᠦᠷᠢᠯᠳᠦᠭᠦᠨ ᠨᠢᠭᠡᠴᠢ ᠨᠦᠭᠦᠳ ᠰᠢᠢᠳᠪᠦᠷᠢᠯᠡᠭᠦᠯᠬᠦ ᠪᠠᠷ ᠲᠤᠰᠢᠶᠠᠭᠰᠠᠨ ᠭᠤᠶᠤᠴᠢᠯᠠᠯ ᠢ ᠣᠯᠣᠭᠰᠠᠨ ᠤ ᠲᠠᠷᠠᠭ᠎ᠠ᠂ | ᠴᠠᠭ ᠲᠤᠬᠠᠢ ᠳᠤᠨᠢ ᠰᠢᠢᠳᠪᠦᠷᠢᠯᠡᠨ ᠰᠢᠢᠳᠪᠦᠷᠢᠯᠡᠬᠦ ᠠᠵᠢᠯ ᠢ ᠥᠷᠨᠢᠭᠦᠯᠵᠦ᠂ ᠲᠤᠬᠠᠢ ᠶᠢᠨ ᠲᠠᠯᠠᠪᠤᠷ ᠲᠤ | ᠰᠢᠢᠳᠪᠦᠷᠢᠯᠡᠬᠦ ᠴᠢᠬᠤᠯᠠᠲᠠᠢ ᠪᠠᠶᠢᠪᠠᠯ᠂ ᠴᠠᠭ ᠲᠤᠬᠠᠢ ᠳᠤᠨᠢ ᠬᠥᠮᠥᠨ ᠲᠣᠮᠢᠯᠠᠨ ᠲᠤᠬᠠᠢ ᠶᠢᠨ ᠲᠠᠯᠠᠪᠤᠷ ᠲᠤ | ᠣᠴᠢᠭᠤᠯᠵᠤ ᠰᠢᠢᠳᠪᠦᠷᠢᠯᠡᠬᠦ ᠠᠵᠢᠯ ᠢ ᠥᠷᠨᠢᠭᠦᠯᠦᠨ᠎ᠡ᠃ 12345 ᠨᠡᠶᠢᠭᠡᠮ ᠤᠨ ᠲᠣᠭᠲᠠᠭᠤᠨ ᠪᠠᠶᠢᠳᠠᠯ ᠢ | ᠨᠥᠯᠥᠭᠡᠯᠡᠬᠦ ᠰᠦᠪᠡᠭᠴᠢ ᠪᠤᠶᠤ ᠬᠥᠮᠥᠰ ᠤᠨ ᠮᠡᠳᠡᠭᠡ ᠵᠠᠩᠭᠢ ᠶᠢ ᠣᠯᠣᠭᠰᠠᠨ ᠪᠠᠶᠢᠪᠠᠯ᠂ ᠲᠡᠷᠡ ᠳᠠᠷᠤᠢ ᠳᠤᠨᠢ 110 | ᠳᠤ ᠬᠦᠷᠭᠡᠵᠦ ᠰᠢᠢᠳᠪᠦᠷᠢᠯᠡᠭᠦᠯᠦᠨ᠎ᠡ᠂ 12345 ᠠᠵᠢᠯ ᠤᠨ ᠬᠠᠭᠤᠳᠠᠰᠤ ᠶᠢ ᠳᠠᠭᠠᠭᠠᠨ ᠰᠢᠢᠳᠪᠦᠷᠢᠯᠡᠬᠦ ᠨᠢᠭᠡᠴᠢ | ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠬᠦ ᠶᠠᠪᠤᠴᠠ ᠳᠤ ᠵᠥᠷᠢᠴᠡᠯ ᠵᠢᠭᠤᠷᠠᠯᠳᠤᠭᠠᠨ ᠰᠢᠷᠦᠭᠦᠰᠴᠦ᠂ ᠬᠡᠷᠡᠭ ᠤᠨ | ᠪᠠᠶᠢᠳᠠᠯ ᠢ ᠡᠵᠡᠮᠳᠡᠬᠦ ᠳᠤ ᠪᠡᠷᠬᠡᠲᠡᠢ ᠪᠤᠶᠤ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠬᠤᠯᠪᠣᠭᠳᠠᠭᠰᠠᠨ ᠢ | ᠣᠯᠵᠤ ᠮᠡᠳᠡᠪᠡᠯ᠂ ᠲᠡᠷᠡ ᠳᠠᠷᠤᠢ ᠳᠤᠨᠢ 110 ᠴᠠᠭᠳᠠᠭ᠎ᠠ ᠲᠠᠢ ᠬᠤᠯᠪᠤᠭᠠᠯᠠᠨ ᠴᠠᠭᠳᠠᠭ᠎ᠠ ᠲᠣᠮᠢᠯᠠᠵᠤ | ᠰᠢᠢᠳᠪᠦᠷᠢᠯᠡᠭᠦᠯᠦᠨ᠎ᠡ᠃ ᠡᠯ᠎ᠡ ᠰᠠᠯᠠᠭ᠎ᠠ ᠮᠥᠴᠢᠷ ︵ᠨᠢᠭᠡᠴᠢ︶ ᠨᠢ ᠠᠩᠬ᠎ᠠ ᠭᠥᠯᠢᠶᠡᠨ ᠠᠪᠬᠤ ᠬᠠᠷᠢᠭᠤᠴᠠᠯᠭ᠎ᠠ ᠶᠢᠨ | ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠪᠤᠰᠤᠳ ᠰᠠᠯᠠᠭ᠎ᠠ ᠮᠥᠴᠢᠷ ︵ᠨᠢᠭᠡᠴᠢ︶ ᠤᠨ ᠬᠠᠷᠢᠶᠠᠯᠠᠬᠤ | ᠶᠣᠰᠣᠲᠠᠢ ᠶᠢ ᠣᠯᠵᠤ ᠮᠡᠳᠡᠪᠡᠯ᠂ ᠤᠷᠢᠳᠠᠪᠠᠷ ᠰᠢᠢᠳᠪᠦᠷᠢᠯᠡᠭᠰᠡᠨ ᠤ ᠳᠠᠷᠠᠭ᠎ᠠ ᠳᠠᠬᠢᠨ ᠲᠣᠭᠲᠠᠭᠠᠯ ᠶᠣᠰᠣᠭᠠᠷ | ᠰᠢᠯᠵᠢᠭᠦᠯᠦᠨ ᠲᠤᠰᠢᠶᠠᠨ᠎ᠠ᠃ | 3. ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ 12345᠂ 110 ᠳᠤ ᠴᠥᠮ 119᠂ 120᠂ 122 ᠵᠡᠷᠭᠡ ᠪᠠᠴᠢᠮ ᠬᠠᠯᠠᠮᠰᠢᠯ ᠤᠲᠠᠰᠤ | ᠂ ᠤᠰᠤ ᠴᠠᠬᠢᠯᠭᠠᠨ ᠬᠡᠢ ᠢᠯᠴᠢ ᠵᠡᠷᠭᠡ ᠤᠯᠠᠨ ᠨᠡᠶᠢᠲᠡ ᠶᠢᠨ ᠠᠵᠢᠯ ᠦᠢᠯᠡᠰ ᠤᠨ ᠬᠠᠯᠠᠮᠰᠢᠯ ᠤᠲᠠᠰᠤ ᠯᠤᠭ᠎ᠠ ᠶᠢᠨ | ᠪᠠᠴᠢᠮ ᠪᠠᠶᠢᠳᠠᠯ ᠢ ᠠᠷᠭᠠᠴᠠᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠡᠨᠡᠳᠲᠡ ᠡᠭᠦᠰᠬᠦ | ᠬᠦᠨᠳᠦ ᠶᠡᠭᠡ ᠪᠠᠶᠢᠳᠠᠯ ᠭᠠᠷᠤᠮᠠᠭᠴᠠ ᠲᠦᠷᠭᠡᠨ ᠲᠠᠭᠠᠬᠤ᠂ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ | ᠦᠨᠡᠨᠬᠦ ᠪᠠᠲᠤᠯᠠᠵᠤ᠂ ᠤᠯᠠᠨ ᠲᠦᠮᠡᠨ ᠳᠤ ᠨᠡᠩ ᠴᠠᠭ ᠲᠤᠬᠠᠢ ᠲᠤᠨᠢ᠂ ᠲᠤᠰᠬᠠᠢ ᠮᠡᠷᠭᠡᠵᠢᠯ ᠤᠨ᠂ ᠥᠨᠳᠥᠷ ᠦᠷ᠎ᠡ | ᠪᠦᠲᠦᠮᠵᠢᠲᠡᠶ ᠪᠠᠷ ᠪᠠᠴᠢᠮ ᠠᠪᠤᠷᠠᠨ ᠲᠤᠰᠠᠯᠠᠬᠤ ᠦᠢᠯᠡᠴᠢᠯᠡᠭᠡᠨ ᠬᠠᠩᠭᠠᠨ᠎ᠠ᠃ ᠡᠭᠦᠨ ᠤ ᠬᠠᠮᠲᠤ᠂ 12345 | ᠪᠣᠯᠣᠨ 110 ᠪᠠᠴᠢᠮ ᠪᠠᠶᠢᠳᠠᠯ ᠢ ᠠᠷᠭᠠᠴᠠᠬᠤ ᠬᠤᠯᠪᠤᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠨᠰᠢᠭᠦᠯᠵᠦ᠂ | ᠮᠡᠳᠡᠭᠡ ᠵᠠᠩᠭᠢ ᠶᠢ ᠬᠠᠮᠲᠤᠪᠠᠷ ᠡᠳ᠋ᠯᠡᠵᠦ ᠨᠡᠶᠢᠲᠡᠯᠡᠨ ᠮᠡᠳᠡᠭᠳᠡᠬᠦ ᠶᠢ ᠴᠢᠩᠭᠠᠳᠬᠠᠵᠤ᠂ ᠪᠠᠴᠢᠮ ᠪᠠᠶᠢᠳᠠᠯ ᠢ ᠠᠷᠭᠠᠴᠠᠬᠤ | ᠬᠤᠯᠪᠤᠭᠠᠯᠠᠨ ᠬᠥᠳᠡᠯᠦᠯᠴᠡᠬᠦ ᠲᠥᠰᠥᠯ ᠢ ᠲᠡᠭᠦᠯᠳᠡᠷᠵᠢᠭᠦᠯᠦᠨ᠎ᠡ᠃ ᠪᠠᠶᠢᠭᠠᠯᠢ ᠶᠢᠨ ᠭᠠᠮᠰᠢᠭ᠂ ᠣᠯᠠᠨ ᠨᠡᠶᠢᠲᠡ ᠶᠢᠨ | ᠪᠡᠯᠡᠳᠬᠡᠮᠵᠢ ᠶᠢᠨ ᠲᠦᠭᠰᠢᠭᠦᠷᠢᠲᠦ ᠪᠠᠶᠢᠳᠠᠯ᠂ ᠬᠦᠨᠳᠦ ᠶᠡᠭᠡ ᠣᠯᠠᠨ ᠨᠡᠶᠢᠲᠡ ᠶᠢᠨ ᠠᠮᠤᠷ ᠲᠦᠪᠰᠢᠨ ᠤ ᠠᠳᠡᠯ᠂ | ᠬᠢᠵᠢᠭ ᠤᠨ ᠪᠠᠶᠢᠳᠠᠯ ᠤᠨ ᠰᠡᠷᠡᠮᠵᠢ ᠶᠢᠨ ᠳᠣᠬᠢᠶ᠎ᠠ ᠶᠢᠨ ᠲᠤᠰᠠᠯᠠᠮᠵᠢ ᠭᠤᠶᠤᠴᠢᠯᠠᠬᠤ ᠳᠤ ᠭᠦᠷᠪᠡᠯ᠂ ᠪᠠᠴᠢᠮ | ᠪᠠᠶᠢᠳᠠᠯ ᠢ ᠠᠷᠭᠠᠴᠠᠬᠤ ᠬᠠᠮᠲᠤᠷᠠᠨ ᠬᠥᠳᠡᠯᠦᠯᠴᠡᠬᠦ ᠲᠥᠰᠥᠯ ᠢ ᠴᠠᠭ ᠲᠤᠬᠠᠢ ᠳᠤᠨᠢ ᠡᠬᠢᠯᠡᠭᠦᠯᠵᠦ᠂ ᠴᠠᠭᠳᠠᠭᠠᠨ ᠤ | ᠬᠦᠴᠦᠨ ᠪᠠ ᠬᠠᠮᠲᠤᠷᠠᠨ ᠬᠥᠳᠡᠯᠦᠯᠴᠡᠬᠦ ᠰᠠᠯᠠᠭ᠎ᠠ ᠮᠥᠴᠢᠷ ︵ᠨᠢᠭᠡᠴᠢ︶ ᠢ ᠳᠠᠷᠤᠢ ᠲᠦᠷᠭᠡᠨ ᠵᠣᠬᠢᠶᠠᠨ ᠪᠠᠶᠢᠭᠤᠯᠤᠨ | ᠤᠷᠢᠳᠠᠪᠠᠷ ᠰᠢᠢᠳᠪᠦᠷᠢᠯᠡᠵᠦ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠠ 12345 ᠬᠠᠮᠢᠶ᠎ᠠ ᠪᠦᠬᠦᠢ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ᠨᠢᠭᠡᠴᠢ︶ ᠢ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠪᠠᠶᠢᠭᠠᠳ | ᠲᠤᠰᠬᠠᠢ ᠮᠡᠷᠭᠡᠵᠢᠯ ᠢᠶᠠᠷ ᠰᠢᠢᠳᠪᠦᠷᠢᠯᠡᠭᠦᠯᠦᠨ᠎ᠡ᠃ ᠬᠡᠷᠪᠡ ᠭᠡᠨᠡᠳᠲᠡ ᠶᠢᠨ ᠪᠠᠶᠢᠳᠠᠯ ᠲᠣᠬᠢᠶᠠᠯᠳᠤᠪᠠᠯ᠂ ᠬᠤᠲᠠ ᠶᠢᠨ | ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠣᠨ ᠬᠤᠲᠠ ᠶᠢᠨ ᠵᠠᠰᠠᠭ ᠤᠨ ᠣᠷᠳᠣᠨ ᠤ ᠬᠠᠯᠠᠭᠤᠨ ᠤᠲᠠᠰᠤᠨ ᠤ | ᠵᠢᠯᠤᠭᠤᠳᠬᠤ ᠦᠢᠯᠡᠴᠢᠯᠡᠭᠡᠨ ᠤ ᠲᠥᠪ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠵᠤ ᠳᠡᠮᠵᠢᠨ᠎ᠡ᠃ | 4. ︽ᠬᠤᠣᠰ ᠬᠠᠷᠠᠭᠤᠯ︾ ᠤᠨ ᠬᠠᠮᠲᠤᠷᠠᠨ ᠡᠷᠭᠢᠯᠡᠵᠦ ᠬᠠᠮᠲᠤᠷᠠᠨ ᠰᠢᠢᠳᠪᠦᠷᠢᠯᠡᠬᠦ ᠶᠢ ᠪᠠᠶᠢᠭᠤᠯᠤᠨ | ᠪᠦᠷᠢᠨᠰᠢᠭᠦᠯᠦᠨ᠎ᠡ᠃ 12345 ᠪᠣᠯᠣᠨ 110 ᠲᠤᠰ ᠲᠤᠰ ᠤᠨ ᠡᠭᠦᠷᠭᠡ ᠴᠢᠳᠠᠪᠤᠷᠢ ᠶᠢᠨ ᠳᠠᠪᠠᠭᠤᠯᠢᠭ ᠢᠶᠠᠨ | ᠪᠠᠳᠠᠷᠠᠭᠤᠯᠵᠤ᠂ ᠬᠤᠣᠰ ᠴᠢᠭᠯᠡᠯ ᠢᠶᠠᠷ ᠡᠷᠭᠢᠯᠲᠡ ᠳᠤ ᠣᠷᠣᠭᠤᠯᠬᠤ ᠥᠨᠳᠥᠷ ᠳᠠᠪᠲᠠᠮᠵᠢ ᠶᠢᠨ ᠱᠠᠭᠠᠷᠳᠠᠯᠭ᠎ᠠ᠂ | ᠳᠠᠬᠢᠨ ᠳᠠᠪᠲᠠᠨ ᠲᠦᠭᠰᠢᠭᠦᠷᠢ ᠮᠡᠳᠡᠭᠦᠯᠬᠦ᠂ ᠬᠦᠴᠢᠷ ᠲᠦᠪᠡᠭᠲᠡᠢ ᠠᠵᠢᠯ ᠤᠨ ᠬᠠᠭᠤᠳᠠᠰᠤ᠂ ᠣᠯᠠᠨ ᠭᠠᠵᠠᠷ ᠣᠷᠣᠨ | ᠂ ᠣᠯᠠᠨ ᠰᠠᠯᠠᠭ᠎ᠠ ᠮᠥᠴᠢᠷ᠂ ᠣᠯᠠᠨ ᠭᠤᠣᠯ ᠴᠣᠭᠴᠠ ᠳᠤ ᠬᠤᠯᠪᠣᠭᠳᠠᠪᠠᠯ᠂ 12345 ᠬᠢᠭᠡᠳ 110 ᠨᠢ ︽ | ᠬᠤᠣᠰ ᠬᠠᠷᠠᠭᠤᠯ︾ ᠤᠨ ᠬᠠᠮᠲᠤᠷᠠᠨ ᠰᠢᠢᠳᠪᠦᠷᠢᠯᠡᠵᠦ ᠬᠠᠮᠲᠤᠷᠠᠨ ᠰᠢᠢᠳᠪᠦᠷᠢᠯᠡᠬᠦ ᠲᠣᠭᠲᠠᠴᠠ ᠶᠢ ᠪᠠᠶᠢᠭᠤᠯᠵᠤ᠂ | 12345 ᠬᠢᠭᠡᠳ 110 ︽ᠱᠦᠭᠯᠦ ᠦᠯᠢᠶᠡᠵᠦ︾᠂ ᠬᠠᠮᠢᠶ᠎ᠠ ᠪᠦᠬᠦᠢ ᠭᠠᠵᠠᠷ ᠣᠷᠣᠨ᠂ ᠬᠤᠯᠪᠣᠭᠳᠠᠬᠤ ᠰᠠᠯᠠᠭ᠎ᠠ | ᠮᠥᠴᠢᠷ᠂ ᠠᠳᠠᠯᠢ ᠪᠤᠰᠤ ᠭᠤᠣᠯ ᠴᠣᠭᠴᠠ ᠨᠢ ︽ᠱᠦᠭᠯᠦ ᠬᠦᠯᠢᠶᠡᠵᠦ ᠨᠡᠷ᠎ᠡ ᠮᠡᠳᠡᠭᠦᠯᠵᠦ︾᠂ ᠰᠢᠰᠲ᠋ᠧᠮ ᠪᠠ | ᠬᠡᠰᠡᠭ ᠢ ᠰᠠᠯᠭᠠᠬᠤ ᠶᠢ ᠡᠪᠳᠡᠵᠦ᠂ ᠡᠬᠢ ᠪᠠᠶᠠᠯᠢᠭ ᠤᠨ ᠳᠠᠪᠠᠭᠤᠯᠢᠭ ᠢ ᠲᠥᠪᠯᠡᠷᠡᠭᠦᠯᠦᠨ᠂ ᠠᠵᠤ ᠠᠬᠤᠶᠢᠯᠠᠯ ᠪᠠ | ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢᠨ ᠵᠦᠢᠯᠡᠰ ᠢ ᠬᠠᠮᠲᠤᠪᠠᠷ ᠰᠤᠳᠤᠯᠤᠨ ᠰᠢᠢᠳᠪᠦᠷᠢᠯᠡᠵᠦ᠂ ᠠᠵᠢᠯ ᠤᠨ | ᠬᠠᠭᠤᠳᠠᠰᠤ ᠶᠢᠨ ᠰᠡᠷᠡᠮᠵᠢᠯᠡᠭᠦᠯᠬᠦ ᠬᠠᠭᠤᠳᠠᠰᠤ ᠶᠢ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠬᠡᠮᠵᠢᠶ᠎ᠡ ᠶᠢ ᠦᠨᠡᠨᠬᠦ | ᠳᠡᠭᠡᠭᠰᠢᠯᠡᠭᠦᠯᠦᠨ᠎ᠡ᠃ ᠦᠨᠳᠦᠰᠦᠨ ᠱᠠᠲᠤᠨ ᠤ ᠰᠦᠯᠵᠢᠶ᠎ᠡ ᠶᠢ ︽ᠬᠤᠣᠰ ᠬᠠᠷᠠᠭᠤᠯ︾ ᠤᠨ ᠬᠠᠮᠲᠤᠷᠠᠨ | ᠭᠦᠢᠴᠡᠳᠬᠡᠬᠦ ᠲᠣᠭᠲᠠᠴᠠ ᠳᠤ ᠣᠷᠣᠭᠤᠯᠵᠤ᠂ ᠬᠥᠮᠥᠨ ᠢ ᠰᠠᠶᠢᠨ ᠮᠡᠳᠡᠬᠦ᠂ ᠭᠠᠵᠠᠷ ᠢ ᠰᠠᠶᠢᠨ ᠮᠡᠳᠡᠬᠦ᠂ ᠪᠠᠶᠢᠳᠠᠯ ᠢ | ᠰᠠᠶᠢᠨ ᠮᠡᠳᠡᠬᠦ ᠳᠠᠪᠠᠭᠤᠯᠢᠭ ᠢ ᠪᠠᠳᠠᠷᠠᠭᠤᠯᠤᠨ᠂ ᠠᠷᠠᠳ ᠤᠨ ᠠᠮᠢᠳᠤᠷᠠᠯ ᠤᠨ ᠬᠦᠰᠡᠯ ᠱᠠᠭᠠᠷᠳᠠᠯᠭ᠎ᠠ ᠶᠢ ᠥᠷᠭᠡᠨ ᠢᠶᠠᠷ | ᠴᠤᠭᠯᠠᠭᠤᠯᠵᠤ᠂ ᠵᠥᠷᠢᠴᠡᠯ ᠤᠨ ᠳᠠᠯᠳᠠ ᠬᠡᠮ ᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠵᠦ᠂ ᠬᠠᠮᠲᠤᠷᠠᠨ | ᠰᠢᠢᠳᠪᠦᠷᠢᠯᠡᠵᠦ ᠬᠠᠮᠲᠤᠷᠠᠨ ᠰᠢᠢᠳᠪᠦᠷᠢᠯᠡᠬᠦ ᠳᠤ ᠰᠠᠭᠤᠷᠢ ᠶᠢ ᠪᠠᠲᠤᠳᠬᠠᠨ᠎ᠠ᠃ | 5. ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ᠬᠠᠷᠢᠶᠠᠯᠠᠯ ᠤᠨ | ᠮᠠᠷᠭᠤᠯᠳᠤᠭᠠᠨ ᠣᠷᠣᠰᠢᠵᠤ ᠪᠠᠶᠢᠬᠤ᠂ ᠡᠭᠦᠷᠭᠡ ᠬᠠᠷᠢᠭᠤᠴᠠᠯᠭ᠎ᠠ ᠶᠢᠨ ᠵᠠᠭᠠᠭ ᠬᠢᠵᠠᠭᠠᠷ ᠲᠤ ᠰᠡᠵᠢᠭᠯᠡᠯ ᠲᠠᠢ ᠪᠠᠶᠢᠬᠤ | ᠥᠨᠳᠥᠷ ᠳᠠᠪᠲᠠᠮᠵᠢᠲᠤ ᠭᠤᠮᠣᠳᠠᠯ ᠲᠣᠭᠠᠴᠢᠬᠤ ᠵᠦᠢᠯᠡᠰ ᠢ ᠪᠣᠯ᠂ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠠᠴᠠ | ᠬᠠᠮᠢᠶ᠎ᠠ ᠪᠦᠬᠦᠢ ᠰᠠᠯᠠᠭ᠎ᠠ ᠮᠥᠴᠢᠷ ︵ᠨᠢᠭᠡᠴᠢ︶ ᠢ ᠴᠤᠭᠯᠠᠭᠤᠯᠤᠨ ᠰᠤᠳᠤᠯᠤᠨ ᠵᠥᠪᠳᠡᠯᠴᠡᠵᠦ᠂ ᠡᠭᠦᠷᠭᠡ | ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠢ ᠨᠢᠭᠡᠳ ᠨᠢᠭᠡ ᠪᠠᠷ ᠲᠣᠳᠣᠷᠬᠠᠶᠢᠯᠠᠨ᠂ ᠬᠠᠷᠢᠶᠠᠯᠠᠯ ᠤᠨ ᠭᠤᠣᠯ | ᠴᠣᠭᠴᠠ ᠶᠢ ᠲᠣᠳᠣᠷᠬᠠᠶᠢᠯᠠᠵᠤ᠂ ᠰᠢᠢᠳᠪᠦᠷᠢᠯᠡᠬᠦ ᠵᠢᠷᠤᠮᠵᠢᠯ ᠢ ᠲᠣᠭᠲᠠᠭᠠᠨ᠂ ᠣᠯᠠᠨ ᠲᠦᠮᠡᠨ ᠤ ᠭᠤᠮᠣᠳᠠᠯ | ᠱᠠᠭᠠᠷᠳᠠᠯᠭ᠎ᠠ ᠶᠢ ᠬᠠᠮᠢᠶᠠᠷᠬᠤ ᠬᠥᠮᠥᠨ ᠲᠠᠢ᠂ ᠰᠠᠶᠢᠲᠤᠷ ᠬᠠᠮᠢᠶᠠᠷᠬᠤ ᠶᠢ ᠦᠨᠡᠨᠬᠦ ᠪᠠᠲᠤᠯᠠᠵᠤ᠂ ᠬᠡᠷᠪᠡ ᠠᠳᠠᠯᠢ | ᠲᠥᠷᠥᠯ ᠤᠨ ᠤᠴᠢᠷ ᠶᠠᠪᠤᠳᠠᠯ ᠲᠣᠬᠢᠶᠠᠯᠳᠤᠪᠠᠯ᠂ ᠬᠠᠮᠢᠶ᠎ᠠ ᠪᠦᠬᠦᠢ ᠰᠠᠯᠠᠭ᠎ᠠ ᠮᠥᠴᠢᠷ ︵ᠨᠢᠭᠡᠴᠢ︶ ᠨᠢ ᠯᠠᠪᠯᠠᠯᠲᠠ | ᠪᠣᠯᠭᠠᠨ ᠭᠦᠢᠴᠡᠳᠬᠡᠬᠦ ᠬᠡᠷᠡᠭᠲᠡᠢ᠂ ᠪᠤᠴᠠᠭᠠᠵᠤ ᠪᠣᠯᠬᠤ ᠦᠭᠡᠢ᠃ ᠡᠭᠦᠨ ᠤ ᠬᠠᠮᠲᠤ 12345 ᠪᠣᠯᠣᠨ 110 ᠶᠢᠨ | ᠵᠥᠪᠳᠡᠯᠴᠡᠨ ᠰᠣᠯᠢᠯᠴᠠᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ 12345 ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠪᠣᠯᠣᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠲᠣᠭᠲᠠᠮᠠᠯ | ᠬᠤᠭᠤᠴᠠᠭ᠎ᠠ ᠲᠠᠢ ᠪᠠᠷ ᠬᠠᠮᠲᠤᠷᠠᠭᠰᠠᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠠᠵᠢᠯ ᠤᠨ | ᠠᠵᠢᠯᠯᠠᠭᠠᠨ ᠤ ᠪᠠᠶᠢᠳᠠᠯ ᠢᠶᠠᠨ ᠮᠡᠳᠡᠭᠳᠡᠵᠦ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ | ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠰᠢᠢᠳᠪᠦᠷᠢᠯᠡᠵᠦ᠂ ᠵᠣᠯᠭᠠᠭᠤᠯᠵᠤ ᠬᠠᠮᠲᠤᠷᠠᠨ | ᠬᠥᠳᠡᠯᠦᠯᠴᠡᠬᠦ ᠲᠣᠭᠲᠠᠴᠠ ᠶᠢ ᠲᠠᠰᠤᠷᠠᠯᠲᠠ ᠦᠭᠡᠢ ᠰᠢᠯᠢᠳᠡᠭᠵᠢᠭᠦᠯᠦᠨ᠂ ᠦᠢᠯᠡᠴᠢᠯᠡᠭᠡᠨ ᠤ ᠶᠠᠰᠤ ᠴᠢᠨᠠᠷ ᠦᠷ᠎ᠡ | ᠪᠦᠲᠦᠮᠵᠢ ᠶᠢ ᠦᠨᠡᠨᠬᠦ ᠳᠡᠭᠡᠭᠰᠢᠯᠡᠭᠦᠯᠵᠦ᠂ ᠬᠠᠷᠢᠯᠴᠠᠨ ᠠᠵᠢᠯᠲᠠᠨ ᠲᠣᠮᠢᠯᠠᠵᠤ ᠨᠥᠭᠦᠭᠡ ᠡᠲᠡᠭᠡᠳ ᠤᠨ ᠢᠶᠠᠨ | ᠲᠠᠪᠴᠠᠩ ᠳᠤ ᠰᠠᠭᠤᠯᠭᠠᠬᠤ ᠪᠤᠶᠤ ᠨᠢᠭᠡ ᠴᠣᠭᠴᠠᠵᠢᠭᠤᠯᠤᠨ ᠬᠠᠮᠲᠤᠷᠠᠨ ᠬᠥᠳᠡᠯᠦᠯᠴᠡᠬᠦ ᠲᠠᠪᠴᠠᠩ ᠢ ᠪᠠᠶᠢᠭᠤᠯᠬᠤ | ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠭᠦᠨᠵᠡᠭᠡᠢ ᠰᠣᠯᠢᠯᠴᠠᠨ ᠰᠤᠷᠤᠯᠴᠠᠵᠤ᠂ ᠵᠣᠯᠭᠠᠭᠤᠯᠵᠤ ᠬᠠᠮᠲᠤᠷᠠᠨ | ᠬᠥᠳᠡᠯᠦᠯᠴᠡᠬᠦ ᠠᠵᠢᠯ ᠤᠨ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠦᠨ᠂ ᠣᠯᠠᠨ ᠲᠦᠮᠡᠨ ᠤ ᠬᠦᠰᠡᠯ | ᠱᠠᠭᠠᠷᠳᠠᠯᠭ᠎ᠠ ᠶᠢ ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠨ᠎ᠡ᠃ ᠲᠦᠭᠰᠢᠭᠦᠷᠢ ᠶᠢ ᠤᠷᠢᠳᠴᠢᠯᠠᠨ | ᠰᠡᠷᠡᠮᠵᠢᠯᠡᠭᠦᠯᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ 12345 ᠪᠣᠯᠣᠨ 110 ᠬᠤᠣᠰ ᠴᠢᠭᠯᠡᠯ ᠢᠶᠠᠷ | ᠰᠠᠯᠭᠠᠨ ᠶᠠᠪᠤᠭᠤᠯᠤᠭᠰᠠᠨ ᠲᠤᠭ᠎ᠠ ᠪᠠᠷᠢᠮᠲᠠ ᠶᠢ ᠬᠠᠷᠢᠴᠠᠭᠤᠯᠬᠤ ᠪᠠᠷ ᠳᠠᠮᠵᠢᠭᠤᠯᠤᠨ᠂ ᠪᠠᠴᠢᠮ ᠪᠠᠶᠢᠳᠠᠯ ᠢ | ᠠᠷᠭᠠᠴᠠᠬᠤ ᠥᠨᠳᠥᠷ ᠳᠠᠪᠲᠠᠮᠵᠢ ᠶᠢᠨ ᠬᠡᠷᠡᠭ ᠢ ᠵᠠᠳᠠᠯᠤᠨ ᠰᠢᠨᠵᠢᠯᠡᠵᠦ᠂ ᠬᠡᠯᠪᠡᠷᠢᠯ ᠤᠨ ᠴᠢᠨᠠᠷᠲᠠᠢ᠂ | ᠴᠤᠬᠤᠶᠢᠯᠲᠠ ᠶᠢᠨ ᠴᠢᠨᠠᠷᠲᠠᠢ ᠠᠰᠠᠭᠤᠳᠠᠯ ᠢ ᠡᠷᠢᠨ ᠭᠠᠷᠭᠠᠵᠤ᠂ ᠬᠠᠯᠠᠮᠰᠢᠯ ᠤᠨ ᠭᠤᠮᠣᠳᠠᠯ ᠱᠠᠭᠠᠷᠳᠠᠯᠭ᠎ᠠ ᠶᠢ ᠴᠠᠭ | ᠲᠤᠬᠠᠢ ᠳᠤᠨᠢ ᠬᠠᠷᠢᠭᠤ ᠥᠭᠬᠦ᠂ ᠭᠡᠨᠡᠳᠲᠡ ᠶᠢᠨ ᠬᠡᠷᠡᠭ ᠢ ᠴᠠᠭ ᠲᠤᠬᠠᠢ ᠳᠤᠨᠢ ᠤᠷᠢᠳᠴᠢᠯᠠᠨ ᠰᠡᠷᠡᠮᠵᠢᠯᠡᠭᠦᠯᠬᠦ ᠶᠢ | ᠪᠡᠶᠡᠯᠡᠭᠦᠯᠦᠨ᠂ ᠲᠤᠰᠠᠯᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠴᠢᠳᠠᠪᠤᠷᠢ ᠶᠢ ᠳᠡᠭᠡᠭᠰᠢᠯᠡᠭᠦᠯᠦᠨ᠎ᠡ᠃ | 6. ᠮᠥᠷᠳᠡᠵᠦ ᠰᠢᠮᠳᠠᠭᠤᠯᠤᠨ ᠭᠦᠢᠴᠡᠳᠬᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ 12345 | ᠬᠢᠭᠡᠳ 110 ᠤᠴᠢᠷ ᠶᠠᠪᠤᠳᠠᠯ ᠢ ᠭᠦᠢᠴᠡᠳᠬᠡᠭᠰᠡᠨ ᠪᠠᠶᠢᠳᠠᠯ ᠢ ᠮᠥᠷᠳᠡᠵᠦ ᠰᠢᠮᠳᠠᠭᠤᠯᠤᠨ ᠭᠦᠢᠴᠡᠳᠬᠡᠬᠦ ᠠᠵᠢᠯ ᠤᠨ | ᠲᠣᠭᠲᠠᠴᠠ ᠶᠢ ᠪᠠᠶᠢᠭᠤᠯᠵᠤ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ᠨᠢᠭᠡᠴᠢ︶ ᠤᠨ ᠰᠢᠢᠳᠪᠦᠷᠢᠯᠡᠭᠰᠡᠨ | ᠪᠠ ᠬᠠᠷᠢᠭᠤ ᠥᠭᠴᠦ ᠬᠠᠷᠢᠭᠤ ᠲᠤᠰᠬᠠᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠡᠮᠬᠢᠯᠡᠨ ᠪᠠᠶᠢᠴᠠᠭᠠᠵᠤ᠂ | ᠬᠠᠷᠢᠭᠤᠴᠠᠯᠭᠠᠲᠤ ᠰᠠᠯᠠᠭ᠎ᠠ ᠮᠥᠴᠢᠷ ︵ᠨᠢᠭᠡᠴᠢ︶ ᠢ ᠭᠤᠣᠯᠳᠠᠯᠭ᠎ᠠ ᠲᠠᠢ ᠰᠢᠮᠳᠠᠭᠤᠯᠤᠨ ᠭᠦᠢᠴᠡᠳᠬᠡᠨ᠎ᠡ᠃ ᠡᠯ᠎ᠡ | ᠱᠠᠲᠤᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ᠨᠢᠭᠡᠴᠢ︶ ᠨᠢ ᠲᠣᠰ ᠨᠢᠭᠡᠴᠢ ᠶᠢᠨ ᠢᠶᠠᠨ 12345 ᠬᠦᠰᠡᠯ | ᠱᠠᠭᠠᠷᠳᠠᠯᠭ᠎ᠠ ᠶᠢᠨ ᠵᠦᠢᠯᠡᠰ ᠢ ᠭᠦᠢᠴᠡᠳᠬᠡᠬᠦ ᠳᠤ ᠮᠥᠷᠳᠡᠵᠦ ᠰᠢᠮᠳᠠᠭᠤᠯᠤᠨ ᠭᠦᠢᠴᠡᠳᠬᠡᠬᠦ ᠬᠠᠮᠢᠶ᠎ᠠ ᠪᠦᠬᠦᠢ | ᠳᠦᠷᠢᠮ ᠢ ᠪᠠᠶᠢᠭᠤᠯᠵᠤ᠂ ᠭᠦᠢᠴᠡᠳᠬᠡᠭᠰᠡᠨ ᠪᠠᠶᠢᠳᠠᠯ ᠪᠠ ᠬᠠᠷᠢᠭᠤ ᠥᠭᠭᠦᠭᠰᠡᠨ ᠦᠷ᠎ᠡ ᠳ᠋ᠦᠩ ᠢ 12345 ᠪᠤᠶᠤ | 110 ᠲᠠᠪᠴᠠᠩ ᠳᠤ ᠬᠠᠷᠢᠭᠤ ᠲᠤᠰᠬᠠᠬᠤ ᠶᠢ ᠬᠠᠷᠢᠭᠤᠴᠠᠨ᠎ᠠ᠃ ᠨᠠᠷᠢᠨ ᠬᠢᠨᠠᠮᠠᠭᠠᠢ ᠰᠢᠢᠳᠪᠦᠷᠢᠯᠡᠭᠰᠡᠨ ᠦᠭᠡᠢ᠂ | ᠴᠠᠭ ᠲᠤᠬᠠᠢ ᠳᠤᠨᠢ ᠬᠠᠷᠢᠭᠤ ᠥᠭᠭᠦᠭᠰᠡᠨ ᠦᠭᠡᠢ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠨᠣᠷᠮ᠎ᠠ ᠪᠠᠷ | ᠳᠣᠣᠷ᠎ᠠ ᠪᠠᠶᠢᠭ᠎ᠠ ᠵᠦᠢᠯᠡᠰ ᠲᠤ ᠰᠢᠮᠳᠠᠭᠤᠯᠤᠨ ᠪᠠᠶᠢᠴᠠᠭᠠᠵᠤ ᠦᠷ᠎ᠡ ᠪᠦᠲᠦᠮᠵᠢ ᠶᠢ ᠨᠢ ᠠᠰᠠᠭᠤᠬᠤ ᠪᠤᠶᠤ ᠰᠠᠯᠠᠭ᠎ᠠ | ᠮᠥᠴᠢᠷ ︵ᠨᠢᠭᠡᠴᠢ︶ ᠤᠨ ᠭᠤᠣᠯ ᠬᠠᠷᠢᠭᠤᠴᠠᠯᠭᠠᠲᠠᠨ ᠲᠠᠢ ᠪᠣᠯᠵᠣᠨ ᠶᠠᠷᠢᠯᠴᠠᠬᠤ ᠶᠢ ᠬᠡᠷᠡᠭᠵᠢᠭᠦᠯᠦᠨ᠎ᠡ︔ | ᠬᠠᠷᠢᠯᠴᠠᠨ ᠲᠦᠯᠬᠢᠯᠴᠡᠬᠦ᠂ ᠠᠯᠪᠠ ᠬᠠᠰᠢᠵᠤ ᠠᠮᠠ ᠪᠥᠭᠯᠡᠬᠦ᠂ ᠠᠵᠢᠯ ᠬᠢᠬᠦ ᠦᠭᠡᠢ᠂ ᠳᠤᠷ᠎ᠠ ᠪᠠᠷ ᠢᠶᠠᠨ ᠬᠢᠬᠦ᠂ | ᠤᠳᠠᠭᠠᠨ ᠬᠢᠬᠦ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ︵ ᠨᠢᠭᠡᠴᠢ︶ ᠢ ᠵᠠᠷᠯᠠᠨ ᠰᠢᠭᠦᠮᠵᠢᠯᠡᠨ᠎ᠡ︔ ᠮᠠᠭᠤ | ᠨᠥᠯᠥᠭᠡ ᠪᠠ ᠦᠷ᠎ᠡ ᠤᠷᠰᠢᠭ ᠭᠠᠷᠭᠠᠭᠰᠠᠨ ᠪᠠᠶᠢᠪᠠᠯ᠂ ᠬᠠᠤᠯᠢ ᠰᠠᠬᠢᠯᠭ᠎ᠠ ᠶᠣᠰᠣᠭᠠᠷ ᠬᠠᠮᠢᠶ᠎ᠠ ᠪᠦᠬᠦᠢ ᠡᠭᠦᠷᠭᠡ | ᠴᠢᠳᠠᠪᠤᠷᠢᠲᠤ ᠰᠠᠯᠠᠭ᠎ᠠ ᠮᠥᠴᠢᠷ ︵ᠨᠢᠭᠡᠴᠢ︶ ᠪᠠ ᠬᠤᠪᠢ ᠬᠥᠮᠥᠨ ᠤ ᠬᠠᠷᠢᠭᠤᠴᠠᠯᠭ᠎ᠠ ᠶᠢ ᠨᠡᠬᠡᠮᠵᠢᠯᠡᠨ᠎ᠡ᠃ | 7. ᠲᠥᠷᠥᠯ ᠬᠤᠪᠢᠶᠠᠨ ᠬᠢᠨᠠᠯᠲᠠ ᠲᠠᠯᠪᠢᠵᠤ ᠰᠢᠯᠭᠠᠨ ᠬᠢᠨᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ | ᠤᠲᠠᠰᠤᠨ ᠤ ᠵᠢᠯᠤᠭᠤᠳᠬᠤ ᠦᠢᠯᠡᠴᠢᠯᠡᠭᠡᠨ ᠤ ᠲᠥᠪ ᠠᠴᠠ 12345 ᠪᠠ 110 ᠰᠢᠪᠠᠳᠠᠨ ᠰᠢᠢᠳᠪᠦᠷᠢᠯᠡᠭᠦᠯᠬᠦ᠂ | ᠬᠢᠨᠠᠨ ᠰᠢᠯᠭᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠢᠨᠠᠨ ᠰᠢᠯᠭᠠᠵᠤ | ᠦᠨᠡᠯᠡᠬᠦ ᠭᠦᠢᠴᠡᠳᠬᠡᠯ ᠲᠤᠭ᠎ᠠ ᠶᠢ ᠲᠣᠭᠲᠠᠭᠠᠨ ᠲᠡᠭᠦᠯᠳᠡᠷᠵᠢᠭᠦᠯᠵᠦ᠂ ᠡᠷᠭᠢᠯᠲᠡ ᠶᠢᠨ ᠠᠯᠪᠠᠨ ᠭᠡᠷ ᠤᠨ ᠪᠣᠳᠠᠲᠠᠢ | ᠳᠦᠷᠢᠮ ᠪᠠ ᠵᠦᠢᠯᠡᠰ ᠤᠨ ᠨᠠᠷᠢᠨ ᠲᠠᠩᠰᠠ ᠶᠢ ᠨᠠᠷᠢᠯᠢᠭᠵᠢᠭᠤᠯᠤᠨ ᠬᠤᠪᠢᠶᠠᠵᠤ᠂ ᠭᠤᠮᠣᠳᠠᠯ ᠱᠠᠭᠠᠷᠳᠠᠯᠭ᠎ᠠ ᠶᠢ | ᠭᠦᠢᠴᠡᠳᠬᠡᠬᠦ ᠨᠢᠭᠡᠴᠢ ᠶᠢᠨ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ᠂ ᠬᠠᠨᠤᠮᠵᠢ ᠶᠢᠨ ᠨᠣᠷᠮ᠎ᠠ ᠵᠡᠷᠭᠡ | ᠭᠦᠢᠴᠡᠳᠬᠡᠯ ᠲᠤᠭ᠎ᠠ ᠶᠢᠨ ᠶᠡᠷᠦᠩᠬᠡᠶᠢᠯᠡᠭᠰᠡᠨ ᠦᠨᠡᠯᠡᠯᠲᠡ ᠶᠢ ᠴᠢᠩᠭᠠᠳᠬᠠᠨ᠎ᠠ᠃ ᠰᠢᠪᠠᠳᠠᠨ ᠰᠢᠢᠳᠪᠦᠷᠢᠯᠡᠭᠦᠯᠬᠦ | ᠬᠠᠭᠤᠳᠠᠰᠤ᠂ ᠲᠤᠰᠬᠠᠢ ᠰᠡᠳᠦᠪ ᠢᠶᠠᠷ ᠵᠣᠬᠢᠴᠠᠭᠤᠯᠬᠤ᠂ ᠪᠣᠯᠵᠣᠨ ᠶᠠᠷᠢᠯᠴᠠᠵᠤ ᠰᠠᠨᠠᠭᠤᠯᠬᠤ ᠵᠡᠷᠭᠡ ᠣᠯᠠᠨ | ᠵᠦᠢᠯ ᠤᠨ ᠠᠷᠭ᠎ᠠ ᠮᠠᠶ᠋ᠢᠭ ᠢ ᠬᠡᠷᠡᠭᠯᠡᠨ᠂ ᠭᠤᠮᠣᠳᠠᠯ ᠱᠠᠭᠠᠷᠳᠠᠯᠭ᠎ᠠ ᠶᠢ ᠭᠦᠢᠴᠡᠳᠬᠡᠬᠦ ᠨᠢᠭᠡᠴᠢ ᠶᠢᠨ | ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢᠨ ᠬᠠᠮᠲᠤ᠂ ᠭᠥᠯᠢᠶᠡᠨ ᠠᠪᠴᠤ ᠰᠢᠢᠳᠪᠦᠷᠢᠯᠡᠬᠦ ᠶᠢ ᠵᠢᠷᠤᠮᠵᠢᠭᠤᠯᠬᠤ᠂ | ᠲᠡᠷᠡ ᠳᠠᠷᠤᠢ ᠳᠤᠨᠢ ᠰᠢᠯᠵᠢᠭᠦᠯᠦᠨ ᠰᠢᠢᠳᠪᠦᠷᠢᠯᠡᠭᠦᠯᠬᠦ᠂ ᠴᠠᠭ ᠬᠢᠵᠠᠭᠠᠷᠯᠠᠨ ᠭᠦᠢᠴᠡᠳᠬᠡᠬᠦ᠂ ᠰᠢᠢᠳᠪᠦᠷᠢᠯᠡᠭᠰᠡᠨ | ᠨᠣᠷᠮ᠎ᠠ᠂ ᠬᠠᠨᠤᠮᠵᠢ ᠶᠢᠨ ᠬᠡᠮᠵᠢᠶ᠎ᠡ ᠶᠢ ᠰᠢᠯᠭᠠᠨ ᠦᠨᠡᠯᠡᠬᠦ ᠶᠢ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ | ᠬᠢᠨᠠᠬᠤ ᠳᠤ ᠣᠷᠣᠭᠤᠯᠵᠤ᠂ 12345᠂ 110 ᠦᠨᠡᠯᠡᠨ ᠵᠢᠱᠢᠬᠦ ᠪᠦᠷᠢᠨ ᠲᠡᠭᠦᠯᠳᠡᠷ ᠭᠦᠢᠴᠡᠳᠬᠡᠯ ᠲᠤᠭ᠎ᠠ ᠶᠢᠨ | ᠰᠢᠰᠲ᠋ᠧᠮᠵᠢ ᠶᠢ ᠪᠠᠶᠢᠭᠤᠯᠤᠨ᠎ᠠ᠃ 12345 ᠬᠢᠭᠡᠳ 110 ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠯᠭᠠᠭᠤᠯᠤᠨ | ᠬᠤᠯᠪᠣᠯᠳᠤᠭᠤᠯᠤᠭᠰᠠᠨ᠂ ᠭᠤᠮᠣᠳᠠᠯ ᠱᠠᠭᠠᠷᠳᠠᠯᠭ᠎ᠠ ᠶᠢ ᠰᠢᠢᠳᠪᠦᠷᠢᠯᠡᠭᠰᠡᠨ ᠪᠠᠶᠢᠳᠠᠯ ᠳᠤ ᠬᠢᠨᠠᠯᠲᠠ ᠲᠠᠯᠪᠢᠵᠤ | ᠪᠠᠶᠢᠴᠠᠭᠠᠬᠤ ᠶᠢ ᠥᠷᠨᠢᠭᠦᠯᠵᠦ᠂ 12345 ᠠᠴᠠ 110 ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ | ᠰᠢᠰᠲ᠋ᠧᠮ ᠤᠨ ᠴᠠᠭᠳᠠᠭᠠᠨ ᠤ ᠶᠠᠪᠤᠳᠠᠯ ᠤᠨ ᠴᠠᠭᠳᠠᠭ᠎ᠠ ᠶᠢᠨ ᠪᠠᠶᠢᠳᠠᠯ ᠢ ᠭᠦᠢᠴᠡᠳᠬᠡᠬᠦ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠶᠢᠨ ᠬᠢᠨᠠᠨ ᠰᠢᠯᠭᠠᠵᠤ ᠬᠢᠨᠠᠯᠲᠠ ᠲᠠᠯᠪᠢᠬᠤ ᠲᠣᠭᠲᠠᠴᠠ ᠳᠤ ᠰᠢᠯᠵᠢᠭᠦᠯᠵᠦ᠂ 12345 ᠶᠢᠨ | ᠪᠦᠷᠢᠯᠳᠦᠭᠦᠨ ᠨᠢᠭᠡᠴᠢ ᠳᠤ ᠬᠢᠨᠠᠯᠲᠠ ᠲᠠᠯᠪᠢᠵᠤ ᠬᠢᠨᠠᠨ ᠰᠢᠯᠭᠠᠬᠤ ᠳᠤ ᠣᠷᠣᠯᠴᠠᠬᠤ ᠦᠭᠡᠢ︔ 12345 ᠠᠴᠠ | 110 ᠪᠣᠯᠭᠠᠨ ᠰᠢᠯᠵᠢᠭᠦᠯᠦᠨ ᠰᠢᠢᠳᠪᠦᠷᠢᠯᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠲᠤ | 12345 ᠶᠢᠨ ᠪᠦᠷᠢᠯᠳᠦᠭᠦᠨ ᠨᠢᠭᠡᠴᠢ ᠶᠢᠨ ᠠᠵᠢᠯ ᠤᠨ ᠱᠠᠭᠠᠷᠳᠠᠯᠭ᠎ᠠ ᠶᠣᠰᠣᠭᠠᠷ ᠬᠢᠨᠠᠯᠲᠠ ᠲᠠᠯᠪᠢᠵᠤ ᠬᠢᠨᠠᠨ | ᠰᠢᠯᠭᠠᠨ᠎ᠠ︔ 110 ᠠᠴᠠ 12345 ᠳᠤ ᠰᠢᠯᠵᠢᠭᠦᠯᠦᠨ ᠣᠷᠣᠭᠤᠯᠤᠭᠰᠠᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠵᠦᠢᠯᠡᠰ ᠲᠤ 12345 ᠠᠴᠠ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠳᠤ ᠬᠢᠨᠠᠯᠲᠠ | ᠲᠠᠯᠪᠢᠵᠤ ᠬᠢᠨᠠᠨ ᠰᠢᠯᠭᠠᠨ᠎ᠠ᠃ | ︵ᠳᠥᠷᠪᠡ︶ ᠰᠢᠰᠲ᠋ᠧᠮ ᠤᠨ ᠲᠤᠯᠭᠠᠭᠤᠷᠢᠯᠠᠯ ᠪᠠ ᠳ᠋ᠠᠶᠢᠲ᠋ᠠ ᠶᠢ ᠬᠠᠮᠲᠤᠪᠠᠷ ᠭᠥᠷᠳᠡᠵᠦ ᠬᠡᠷᠡᠭᠯᠡᠬᠦ ᠶᠢ | ᠰᠢᠯᠢᠳᠡᠭᠵᠢᠭᠦᠯᠦᠨ᠎ᠡ᠃ 12345 ᠪᠣᠯᠣᠨ 110 ᠥᠨᠳᠥᠷ ᠪᠦᠲᠦᠮᠵᠢᠲᠡᠢ ᠪᠠᠷ ᠵᠣᠯᠭᠠᠭᠤᠯᠵᠤ ᠬᠤᠯᠪᠤᠭᠠᠯᠠᠨ | ᠬᠥᠳᠡᠯᠦᠯᠴᠡᠬᠦ ᠶᠢᠨ ᠲᠣᠭᠤᠷᠢᠨ ᠳᠤ᠂ ᠬᠤᠶᠠᠷ ᠲᠠᠯ᠎ᠠ ᠶᠢᠨ ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠲᠤᠬᠠᠶᠢᠯᠠᠭᠰᠠᠨ | ᠠᠵᠢᠯ ᠤᠨ ᠲᠠᠯ᠎ᠠ ᠪᠠᠷ ᠬᠠᠮᠵᠢᠯᠴᠠᠬᠤ᠂ ᠶᠡᠷᠦᠩᠬᠡᠶᠢᠯᠡᠨ ᠬᠡᠷᠡᠭᠯᠡᠬᠦ ᠶᠢ ᠠᠬᠢᠭᠤᠯᠵᠤ᠂ ᠲᠣᠮᠣ ᠳ᠋ᠠᠶᠢᠲ᠋ᠠ᠂ ᠬᠢᠮᠡᠯ ᠤᠶᠤᠨ | ᠂ ᠣᠷᠣᠨ ᠬᠡᠰᠡᠭ ᠤᠨ ᠬᠡᠯᠬᠢᠶ᠎ᠡ ᠵᠡᠷᠭᠡ ᠮᠡᠳᠡᠭᠡ ᠵᠠᠩᠭᠢ ᠶᠢᠨ ᠮᠡᠷᠭᠡᠵᠢᠯ ᠤᠨ ᠠᠷᠭ᠎ᠠ ᠪᠠᠷᠢᠯ ᠳᠤ ᠲᠦᠰᠢᠭᠯᠡᠨ᠂ | ᠲᠠᠪᠴᠠᠩ ᠢ ᠵᠣᠯᠭᠠᠭᠤᠯᠬᠤ᠂ ᠳ᠋ᠠᠶᠢᠲ᠋ᠠ ᠶᠢ ᠬᠠᠮᠲᠤᠪᠠᠷ ᠡᠳ᠋ᠯᠡᠬᠦ᠂ ᠦᠷᠳᠡᠭ ᠢ ᠠᠭᠤᠳᠠᠯᠬᠤ ᠶᠢ ᠲᠦᠷᠭᠡᠨ | ᠪᠡᠶᠡᠯᠡᠭᠦᠯᠦᠨ᠎ᠡ᠃ | 1. ᠬᠠᠮᠲᠤᠷᠠᠨ ᠬᠥᠳᠡᠯᠦᠯᠴᠡᠬᠦ ᠲᠠᠪᠴᠠᠩ ᠢ ᠪᠠᠶᠢᠭᠤᠯᠤᠨ᠎ᠠ᠃ ︽ᠰᠢᠰᠲ᠋ᠧᠮ ᠢ ᠠᠭᠤᠰᠤᠯᠴᠠᠭᠤᠯᠤᠨ ᠵᠠᠯᠭᠠᠬᠤ᠂ | ᠲᠤᠭ᠎ᠠ ᠪᠠᠷᠢᠮᠲᠠ ᠶᠢ ᠠᠭᠤᠰᠤᠯᠴᠠᠭᠤᠯᠤᠨ᠂ ᠲᠣᠭᠲᠠᠴᠠ ᠶᠢ ᠠᠭᠤᠰᠤᠯᠴᠠᠭᠤᠯᠤᠨ ᠰᠢᠯᠢᠳᠡᠭᠵᠢᠭᠦᠯᠬᠦ︾ ᠶᠡᠷᠦᠩᠬᠡᠢ | ᠰᠡᠳᠬᠢᠮᠵᠢ ᠶᠢᠨ ᠶᠣᠰᠣᠭᠠᠷ᠂ 12345 ᠪᠠ 110 ᠠᠵᠢᠯ ᠤᠨ ᠲᠠᠪᠴᠠᠩ ᠢ ᠨᠠᠪᠲᠠᠷᠡᠭᠦᠯᠵᠦ᠂ ᠠᠵᠢᠯ ᠤᠨ | ᠬᠠᠭᠤᠳᠠᠰᠤ ᠴᠠᠭᠳᠠᠭᠠᠨ ᠤ ᠬᠠᠭᠤᠳᠠᠰᠤ ᠶᠢᠨ ᠬᠠᠷᠢᠯᠴᠠᠨ ᠨᠡᠪᠲᠡᠷᠡᠬᠦ ᠵᠠᠮ ᠢ ᠪᠠᠶᠢᠭᠤᠯᠤᠨ᠂ ᠵᠣᠯᠭᠠᠭᠤᠯᠬᠤ ᠵᠦᠢᠯᠡᠰ ᠢ | ᠰᠦᠯᠵᠢᠶᠡᠨ ᠳᠡᠭᠡᠷ᠎ᠡ ᠡᠷᠭᠢᠯᠳᠦᠭᠦᠯᠬᠦ᠂ ᠳᠠᠭᠠᠵᠤ ᠰᠢᠮᠳᠠᠭᠤᠯᠤᠨ ᠭᠦᠢᠴᠡᠳᠬᠡᠬᠦ᠂ ᠬᠠᠷᠢᠭᠤ ᠲᠤᠰᠬᠠᠵᠤ ᠬᠠᠷᠢᠭᠤ | ᠰᠤᠷᠪᠤᠯᠵᠢᠯᠠᠬᠤ᠂ ᠣᠶᠤᠨᠴᠢ ᠪᠠᠷ ᠬᠢᠨᠠᠨ ᠬᠠᠮᠢᠶᠠᠷᠬᠤ ᠪᠢᠲᠡᠭᠦᠦ ᠴᠠᠭᠠᠷᠢᠭ ᠠᠵᠢᠯᠯᠠᠭᠠᠨ ᠤ ᠵᠠᠭᠪᠤᠷ ᠢ ᠪᠡᠶᠡᠯᠡᠭᠦᠯᠦᠨ᠎ᠡ᠃ | 12345 ᠬᠢᠭᠡᠳ 110 ᠶᠢ ᠨᠢᠭᠡ ᠴᠣᠭᠴᠠᠵᠢᠭᠤᠯᠤᠨ ᠬᠠᠮᠲᠤᠷᠠᠨ ᠬᠥᠳᠡᠯᠦᠯᠴᠡᠬᠦ ᠠᠵᠢᠯ ᠤᠨ ᠲᠠᠪᠴᠠᠩ ᠤᠨ | ᠪᠠᠶᠢᠭᠤᠯᠤᠯᠲᠠ ᠶᠢ ᠠᠬᠢᠭᠤᠯᠵᠤ᠂ ᠪᠠᠶᠢᠳᠠᠯ ᠢ ᠦᠵᠡᠵᠦ ᠬᠠᠷᠢᠯᠴᠠᠨ ᠠᠵᠢᠯᠲᠠᠨ ᠲᠣᠮᠢᠯᠠᠨ ᠨᠥᠭᠦᠭᠡ | ᠡᠲᠡᠭᠡᠳ ᠤᠨ ᠢᠶᠠᠨ ᠲᠠᠪᠴᠠᠩ ᠳᠤ ᠰᠠᠭᠤᠯᠭᠠᠵᠤ᠂ ᠬᠠᠮᠵᠢᠯᠴᠠᠨ ᠰᠢᠢᠳᠪᠦᠷᠢᠯᠡᠬᠦ ᠶᠢ ᠵᠢᠷᠤᠮᠵᠢᠭᠤᠯᠬᠤ᠂ | ᠪᠠᠷᠢᠮᠵᠢᠶᠠᠵᠢᠭᠤᠯᠬᠤ᠂ ᠲᠤᠰᠬᠠᠶᠢᠵᠢᠭᠤᠯᠬᠤ᠂ ᠣᠶᠤᠨᠴᠢᠯᠠᠬᠤ ᠶᠢ ᠠᠬᠢᠭᠤᠯᠤᠨ᠎ᠠ᠃ | 2. ᠳ᠋ᠠᠶᠢᠲ᠋ᠠ ᠶᠢᠨ ᠠᠮᠤᠷ ᠲᠦᠪᠰᠢᠨ ᠢ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃12345 ᠪᠠ 110 | ᠣᠲᠣ ᠶᠢᠨ ᠪᠠᠶᠢᠭ᠎ᠠ ᠰᠢᠰᠲ᠋ᠧᠮ ᠳᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠨᠢᠭᠡᠳᠦᠯᠲᠡᠢ | ᠵᠢᠷᠤᠮᠵᠢᠭᠤᠯᠤᠭᠰᠠᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ᠂ ᠠᠵᠢᠯ ᠤᠨ | ᠬᠠᠭᠤᠳᠠᠰᠤ ᠪᠠ ᠴᠠᠭᠳᠠᠭᠠᠨ ᠤ ᠬᠠᠭᠤᠳᠠᠰᠤ ᠶᠢᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠬᠠᠷᠢᠭᠤ | ᠲᠤᠰᠬᠠᠬᠤ ᠲᠥᠷᠥᠯ ᠵᠦᠢᠯ ᠵᠡᠷᠭᠡ ᠰᠠᠭᠤᠷᠢ ᠲᠤᠭ᠎ᠠ ᠪᠠᠷᠢᠮᠲᠠ ᠪᠠ ᠭᠤᠣᠯ ᠰᠡᠳᠦᠪᠲᠦ ᠬᠡᠷᠡᠭᠯᠡᠭᠡᠨ ᠤ ᠲᠤᠭ᠎ᠠ | ᠪᠠᠷᠢᠮᠲᠠ ᠶᠢ ᠭᠥᠯᠢᠶᠡᠨ ᠠᠪᠴᠤ ᠰᠢᠢᠳᠪᠦᠷᠢᠯᠡᠵᠦ᠂ ᠲᠤᠬᠠᠶᠢᠯᠠᠭᠰᠠᠨ ᠠᠵᠢᠯ ᠤᠨ ᠴᠤᠪᠤᠷᠠᠯ ᠢ ᠡᠮᠬᠢᠯᠡᠨ ᠳᠢᠭᠯᠡᠵᠦ᠂ | ᠬᠤᠯᠪᠤᠭᠠᠯᠠᠨ ᠨᠡᠪᠲᠡᠷᠡᠯᠴᠡᠬᠦ ᠪᠠᠷᠢᠮᠵᠢᠶ᠎ᠠ ᠶᠢ ᠵᠣᠯᠭᠠᠭᠤᠯᠵᠤ᠂ ᠲᠤᠭ᠎ᠠ ᠪᠠᠷᠢᠮᠲᠠ ᠶᠢᠨ ᠠᠭᠤᠰᠤᠯᠴᠠᠬᠤ ᠬᠡᠪᠴᠢᠶ᠎ᠡ ᠶᠢ | ᠵᠣᠯᠭᠠᠭᠤᠯᠤᠨ᠎ᠠ᠃ ︽ᠬᠠᠮᠲᠤ ᠪᠠᠷ ᠡᠳ᠋ᠯᠡᠬᠦ ᠪᠠᠷ ᠵᠠᠷᠴᠢᠮ ᠪᠣᠯᠭᠠᠵᠤ᠂ ᠬᠠᠮᠲᠤ ᠪᠠᠷ ᠡᠳ᠋ᠯᠡᠬᠦ ᠦᠭᠡᠢ ᠪᠠᠷ ᠣᠨᠴᠠᠭᠠᠶ | ᠵᠦᠢᠯ ᠪᠣᠯᠭᠠᠬᠤ︾ ᠶᠢ ᠪᠠᠷᠢᠮᠲᠠᠯᠠᠵᠤ᠂ ᠠᠮᠤᠷ ᠲᠦᠪᠰᠢᠨ ᠢ ᠦᠨᠡᠨᠬᠦ ᠪᠠᠲᠤᠯᠠᠭᠰᠠᠨ ᠤᠷᠢᠲᠠᠯ ᠳᠣᠣᠷ᠎ᠠ᠂ 12345 | ᠪᠣᠯᠣᠨ 110 ᠶᠢ ᠰᠠᠯᠭᠠᠨ ᠶᠠᠪᠤᠭᠤᠯᠵᠤ ᠬᠠᠮᠲᠤᠷᠠᠨ ᠬᠥᠳᠡᠯᠦᠯᠴᠡᠬᠦ ᠵᠦᠢᠯᠡᠰ ᠤᠨ ᠠᠵᠢᠯ ᠤᠨ ᠬᠠᠭᠤᠳᠠᠰᠤ ᠶᠢᠨ | ᠲᠤᠭ᠎ᠠ ᠪᠠᠷᠢᠮᠲᠠ ᠳᠤ ᠦᠢᠯᠡᠴᠢᠯᠡᠭᠡᠨ ᠤ ᠵᠠᠯᠭᠠᠰᠤ ᠶᠢ ᠬᠤᠣᠰ ᠴᠢᠭᠯᠡᠯ ᠢᠶᠠᠷ ᠬᠠᠮᠲᠤᠪᠠᠷ ᠡᠳ᠋ᠯᠡᠬᠦ ᠠᠷᠭ᠎ᠠ ᠬᠡᠮᠵᠢᠶ᠎ᠡ | ᠠᠪᠴᠤ᠂ ᠳᠤᠮᠳᠠᠬᠢ ᠳ᠋ᠠᠶᠢᠲ᠋ᠠ ᠶᠢᠨ ᠬᠥᠮᠥᠷᠭᠡ ᠶᠢᠨ ᠬᠠᠮᠲᠤᠪᠠᠷ ᠡᠳ᠋ᠯᠡᠬᠦ ᠳ᠋ᠠᠶᠢᠲ᠋ᠠ ᠶᠢ ᠬᠠᠮᠲᠤᠪᠠᠷ ᠪᠠᠶᠢᠭᠤᠯᠵᠤ᠂ | ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢ ᠬᠤᠣᠰ ᠴᠢᠭᠯᠡᠯ ᠢᠶᠠᠷ ᠬᠦᠷᠭᠡᠬᠦ᠂ ᠠᠵᠢᠯ ᠤᠨ ᠬᠠᠭᠤᠳᠠᠰᠤ ᠴᠠᠭᠳᠠᠭᠠᠨ ᠤ | ᠬᠠᠭᠤᠳᠠᠰᠤ ᠶᠢ ᠬᠤᠣᠰ ᠴᠢᠭᠯᠡᠯ ᠢᠶᠠᠷ ᠡᠷᠭᠢᠯᠳᠦᠭᠦᠯᠬᠦ᠂ ᠬᠠᠷᠢᠭᠤ ᠲᠤᠰᠬᠠᠯ ᠤᠨ ᠪᠢᠲᠡᠭᠦᠦ ᠴᠠᠭᠠᠷᠢᠭ ᠤᠨ | ᠠᠵᠢᠯᠯᠠᠭᠠᠨ ᠢ ᠬᠦᠯᠢᠶᠡᠨ ᠠᠪᠴᠤ ᠰᠢᠢᠳᠪᠦᠷᠢᠯᠡᠬᠦ᠂ ᠬᠡᠷᠡᠭᠯᠡᠭᠡᠨ ᠤ ᠬᠤᠶᠠᠷ ᠲᠠᠯ᠎ᠠ ᠶᠢᠨ ᠮᠡᠳᠡᠯᠭᠡ ᠶᠢᠨ ᠬᠥᠮᠥᠷᠭᠡ᠂ | ᠲᠤᠰᠬᠠᠢ ᠮᠡᠷᠭᠡᠵᠢᠯᠲᠡᠨ ᠤ ᠬᠥᠮᠥᠷᠭᠡ ᠵᠡᠷᠭᠡ ᠲᠤᠭ᠎ᠠ ᠪᠠᠷᠢᠮᠲᠠ ᠶᠢ ᠬᠠᠮᠲᠤᠪᠠᠷ ᠡᠳ᠋ᠯᠡᠬᠦ ᠶᠢᠨ ᠬᠠᠮᠲᠤ ᠬᠠᠷᠢᠯᠴᠠᠨ | ᠣᠶᠢᠯᠠᠭᠠᠵᠤ ᠮᠡᠳᠡᠬᠦ ᠪᠤᠰᠤᠳ ᠵᠦᠢᠯᠡᠰ ᠢ ᠬᠠᠮᠲᠤᠪᠠᠷ ᠡᠳ᠋ᠯᠡᠬᠦ ᠪᠠᠷ ᠵᠥᠪᠳᠡᠯᠴᠡᠨ ᠲᠣᠭᠲᠠᠭᠠᠵᠤ᠂ ᠣᠶᠢᠯᠠᠭᠠᠵᠤ | ᠮᠡᠳᠡᠬᠦ ᠬᠦᠷᠢᠶ᠎ᠡ ᠬᠡᠪᠴᠢᠶ᠎ᠡ ᠶᠢ ᠲᠣᠳᠣᠷᠬᠠᠶᠢᠯᠠᠨ᠂ ᠪᠠᠶᠢᠴᠠᠭᠠᠵᠤ ᠪᠣᠯᠬᠤ᠂ ᠨᠡᠬᠡᠮᠵᠢᠯᠡᠵᠦ ᠪᠣᠯᠬᠤ᠂ ᠬᠡᠷᠡᠭᠯᠡᠵᠦ | ᠪᠣᠯᠬᠤ ᠶᠢ ᠪᠡᠶᠡᠯᠡᠭᠦᠯᠵᠦ᠂ ᠲᠤᠭ᠎ᠠ ᠪᠠᠷᠢᠮᠲᠠ ᠶᠢᠨ ᠦᠨ᠎ᠡ ᠥᠷᠲᠡᠭ ᠢ ᠬᠠᠮᠤᠭ ᠤᠨ ᠶᠡᠭᠡ ᠬᠡᠮᠵᠢᠶ᠎ᠡ ᠪᠠᠷ ᠠᠭᠤᠳᠠᠯᠵᠤ᠂ | ᠪᠠᠶᠢᠩᠭᠤᠵᠢᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠪᠠ ᠴᠠᠭᠳᠠᠭᠠᠨ ᠤ | ᠪᠠᠶᠢᠳᠠᠯ ᠤᠨ ᠲᠤᠭ᠎ᠠ ᠪᠠᠷᠢᠮᠲᠠ ᠶᠢ ᠠᠭᠤᠰᠤᠯᠴᠠᠭᠤᠯᠤᠨ ᠰᠤᠳᠤᠯᠤᠨ ᠮᠠᠭᠠᠳᠯᠠᠬᠤ ᠶᠢ ᠪᠡᠶᠡᠯᠡᠭᠦᠯᠦᠨ᠎ᠡ᠃ | 3. ᠲᠤᠭ᠎ᠠ ᠪᠠᠷᠢᠮᠲᠠ ᠶᠢᠨ ᠬᠡᠷᠡᠭᠯᠡᠯᠲᠡ ᠶᠢ ᠴᠢᠩᠭᠠᠷᠠᠭᠤᠯᠤᠨ᠎ᠠ᠃ ᠮᠡᠳᠡᠭᠡ ᠵᠠᠩᠭᠢᠵᠢᠯᠲᠠ ᠶᠢᠨ ᠠᠷᠭ᠎ᠠ ᠪᠠᠷᠢᠯ ᠢ | ᠬᠡᠷᠡᠭᠯᠡᠨ᠂ 12345 ᠲᠣᠭᠲᠠᠮᠠᠯ ᠬᠤᠭᠤᠴᠠᠭ᠎ᠠ ᠲᠠᠢ ᠪᠠᠷ ᠠᠵᠤ ᠠᠬᠤᠶᠢᠯᠠᠯ ᠪᠣᠯᠣᠨ ᠣᠯᠠᠨ ᠲᠦᠮᠡᠨ ᠤ ᠥᠨᠳᠥᠷ | ᠳᠠᠪᠲᠠᠮᠵᠢ ᠶᠢᠨ ᠯᠠᠪᠯᠠᠯᠲᠠ ᠶᠢᠨ ᠲᠥᠷᠥᠯ ᠤᠨ ᠠᠰᠠᠭᠤᠳᠠᠯ᠂ ᠥᠨᠳᠥᠷ ᠳᠠᠪᠲᠠᠮᠵᠢ ᠶᠢᠨ ᠰᠢᠯᠵᠢᠭᠦᠯᠦᠨ ᠭᠦᠢᠴᠡᠳᠬᠡᠬᠦ | ᠤᠴᠢᠷ ᠶᠠᠪᠤᠳᠠᠯ ᠢ ᠬᠤᠷᠢᠶᠠᠩᠭᠤᠶᠢᠯᠠᠵᠤ᠂ ᠬᠤᠯᠪᠣᠭᠳᠠᠯ ᠢᠶᠠᠷ ᠳᠠᠮᠵᠢᠭᠤᠯᠤᠨ ᠠᠷᠠᠳ ᠤᠨ ᠠᠮᠢᠳᠤᠷᠠᠯ ᠤᠨ ᠬᠦᠰᠡᠯ | ᠱᠠᠭᠠᠷᠳᠠᠯᠭ᠎ᠠ ᠶᠢ ᠰᠤᠳᠤᠯᠤᠨ ᠮᠠᠭᠠᠳᠯᠠᠵᠤ᠂ ᠴᠠᠭᠳᠠᠭ᠎ᠠ ᠶᠢᠨ ᠪᠠᠶᠢᠳᠠᠯ ᠢ ᠠᠮᠤᠷ ᠲᠦᠪᠰᠢᠨ ᠪᠣᠯᠭᠠᠵᠤ᠂ ᠠᠷᠠᠳ ᠤᠨ | ᠰᠠᠨᠠᠭᠠᠨ ᠤ ᠬᠠᠯᠠᠮᠰᠢᠯ ᠴᠡᠭ᠂ ᠠᠶᠤᠯ ᠲᠦᠭᠰᠢᠭᠦᠷᠢ ᠶᠢᠨ ᠳᠠᠯᠳᠠ ᠬᠡᠮ᠂ ᠵᠥᠷᠢᠴᠡᠯ ᠠᠰᠠᠭᠤᠳᠠᠯ ᠢ ᠪᠦᠲᠦᠮᠵᠢᠲᠡᠶ | ᠵᠢᠭᠰᠠᠭᠠᠨ ᠪᠠᠶᠢᠴᠠᠭᠠᠵᠤ᠂ ᠲᠣᠰ ᠲᠣᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶ᠎ᠡ ᠲᠠᠢ ᠪᠠᠨ ᠤᠶᠠᠯᠳᠤᠭᠤᠯᠤᠨ | ᠲᠣᠰ ᠲᠣᠰ ᠲᠤᠨᠢ ᠰᠤᠳᠤᠯᠤᠨ ᠮᠠᠭᠠᠳᠯᠠᠭᠰᠠᠨ ᠰᠠᠭᠤᠷᠢᠨ ᠳᠡᠭᠡᠷ᠎ᠡ᠂ ᠬᠠᠮᠲᠤᠷᠠᠨ ᠰᠤᠳᠤᠯᠤᠨ ᠮᠠᠭᠠᠳᠯᠠᠬᠤ᠂ | ᠲᠤᠰᠬᠠᠢ ᠰᠡᠳᠦᠪ ᠢᠶᠠᠷ ᠰᠤᠳᠤᠯᠤᠨ ᠮᠠᠭᠠᠳᠯᠠᠬᠤ᠂ ᠶᠡᠷᠦᠩᠬᠡᠶᠢᠯᠡᠨ ᠰᠤᠳᠤᠯᠤᠨ ᠮᠠᠭᠠᠳᠯᠠᠬᠤ ᠶᠢ ᠪᠠᠶᠢᠩᠭᠤᠵᠢᠭᠤᠯᠤᠨ | ᠥᠷᠨᠢᠭᠦᠯᠵᠦ᠂ 12345 ᠬᠢᠭᠡᠳ 110 ᠥᠨᠳᠥᠷ ᠪᠦᠲᠦᠮᠵᠢᠲᠡᠶ ᠵᠣᠯᠭᠠᠭᠤᠯᠤᠨ ᠬᠤᠯᠪᠤᠭᠠᠯᠠᠨ ᠬᠥᠳᠡᠯᠦᠯᠴᠡᠬᠦ ᠶᠢ | ᠦᠨᠡᠨᠬᠦ ᠠᠬᠢᠭᠤᠯᠵᠤ᠂ ᠭᠡᠨᠡᠳᠲᠡ ᠶᠢᠨ ᠴᠠᠭᠳᠠᠭᠠᠨ ᠤ ᠪᠠᠶᠢᠳᠠᠯ ᠢ ᠲᠦᠷᠭᠡᠨ ᠪᠥᠭᠡᠳ ᠪᠦᠲᠦᠮᠵᠢᠲᠡᠶ ᠰᠢᠢᠳᠪᠦᠷᠢᠯᠡᠵᠦ | ᠂ ᠴᠠᠭᠳᠠᠭᠠᠨ ᠤ ᠶᠠᠪᠤᠳᠠᠯ ᠤᠨ ᠪᠤᠰᠤ ᠲᠤᠰᠠᠯᠠᠮᠵᠢ ᠭᠤᠶᠤᠴᠢᠯᠠᠬᠤ ᠶᠢ ᠰᠢᠨᠵᠢᠯᠡᠬᠦ ᠤᠬᠠᠭᠠᠨᠴᠢ ᠪᠠᠷ ᠵᠦᠢ | ᠵᠣᠬᠢᠰᠲᠠᠢ ᠪᠠᠷ ᠰᠠᠯᠭᠠᠨ ᠲᠣᠬᠢᠷᠠᠭᠤᠯᠵᠤ᠂ ᠬᠠᠮᠵᠢᠯᠴᠠᠨ ᠦᠢᠯᠡᠴᠢᠯᠡᠬᠦ ᠬᠦᠴᠦᠨ ᠴᠢᠳᠠᠪᠤᠷᠢ ᠶᠢ ᠳᠡᠭᠡᠭᠰᠢᠯᠡᠭᠦᠯᠦᠨ᠂ | ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠳᠤ ᠬᠦᠴᠦᠲᠡᠢ ᠦᠢᠯᠡᠴᠢᠯᠡᠨ᠎ᠡ᠃ | ᠳᠥᠷᠪᠡ᠂ ᠴᠢᠳᠠᠪᠤᠷᠢ ᠪᠠᠨ ᠳᠡᠭᠡᠭᠰᠢᠯᠡᠭᠦᠯᠬᠦ | ︵ᠨᠢᠭᠡ︶ 12345 ᠵᠠᠯᠭᠠᠨ ᠭᠦᠢᠴᠡᠳᠬᠡᠬᠦ ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠶᠢᠯᠡᠭᠦᠯᠬᠦ | ᠡᠷᠴᠢᠮ ᠢ ᠤᠯᠠᠮ ᠨᠢᠭᠡ ᠠᠯᠬᠤᠮ ᠴᠢᠩᠭᠠᠷᠠᠭᠤᠯᠵᠤ᠂ ᠬᠤᠣᠰ ᠳ᠋ᠤᠭᠠᠷ ᠢ ᠵᠡᠷᠭᠡᠴᠡᠭᠦᠯᠬᠦ ᠬᠡᠯᠪᠡᠷᠢ ᠪᠠᠷ ᠨᠡᠶᠢᠯᠡᠭᠦᠯᠦᠭᠰᠡᠨ | ᠪᠣᠯᠪᠠᠴᠤ ᠤᠲᠠᠰᠤ ᠵᠠᠯᠭᠠᠯᠲᠠ ᠶᠢᠨ ᠰᠠᠭᠤᠳᠠᠯ ᠢ ᠬᠡᠪ ᠢᠶᠠᠷ ᠦᠯᠡᠳᠡᠭᠡᠭᠰᠡᠨ ᠬᠠᠯᠠᠮᠰᠢᠯ ᠤᠲᠠᠰᠤ ᠶᠢᠨ ᠲᠠᠪᠴᠠᠩ᠂ | ᠳᠠᠭᠤᠳᠠᠯᠲᠠ ᠶᠢᠨ ᠲᠥᠪ ᠤᠨ ᠰᠢᠰᠲ᠋ᠧᠮ ᠢ ᠪᠦᠷᠢᠯᠳᠦᠭᠦᠯᠦᠭᠰᠡᠨ ᠦᠭᠡᠢ ᠪᠤᠶᠤ ᠴᠢᠳᠠᠮᠵᠢ ᠨᠢ ᠪᠦᠷᠢᠨ ᠪᠤᠰᠤ᠂ | ᠥᠪᠡᠷᠲᠡᠭᠡᠨ ᠵᠠᠰᠠᠬᠤ ᠣᠷᠣᠨ ᠤ 12345 ᠭᠦᠢᠴᠡᠳᠬᠡᠬᠦ ᠰᠢᠰᠲ᠋ᠧᠮ ᠯᠦᠭᠡ ᠠᠭᠤᠰᠤᠯᠴᠠᠨ ᠵᠣᠯᠭᠠᠭᠤᠯᠬᠤ | ᠨᠥᠬᠦᠴᠡᠯ ᠢ ᠬᠠᠩᠭᠠᠵᠤ ᠳᠡᠶᠢᠯᠬᠦ ᠦᠭᠡᠢ ᠪᠠᠶᠢᠪᠠᠯ᠂ ᠤᠲᠠᠰᠤ ᠵᠠᠯᠭᠠᠯᠲᠠ ᠶᠢᠨ ᠰᠠᠭᠤᠳᠠᠯ ᠢ 12345 ᠲᠠᠢ | ᠨᠡᠶᠢᠯᠡᠭᠦᠯᠦᠨ ᠨᠢᠭᠡᠳᠦᠯᠲᠡᠢ ᠬᠠᠮᠢᠶᠠᠷᠴᠤ᠂ ᠨᠣᠮᠧᠷ ᠢ ᠨᠢ ᠦᠯᠡᠳᠡᠭᠡᠵᠦ ᠪᠣᠯᠣᠨ᠎ᠠ᠃12345 ᠲᠠᠪᠴᠠᠩ ᠬᠢᠭᠡᠳ | ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠤᠯᠪᠣᠯᠳᠤᠨ ᠨᠡᠪᠲᠡᠷᠡᠯᠴᠡᠬᠦ ᠶᠢ ᠴᠢᠩᠭᠠᠳᠬᠠᠵᠤ᠂ | ᠮᠡᠳᠡᠭᠡ ᠵᠠᠩᠭᠢ ᠶᠢ ᠴᠠᠭ ᠲᠤᠬᠠᠢ ᠳᠤᠨᠢ ᠪᠦᠬᠦ ᠬᠡᠮᠵᠢᠶ᠎ᠡ ᠪᠠᠷ ᠬᠠᠮᠲᠤᠪᠠᠷ ᠡᠳ᠋ᠯᠡᠬᠦ ᠶᠢ ᠪᠡᠶᠡᠯᠡᠭᠦᠯᠦᠨ᠎ᠡ᠃ ᠡᠯ᠎ᠡ ᠭᠠᠵᠠᠷ | ᠡᠯ᠎ᠡ ᠰᠠᠯᠠᠭ᠎ᠠ ᠮᠥᠴᠢᠷ ᠤᠨ ᠬᠢᠨ ︽ᠤᠯᠠᠭᠠᠨᠴᠠᠪ ᠬᠤᠲᠠ ᠶᠢᠨ 12345 ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤᠨ ᠤ ᠠᠵᠢᠯ ᠤᠨ ᠬᠡᠷᠡᠭᠵᠢᠭᠦᠯᠬᠦ ᠨᠠᠷᠢᠨ | ᠳᠦᠷᠢᠮ︾ ᠢ ᠦᠨᠳᠦᠰᠦᠯᠡᠨ 12345 ᠠᠵᠢᠯᠯᠠᠭᠠᠨ ᠤ ᠠᠵᠢᠯ ᠤᠨ ᠴᠤᠪᠤᠷᠠᠯ ᠢ ᠦᠷᠭᠦᠯᠵᠢᠯᠡᠨ ᠰᠢᠯᠢᠳᠡᠭᠵᠢᠭᠦᠯᠵᠦ᠂ | ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ︽ | ᠠᠩᠬ᠎ᠠ ᠭᠥᠯᠢᠶᠡᠨ ᠠᠪᠬᠤ ᠬᠠᠷᠢᠭᠤᠴᠠᠯᠭ᠎ᠠ ᠶᠢᠨ ᠳᠦᠷᠢᠮ︾ ︽ᠵᠠᠭᠠᠯᠳᠤᠯᠭ᠎ᠠ ᠶᠢ ᠭᠥᠯᠢᠶᠡᠨ ᠠᠪᠤᠪᠠᠯ ᠳᠠᠷᠤᠢ | ᠭᠦᠢᠴᠡᠳᠬᠡᠬᠦ︾ ︽ᠠᠵᠢᠯ ᠤᠨ ᠬᠠᠭᠤᠳᠠᠰᠤ ᠶᠢ ᠨᠢᠭᠡᠳᠦᠭᠡᠷ ᠹᠷᠣᠨᠲ ᠲᠤ ᠰᠢᠭᠤᠳ ᠬᠦᠷᠭᠡᠬᠦ︾ | ᠬᠠᠪᠲᠠᠭᠠᠶᠢᠷᠠᠭᠤᠯᠬᠤ ᠠᠵᠢᠯ ᠤᠨ ᠠᠵᠢᠯᠯᠠᠭᠠᠨ ᠤ ᠲᠣᠭᠲᠠᠴᠠ ᠶᠢ ᠢᠳᠡᠪᠬᠢᠲᠡᠢ ᠬᠡᠷᠡᠭᠵᠢᠭᠦᠯᠵᠦ᠂ 12345 | ᠠᠵᠢᠯ ᠤᠨ ᠬᠠᠭᠤᠳᠠᠰᠤ ᠶᠢ ᠭᠦᠢᠴᠡᠳᠬᠡᠬᠦ ᠠᠵᠢᠯ ᠢ ᠰᠢᠮᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠨ | ᠂ ᠳᠠᠭᠠᠬᠤ ᠨᠣᠷᠮ᠎ᠠ᠂ ᠰᠢᠢᠳᠪᠦᠷᠢᠯᠡᠬᠦ ᠨᠣᠷᠮ᠎ᠠ ᠪᠠ ᠬᠠᠨᠤᠮᠵᠢ ᠶᠢᠨ ᠨᠣᠷᠮ᠎ᠠ ᠶᠢ ᠲᠠᠰᠤᠷᠠᠯᠲᠠ ᠦᠭᠡᠢ | ᠳᠡᠭᠡᠭᠰᠢᠯᠡᠭᠦᠯᠦᠨ᠎ᠡ᠃ | ︵ᠬᠤᠶᠠᠷ︶ 110 ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ᠃ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ ᠲᠣᠰ ᠭᠠᠵᠠᠷ ᠣᠷᠣᠨ ᠤ ᠪᠠᠨ 110 | ᠲᠦᠭᠰᠢᠭᠦᠷᠢ ᠭᠥᠯᠢᠶᠡᠨ ᠠᠪᠬᠤ ᠬᠡᠮᠵᠢᠶ᠎ᠡ ᠶᠢ ᠦᠨᠳᠦᠰᠦᠯᠡᠨ᠂ ᠲᠦᠭᠰᠢᠭᠦᠷᠢ ᠭᠥᠯᠢᠶᠡᠨ ᠠᠪᠬᠤ ᠰᠠᠭᠤᠳᠠᠯ ᠢ | ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ ᠲᠣᠬᠢᠷᠠᠭᠤᠯᠵᠤ᠂ ᠲᠦᠭᠰᠢᠭᠦᠷᠢ ᠭᠥᠯᠢᠶᠡᠨ ᠠᠪᠬᠤ ᠠᠵᠢᠯᠲᠠᠨ ᠪᠠ | ᠠᠷᠠᠳ ᠤᠨ ᠴᠠᠭᠳᠠᠭ᠎ᠠ ᠶᠢ ᠵᠢᠯᠣᠭᠤᠳᠤᠨ ᠲᠣᠬᠢᠷᠠᠭᠤᠯᠵᠤ᠂ ᠲᠥᠬᠦᠭᠡᠷᠦᠮᠵᠢ ᠪᠠ ᠰᠢᠰᠲ᠋ᠧᠮ ᠤᠨ ᠪᠠᠲᠤᠯᠠᠭ᠎ᠠ ᠶᠢ | ᠴᠢᠩᠭᠠᠷᠠᠭᠤᠯᠤᠨ᠂ 110 ︽ᠠᠮᠢᠨ ᠰᠤᠳᠠᠰᠤ︾ ᠶᠢᠨ ᠪᠥᠬᠦ ᠡᠳᠦᠷ ᠤᠨ ᠰᠠᠭᠠᠳ ᠦᠭᠡᠢ ᠨᠡᠪᠲᠡᠷᠡᠬᠦ ᠶᠢ ᠦᠨᠡᠨ ᠬᠦ | ᠪᠠᠲᠤᠯᠠᠬᠤ ᠶᠢᠨ ᠬᠠᠮᠲᠤ ᠢᠨᠲ᠋ᠧᠷ ᠰᠦᠯᠵᠢᠶ᠎ᠡ ᠪᠠᠷ ᠲᠦᠭᠰᠢᠭᠦᠷᠢ ᠮᠡᠳᠡᠭᠡᠯᠡᠬᠦ ᠠᠷᠭ᠎ᠠ ᠵᠠᠮ ᠢ ᠥᠷᠭᠡᠳᠬᠡᠵᠦ᠂ ᠠᠵᠤ | ᠠᠬᠤᠶᠢᠯᠠᠯ ᠪᠠ ᠣᠯᠠᠨ ᠲᠦᠮᠡᠨ ᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠡᠯ᠎ᠡ ᠴᠠᠭᠳᠠᠭᠠᠨ ᠤ ᠲᠥᠷᠥᠯ ᠪᠠ | ᠪᠣᠳᠠᠲᠤ ᠪᠠᠶᠢᠯᠳᠤᠭᠠᠨ ᠤ ᠨᠢᠭᠡᠴᠢ ᠬᠢᠭᠡᠳ 110 ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠢ | ᠬᠠᠷᠢᠯᠴᠠᠨ ᠵᠣᠯᠭᠠᠭᠤᠯᠤᠭᠰᠠᠨ ᠲᠦᠷᠭᠡᠨ ᠳᠠᠭᠠᠬᠤ ᠲᠣᠭᠲᠠᠴᠠ ᠶᠢ ᠪᠠᠶᠢᠭᠤᠯᠵᠤ᠂ ᠨᠢᠭᠡᠳᠦᠭᠡᠷ ᠹᠷᠣᠨᠲ ᠤᠨ | ᠴᠠᠭᠳᠠᠭ᠎ᠠ ᠶᠢ ᠰᠢᠢᠳᠪᠦᠷᠢᠯᠡᠬᠦ ᠠᠵᠢᠯ ᠤᠨ ᠲᠤᠭ᠎ᠠ ᠪᠠᠷᠢᠮᠲᠠ ᠶᠢᠨ ᠴᠢᠳᠠᠪᠤᠷᠢ ᠣᠯᠭᠤᠬᠤ ᠪᠠ ᠠᠷᠤ ᠲᠠᠯ᠎ᠠ ᠶᠢᠨ | ᠲᠤᠯᠭᠠᠭᠤᠷᠢᠯᠠᠯ ᠢ ᠴᠢᠩᠭᠠᠳᠬᠠᠨ᠂ ᠤᠷᠢᠳᠴᠢᠯᠠᠨ ᠰᠡᠷᠭᠡᠶᠢᠯᠡᠬᠦ ᠴᠠᠭᠳᠠᠭᠠᠨ ᠤ ᠶᠠᠪᠤᠳᠠᠯ ᠢ ᠢᠳᠡᠪᠬᠢᠲᠡᠢ | ᠰᠦᠪᠡᠭᠴᠢᠯᠡᠨ ᠬᠡᠷᠡᠭᠵᠢᠭᠦᠯᠵᠦ᠂ ᠴᠠᠭᠳᠠᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠵᠢᠯ ᠤᠨ ᠬᠦᠴᠦᠨ | ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠦᠨ᠎ᠡ᠃ | ︵ᠭᠤᠷᠪᠠ︶ 12345 ᠬᠢᠭᠡᠳ 110 ᠣᠶᠣᠨᠴᠢᠯᠠᠭᠰᠠᠨ ᠬᠤᠯᠪᠤᠭᠠᠯᠠᠨ ᠬᠥᠳᠡᠯᠦᠯᠴᠡᠬᠦ ᠶᠢ ᠴᠢᠩᠭᠠᠳᠬᠠᠨ᠎ᠠ᠃ | ᠣᠶᠤᠨᠴᠢᠯᠠᠭᠰᠠᠨ ᠦᠢᠯᠡᠴᠢᠯᠡᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠵᠤ᠂ ᠣᠶᠤᠨᠴᠢᠯᠠᠭᠰᠠᠨ ᠲᠠᠨᠢᠯᠴᠠᠭᠤᠯᠭ᠎ᠠ | ᠂ ᠠᠪᠢᠶ᠎ᠠ ᠶᠢ ᠠᠦ᠋ᠲ᠋ᠣ᠋ ᠰᠢᠯᠵᠢᠭᠦᠯᠦᠨ ᠪᠢᠴᠢᠬᠦ᠂ ᠥᠪᠡᠰᠦᠪᠡᠨ ᠬᠠᠭᠤᠳᠠᠰᠤ ᠲᠣᠮᠢᠯᠠᠬᠤ ᠵᠡᠷᠭᠡ ᠴᠢᠳᠠᠮᠵᠢ ᠶᠢ ᠨᠡᠭᠡᠭᠡᠨ | ᠬᠥᠭᠵᠢᠭᠦᠯᠬᠦ ᠶᠢ ᠠᠬᠢᠭᠤᠯᠤᠨ᠎ᠠ᠃ 12345 ᠪᠣᠯᠣᠨ 110 ᠵᠠᠭᠠᠯᠳᠤᠯᠭ᠎ᠠ ᠶᠢ ᠬᠦᠯᠢᠶᠡᠨ ᠠᠪᠬᠤ ᠠᠵᠢᠯ ᠢ | ᠬᠠᠷᠢᠯᠴᠠᠨ ᠵᠣᠯᠭᠠᠯᠳᠤᠭᠤᠯᠤᠭᠰᠠᠨ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ᠂ ᠭᠡᠨᠡᠳᠲᠡ ᠶᠢᠨ | ᠪᠠᠶᠢᠳᠠᠯ ᠲᠣᠬᠢᠶᠠᠯᠳᠤᠪᠠᠯ ᠤᠲᠠᠰᠤ ᠵᠠᠯᠭᠠᠯᠲᠠ ᠶᠢᠨ ᠬᠡᠮᠵᠢᠶ᠎ᠡ ᠲᠦᠷᠭᠡᠨ ᠨᠡᠮᠡᠭᠳᠡᠬᠦ ᠦᠶ᠎ᠡ ᠳᠤ᠂ ᠣᠶᠤᠨᠲᠤ | ᠦᠢᠯᠡᠴᠢᠯᠡᠭᠡᠨ ᠤ ᠰᠢᠰᠲ᠋ᠧᠮ ᠨᠢ ᠥᠨᠳᠥᠷ ᠳᠠᠪᠲᠠᠮᠵᠢ ᠶᠢᠨ ᠠᠰᠠᠭᠤᠳᠠᠯ ᠳᠤ ᠠᠦ᠋ᠲ᠋ᠣ᠋ ᠬᠠᠷᠢᠭᠤᠯᠲᠠ ᠥᠭᠴᠦ᠂ ᠠᠵᠤ | ᠠᠬᠤᠶᠢᠯᠠᠯ ᠪᠠ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ᠣᠶᠤᠨᠲᠤ ᠰᠢᠰᠲ᠋ᠧᠮ ᠢᠶᠠᠷ ᠳᠠᠮᠵᠢᠭᠤᠯᠤᠨ | ᠪᠠᠶᠢᠳᠠᠯ ᠢ ᠲᠤᠰᠬᠠᠨ᠎ᠠ᠃ 12345 ᠪᠠ 110 ᠪᠠᠷᠢᠮᠵᠢᠶ᠎ᠠ ᠶᠢ ᠨᠢᠭᠡᠳᠬᠡᠭᠰᠡᠨ᠂ ᠴᠠᠭ ᠲᠤᠬᠠᠢ ᠳᠤᠨᠢ | ᠰᠢᠨᠡᠳᠬᠡᠭᠰᠡᠨ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠮᠡᠳᠡᠯᠭᠡ ᠶᠢᠨ ᠬᠥᠮᠥᠷᠭᠡ ᠶᠢ ᠪᠠᠶᠢᠭᠤᠯᠵᠤ᠂ ᠥᠨᠳᠥᠷ | ᠳᠠᠪᠲᠠᠮᠵᠢᠲᠤ ᠠᠰᠠᠭᠤᠳᠠᠯ ᠪᠠ ᠰᠢᠯᠵᠢᠭᠦᠯᠦᠨ ᠰᠢᠢᠳᠪᠦᠷᠢᠯᠡᠬᠦ ᠵᠦᠢᠯᠡᠰ ᠲᠤ ︽ᠨᠢᠭᠡ ᠠᠰᠠᠭᠤᠯᠲᠠ ᠳᠤ ᠨᠢᠭᠡ | ᠬᠠᠷᠢᠭᠤᠯᠬᠤ︾ ᠪᠠᠷᠢᠮᠵᠢᠶ᠎ᠠ ᠶᠢ ᠲᠣᠭᠲᠠᠭᠠᠵᠤ᠂ ︽ᠠᠰᠠᠭᠤᠪᠠᠯ ᠳᠠᠷᠤᠢ ᠬᠠᠷᠢᠭᠤᠯᠬᠤ︾᠂ ︽ᠵᠠᠭᠠᠯᠳᠤᠯᠭ᠎ᠠ ᠶᠢ | ᠬᠦᠯᠢᠶᠡᠨ ᠠᠪᠤᠪᠠᠯ ᠳᠠᠷᠤᠢ ᠰᠢᠢᠳᠪᠦᠷᠢᠯᠡᠬᠦ︾᠂ ︽ᠠᠵᠢᠯ ᠤᠨ ᠬᠠᠭᠤᠳᠠᠰᠤ ᠶᠢ ᠰᠢᠭᠤᠳ ᠰᠢᠯᠵᠢᠭᠦᠯᠦᠨ | ᠰᠢᠢᠳᠪᠦᠷᠢᠯᠡᠬᠦ ᠨᠢᠭᠡᠳᠦᠭᠡᠷ ᠹᠷᠣᠨᠲ︾ ᠵᠡᠷᠭᠡ ᠠᠵᠢᠯ ᠤᠨ ᠠᠷᠭ᠎ᠠ ᠮᠠᠶ᠋ᠢᠭ ᠢ ᠢᠳᠡᠪᠬᠢᠲᠡᠢ ᠬᠡᠷᠡᠭᠵᠢᠭᠦᠯᠵᠦ᠂ ᠬᠤᠶᠠᠷ | ᠲᠠᠯ᠎ᠠ ᠪᠠᠷ ᠢᠶᠠᠨ ᠬᠠᠷᠭᠤᠭᠤᠯᠤᠨ ᠬᠢᠨᠠᠬᠤ᠂ ᠨᠢᠭᠡ ᠯᠡ ᠲᠣᠪᠴᠢ ᠪᠠᠷ ᠰᠢᠯᠵᠢᠭᠦᠯᠦᠨ ᠰᠢᠢᠳᠪᠦᠷᠢᠯᠡᠬᠦ᠂ | ᠭᠤᠭᠤᠵᠢᠭᠳᠠᠭᠰᠠᠨ ᠵᠦᠢᠯ ᠢ ᠪᠠᠶᠢᠴᠠᠭᠠᠵᠤ ᠪᠤᠷᠤᠭᠤ ᠶᠢ ᠵᠠᠯᠠᠷᠠᠭᠤᠯᠬᠤ ᠵᠡᠷᠭᠡ ᠳᠦᠷᠢᠮ ᠢ ᠲᠡᠭᠦᠯᠳᠡᠷᠵᠢᠭᠦᠯᠦᠨ᠎ᠡ᠃ | ︵ᠳᠥᠷᠪᠡ︶ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠨ᠎ᠠ᠃ ᠡᠯ᠎ᠡ ᠭᠠᠵᠠᠷ ᠡᠯ᠎ᠡ | ᠰᠠᠯᠠᠭ᠎ᠠ ᠮᠥᠴᠢᠷ ᠤᠨ ᠬᠢᠨ 12345 ᠠᠵᠢᠯ ᠤᠨ ᠨᠢᠭᠡᠴᠢ ᠶᠢᠨ ᠲᠤᠭ᠎ᠠ ᠪᠣᠯᠣᠨ ᠲᠦᠭᠰᠢᠭᠦᠷᠢ ᠬᠦᠯᠢᠶᠡᠬᠦ ᠬᠡᠮᠵᠢᠶ᠎ᠡ | ᠶᠢ ᠦᠨᠳᠦᠰᠦᠯᠡᠨ᠂ 12345 ᠤᠨ ᠠᠵᠢᠯᠲᠠᠨ᠂ ᠠᠷᠠᠳ ᠤᠨ ᠴᠠᠭᠳᠠᠭ᠎ᠠ ᠶᠢᠨ ᠡᠩᠨᠡᠭᠡ ᠶᠢ ᠪᠦᠷᠢᠳᠦᠭᠦᠯᠦᠨ | ᠴᠢᠩᠭᠠᠷᠠᠭᠤᠯᠵᠤ᠂ ᠲᠥᠬᠦᠭᠡᠷᠦᠮᠵᠢ ᠪᠣᠯᠣᠨ ᠰᠢᠰᠲ᠋ᠧᠮ ᠤᠨ ᠪᠠᠲᠤᠯᠠᠭ᠎ᠠ ᠶᠢ ᠴᠢᠩᠭᠠᠳᠬᠠᠨ᠂ 12345 ᠪᠣᠯᠣᠨ | 110 ᠪᠦᠬᠦᠯᠢ ᠡᠳᠦᠷ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠨ᠎ᠠ᠃ ᠲᠤᠰᠬᠠᠢ ᠮᠡᠷᠭᠡᠵᠢᠯ ᠤᠨ | ᠴᠢᠨᠠᠷ ᠢᠶᠠᠷ ᠴᠢᠩᠭ᠎ᠠ ᠵᠠᠬ᠎ᠠ ᠳᠡᠯᠭᠡᠭᠦᠷ ᠤᠨ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠭᠠᠯ | ᠤᠨᠲᠠᠷᠠᠭᠠᠬᠤ᠂ ᠵᠠᠮ ᠬᠠᠷᠢᠯᠴᠠᠭ᠎ᠠ᠂ ᠡᠷᠡᠭᠦᠯ ᠮᠡᠨᠳᠦ ᠡᠷᠡᠭᠦᠯ ᠬᠠᠮᠠᠭᠠᠯᠠᠯ᠂ ᠢᠯᠴᠢ ᠬᠠᠩᠭᠠᠬᠤ᠂ ᠤᠰᠤ ᠬᠠᠩᠭᠠᠬᠤ | ᠵᠡᠷᠭᠡ ᠬᠠᠮᠲᠤᠷᠠᠨ ᠬᠥᠳᠡᠯᠦᠯᠴᠡᠬᠦ ᠰᠠᠯᠠᠭ᠎ᠠ ᠮᠥᠴᠢᠷ ︵ᠨᠢᠭᠡᠴᠢ︶ ᠨᠢ ᠪᠠᠴᠢᠮ ᠪᠠᠶᠢᠳᠠᠯ ᠢ ᠠᠷᠭᠠᠴᠠᠬᠤ ᠬᠠᠮᠲᠤᠷᠠᠨ | ᠬᠥᠳᠡᠯᠦᠯᠴᠡᠬᠦ ᠡᠩᠨᠡᠭᠡ ᠶᠢ ᠪᠠᠶᠢᠭᠤᠯᠵᠤ᠂ 12345᠂ 110 ᠯᠤᠭ᠎ᠠ ᠢᠳᠡᠪᠬᠢᠲᠡᠢ ᠪᠠᠷ ᠵᠣᠯᠭᠠᠭᠤᠯᠤᠨ᠂ | ᠬᠡᠪᠰᠢᠭᠰᠡᠨ ᠪᠣᠯᠪᠠᠰᠤᠷᠠᠭᠤᠯᠤᠯ ᠤᠨ ᠠᠵᠢᠯ ᠢ ᠥᠷᠨᠢᠭᠦᠯᠵᠦ᠂ ᠡᠩᠨᠡᠭᠡ ᠶᠢᠨ ᠬᠡᠪ ᠴᠢᠨᠠᠷ ᠪᠠ ᠦᠢᠯᠡᠴᠢᠯᠡᠭᠡᠨ ᠤ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ 12345 ᠪᠣᠯᠣᠨ 110 ᠶᠢ ᠵᠣᠯᠭᠠᠭᠤᠯᠵᠤ ᠬᠠᠮᠲᠤᠷᠠᠨ | ᠬᠥᠳᠡᠯᠦᠯᠴᠡᠬᠦ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠲᠤᠯᠭᠠᠮ᠎ᠠ ᠰᠡᠳᠬᠢᠯᠭᠡ᠂ ᠡᠭᠦᠷᠭᠡᠲᠦ | ᠰᠡᠳᠬᠢᠯᠭᠡ ᠪᠠᠨ ᠦᠨᠡᠨᠬᠦ ᠴᠢᠩᠭᠠᠳᠬᠠᠵᠤ᠂ 12345 ᠲᠠᠪᠴᠠᠩ ᠪᠣᠯᠣᠨ 110 ᠲᠤᠬᠠᠶᠢᠯᠠᠭᠰᠠᠨ ᠠᠵᠢᠯ ᠤᠨ | ᠰᠢᠰᠲ᠋ᠧᠮ ᠤᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠥᠨᠳᠥᠷ ᠦᠷ᠎ᠡ ᠪᠦᠲᠦᠮᠵᠢᠲᠡᠢ ᠪᠠᠷ | ᠠᠬᠢᠭᠤᠯᠵᠤ᠂ ᠪᠠᠲᠤᠯᠠᠪᠤᠷᠢ ᠶᠢᠨ ᠡᠷᠴᠢᠮ ᠢᠶᠠᠨ ᠴᠢᠩᠭᠠᠷᠠᠭᠤᠯᠵᠤ᠂ ᠵᠣᠯᠭᠠᠭᠤᠯᠵᠤ ᠬᠠᠮᠲᠤᠷᠠᠨ ᠬᠥᠳᠡᠯᠦᠯᠴᠡᠬᠦ | ᠠᠵᠢᠯ ᠢ ᠬᠦᠴᠦᠲᠡᠢ ᠡᠮᠬᠢ ᠵᠢᠷᠤᠮ ᠲᠠᠢ ᠠᠬᠢᠭᠤᠯᠵᠤ᠂ 12345 ᠶᠢ ᠬᠦᠯᠢᠶᠡᠨ ᠠᠪᠴᠤ ᠭᠦᠢᠴᠡᠳᠬᠡᠬᠦ ᠶᠠᠰᠤ | ᠴᠢᠨᠠᠷ ᠦᠷ᠎ᠡ ᠠᠰᠢᠭ ᠪᠣᠯᠣᠨ 110 ᠴᠠᠭᠳᠠᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠠᠵᠢᠯ ᠤᠨ ᠦᠷ᠎ᠡ | ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠥᠬᠦ ᠬᠤᠲᠠ ᠶᠢᠨ 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ | ᠠᠵᠢᠯ ᠤᠨ ᠴᠢᠬᠤᠯᠠ ᠶᠡᠭᠡ ᠵᠦᠢᠯᠡᠰ ᠤᠨ ᠰᠢᠢᠳᠪᠦᠷᠢᠲᠦ ᠪᠣᠳᠣᠯᠭ᠎ᠠ ᠶᠢ ᠬᠠᠷᠢᠭᠤᠴᠠᠵᠤ᠂ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠠᠯᠪᠠᠨ ᠭᠡᠷ ᠠᠴᠠ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠶᠢ ᠬᠠᠷᠢᠭᠤᠴᠠᠨ᠎ᠠ᠃ | ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠ ᠬᠤᠲᠠ ᠶᠢᠨ ᠵᠠᠰᠠᠭ ᠤᠨ ᠣᠷᠳᠣᠨ ᠤ ᠬᠠᠯᠠᠮᠰᠢᠯ | ᠤᠲᠠᠰᠤᠨ ᠤ ᠵᠢᠯᠤᠭᠤᠳᠬᠤ ᠦᠢᠯᠡᠴᠢᠯᠡᠭᠡᠨ ᠤ ᠲᠥᠪ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠵᠣᠯᠭᠠᠭᠤᠯᠵᠤ | ᠬᠠᠮᠲᠤᠷᠠᠨ ᠬᠥᠳᠡᠯᠦᠯᠴᠡᠬᠦ ᠠᠵᠢᠯ ᠢ ᠵᠢᠯᠤᠭᠤᠳᠬᠤ ᠶᠢ ᠪᠣᠳᠠᠲᠠᠢ ᠪᠠᠷ ᠲᠦᠷᠦᠭᠦᠯᠡᠨ ᠬᠠᠷᠢᠭᠤᠴᠠᠵᠤ᠂ ᠣᠷᠣᠰᠢᠵᠤ | ᠪᠠᠶᠢᠭ᠎ᠠ ᠠᠰᠠᠭᠤᠳᠠᠯ ᠢ ᠴᠠᠭ ᠲᠤᠬᠠᠢ ᠳᠤᠨᠢ ᠵᠣᠬᠢᠴᠠᠭᠤᠯᠤᠨ ᠰᠢᠢᠳᠪᠦᠷᠢᠯᠡᠵᠦ᠂ 12345 ᠪᠠ 110 ᠦᠨᠡᠯᠡᠨ | ᠵᠢᠱᠢᠬᠦ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃12345 ᠠᠵᠢᠯ ᠤᠨ | ᠤᠳᠤᠷᠢᠳᠬᠤ ᠳᠤᠭᠤᠶᠢᠯᠠᠩ ᠤᠨ ᠪᠦᠷᠢᠯᠳᠦᠭᠦᠨ ᠨᠢᠭᠡᠴᠢ ᠪᠠ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠤᠳ | ᠬᠠᠮᠲᠤᠷᠠᠨ ᠬᠥᠳᠡᠯᠦᠯᠴᠡᠬᠦ ᠠᠵᠢᠯ ᠤᠨ ᠡᠭᠦᠷᠭᠡ ᠬᠠᠷᠢᠭᠤᠴᠠᠯᠭ᠎ᠠ ᠪᠠ ᠱᠠᠭᠠᠷᠳᠠᠯᠭ᠎ᠠ ᠶᠢ ᠦᠨᠳᠦᠰᠦᠯᠡᠨ᠂ | ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠭᠰᠡᠨ᠂ | ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠭᠰᠡᠨ ᠬᠠᠮᠲᠤᠷᠠᠨ ᠬᠥᠳᠡᠯᠦᠯᠴᠡᠬᠦ ᠰᠢᠰᠲ᠋ᠧᠮᠵᠢ ᠶᠢ ᠦᠨᠡᠨᠬᠦ | ᠪᠠᠶᠢᠭᠤᠯᠵᠤ᠂ ᠴᠠᠭ ᠲᠤᠬᠠᠢ ᠳᠤᠨᠢ ᠳᠠᠭᠠᠵᠤ᠂ ᠬᠦᠴᠦᠲᠡᠢ ᠰᠢᠢᠳᠪᠦᠷᠢᠯᠡᠬᠦ ᠶᠢ ᠪᠡᠶᠡᠯᠡᠭᠦᠯᠦᠨ᠎ᠡ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢ ᠴᠢᠩᠭᠠᠳᠬᠠᠨ᠎ᠠ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠳ | 12345 ᠬᠢᠭᠡᠳ 110 ᠶᠢ ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ ᠤᠨ ᠪᠠᠶᠢᠭᠤᠯᠤᠯᠲᠠ᠂ | ᠠᠵᠢᠯᠲᠠᠨ ᠤ ᠪᠣᠯᠪᠠᠰᠤᠷᠠᠭᠤᠯᠤᠯ ᠤᠨ ᠡᠳ᠋ ᠤᠨ ᠵᠠᠰᠠᠭ ᠤᠨ ᠪᠠᠲᠤᠯᠠᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯ᠎ᠡ | ᠱᠠᠲᠤᠨ ᠤ ᠡᠳ᠋ ᠤᠨ ᠵᠠᠰᠠᠭ᠂ ᠬᠥᠭᠵᠢᠭᠦᠯᠦᠯᠲᠡ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠳ ᠣᠲᠣ ᠶᠢᠨ ᠪᠠᠶᠢᠭ᠎ᠠ | ᠵᠠᠷᠤᠳᠠᠯ ᠤᠨ ᠠᠷᠭ᠎ᠠ ᠵᠠᠮ ᠢ ᠨᠢᠭᠡᠳᠦᠯᠲᠡᠢ ᠲᠥᠯᠥᠪᠯᠡᠨ ᠠᠰᠢᠭᠯᠠᠵᠤ᠂ 12345 ᠬᠢᠭᠡᠳ 110 ᠶᠢ ᠵᠣᠯᠭᠠᠭᠤᠯᠵᠤ | ᠬᠠᠮᠲᠤᠷᠠᠨ ᠬᠥᠳᠡᠯᠦᠯᠴᠡᠬᠦ ᠠᠵᠢᠯ᠂ ᠰᠢᠰᠲ᠋ᠧᠮ ᠤᠨ ᠪᠠᠶᠢᠭᠤᠯᠤᠯᠲᠠ᠂ ᠠᠵᠢᠯᠲᠠᠨ ᠤ ᠪᠣᠯᠪᠠᠰᠤᠷᠠᠭᠤᠯᠤᠯ ᠵᠡᠷᠭᠡ ᠳᠤ | ᠬᠡᠷᠡᠭᠰᠡᠬᠦ ᠵᠠᠷᠤᠳᠠᠯ ᠢ ᠣᠨ ᠤ ᠡᠳ᠋ ᠤᠨ ᠵᠠᠰᠠᠭ ᠤᠨ ᠲᠥᠰᠥᠪ ᠲᠤ ᠵᠢᠭᠰᠠᠭᠠᠨ ᠣᠷᠣᠭᠤᠯᠵᠤ᠂ ᠵᠣᠯᠭᠠᠭᠤᠯᠵᠤ | ᠬᠠᠮᠲᠤᠷᠠᠨ ᠬᠥᠳᠡᠯᠦᠯᠴᠡᠬᠦ ᠠᠵᠢᠯ ᠤᠨ ᠡᠮᠬᠢ ᠵᠢᠷᠤᠮ ᠲᠠᠢ ᠥᠨᠳᠥᠷ ᠦᠷ᠎ᠡ ᠪᠦᠲᠦᠮᠵᠢᠲᠡᠶ ᠪᠠᠷ ᠶᠠᠪᠤᠭᠳᠠᠬᠤ ᠶᠢ | ᠳᠡᠮᠵᠢᠨ ᠠᠬᠢᠭᠤᠯᠤᠨ᠎ᠠ᠃ | ︵ᠭᠤᠷᠪᠠ︶ ᠰᠢᠮᠳᠠᠭᠤᠯᠵᠤ ᠪᠠᠶᠢᠭᠠᠳ ᠦᠷ᠎ᠡ ᠪᠦᠲᠦᠮᠵᠢ ᠶᠢ ᠨᠢ ᠠᠰᠠᠭᠤᠬᠤ ᠶᠢ ᠴᠢᠩᠭᠠᠳᠬᠠᠨ᠎ᠠ᠃ ︽ᠬᠡᠨ | ᠬᠦᠯᠢᠶᠡᠨ ᠠᠪᠴᠤ ᠰᠢᠢᠳᠪᠦᠷᠢᠯᠡᠪᠡᠯ᠂ ᠲᠡᠷᠡ ᠰᠢᠪᠠᠳᠠᠨ ᠰᠢᠢᠳᠪᠦᠷᠢᠯᠡᠭᠦᠯᠵᠦ᠂ ᠲᠡᠷᠡ ᠬᠢᠨᠠᠨ ᠰᠢᠯᠭᠠᠬᠤ︾ | ᠵᠠᠷᠴᠢᠮ ᠢ ᠪᠠᠷᠢᠮᠲᠠᠯᠠᠵᠤ᠂ ᠰᠢᠯᠭᠠᠨ ᠬᠢᠨᠠᠵᠤ ᠦᠨᠡᠯᠡᠨ ᠵᠢᠱᠢᠬᠦ᠂ ᠰᠢᠮᠳᠠᠭᠤᠯᠤᠨ ᠰᠢᠢᠳᠪᠦᠷᠢᠯᠡᠭᠦᠯᠵᠦ ᠬᠠᠷᠢᠭᠤᠴᠠᠯᠭ᠎ᠠ | ᠬᠡᠯᠡᠯᠴᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ | ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠷᠠᠭᠤᠯᠤᠨ᠂ ᠠᠵᠢᠯ ᠢ ᠠᠬᠢᠭᠤᠯᠤᠭᠰᠠᠨ ᠢᠶᠠᠷ ᠬᠦᠴᠦᠨ ᠦᠭᠡᠢ ᠪᠤᠶᠤ | ᠠᠬᠢᠭᠤᠯᠤᠭᠰᠠᠨ ᠢᠶᠠᠷ ᠬᠤᠵᠢᠮᠳᠠᠭᠤ ᠪᠠᠶᠢᠳᠠᠯ ᠢ ᠰᠢᠮᠳᠠᠭᠤᠯᠤᠨ ᠰᠢᠢᠳᠪᠦᠷᠢᠯᠡᠭᠦᠯᠬᠦ ᠪᠠ ᠬᠠᠷᠢᠭᠤᠴᠠᠯᠭ᠎ᠠ ᠬᠡᠯᠡᠯᠴᠡᠬᠦ ᠶᠢ | ᠵᠠᠷᠯᠠᠨ ᠮᠡᠳᠡᠭᠳᠡᠵᠦ᠂ ᠲᠣᠭᠲᠠᠭᠠᠯ ᠠᠴᠠ ᠵᠥᠷᠢᠴᠡᠨ ᠰᠢᠢᠳᠪᠦᠷᠢᠯᠡᠭᠰᠡᠨ ᠦᠭᠡᠢ ᠪᠤᠶᠤ ᠰᠢᠢᠳᠪᠦᠷᠢᠯᠡᠭᠰᠡᠨ ᠨᠢ ᠵᠣᠬᠢᠰ | ᠦᠭᠡᠢ ᠠᠴᠠ ᠪᠣᠯᠵᠤ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠠᠶᠢᠪᠠᠯ᠂ ᠬᠠᠮᠢᠶ᠎ᠠ ᠪᠦᠬᠦᠢ ᠠᠵᠢᠯᠲᠠᠨ ᠪᠠ | ᠰᠠᠯᠠᠭ᠎ᠠ ᠮᠥᠴᠢᠷ ︵ᠨᠢᠭᠡᠴᠢ︶ ᠤᠨ ᠬᠠᠷᠢᠭᠤᠴᠠᠯᠭ᠎ᠠ ᠶᠢ ᠬᠠᠤᠯᠢ ᠶᠣᠰᠣᠭᠠᠷ ᠨᠡᠬᠡᠮᠵᠢᠯᠡᠨ᠎ᠡ᠃ | ︵ᠳᠥᠷᠪᠡ︶ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ 12345 ᠪᠠ 110 ᠤᠲᠠᠰᠤ | ᠵᠠᠯᠭᠠᠯᠲᠠ ᠶᠢᠨ ᠬᠡᠮᠵᠢᠶ᠎ᠡ ᠶᠢ ᠦᠨᠳᠦᠰᠦᠯᠡᠨ᠂ ᠤᠲᠠᠰᠤ ᠵᠠᠯᠭᠠᠯᠲᠠ ᠶᠢᠨ ᠰᠠᠭᠤᠳᠠᠯ ᠢ ᠰᠢᠨᠵᠢᠯᠡᠬᠦ ᠤᠬᠠᠭᠠᠨᠴᠢ ᠪᠠᠷ | ᠵᠦᠢ ᠵᠣᠬᠢᠰᠲᠠᠢ ᠲᠣᠬᠢᠷᠠᠭᠤᠯᠵᠤ᠂ ᠤᠲᠠᠰᠤ ᠵᠠᠯᠭᠠᠯᠲᠠ ᠶᠢᠨ ᠠᠵᠢᠯᠲᠠᠨ ᠢ ᠪᠦᠷᠢᠨ ᠭᠦᠢᠴᠡᠳ ᠲᠣᠬᠢᠷᠠᠭᠤᠯᠤᠨ᠂ | ᠨᠢᠭᠡᠳᠦᠭᠡᠷ ᠹᠷᠣᠨᠲ ᠤᠨ ᠠᠵᠢᠯᠲᠠᠨ ᠢ ᠬᠠᠯᠠᠮᠵᠢᠯᠠᠨ ᠬᠠᠶᠢᠷᠠᠯᠠᠬᠤ ᠶᠢ ᠴᠢᠩᠭᠠᠳᠬᠠᠵᠤ᠂ ᠬᠤᠯᠪᠣᠭᠳᠠᠯ ᠪᠦᠬᠦᠢ ᠠᠵᠢᠯ | ᠮᠡᠷᠭᠡᠵᠢᠯ ᠤᠨ ᠲᠥᠯᠦᠪᠵᠢᠭᠦᠯᠭᠡ᠂ ᠬᠥᠯᠥᠰᠦ ᠣᠯᠭᠤᠮᠵᠢ᠂ ᠡᠷᠬᠡ ᠠᠰᠢᠭ ᠤᠨ ᠬᠠᠮᠠᠭᠠᠯᠠᠯᠲᠠ᠂ ᠬᠥᠬᠢᠭᠦᠯᠦᠨ | ᠱᠠᠩᠨᠠᠬᠤ ᠵᠡᠷᠭᠡ ᠲᠠᠯ᠎ᠠ ᠶᠢᠨ ᠪᠠᠲᠤᠯᠠᠭ᠎ᠠ ᠶᠢᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠯ | ᠶᠣᠰᠣᠭᠠᠷ ᠨᠠᠶᠢᠳᠠᠪᠤᠷᠢᠵᠢᠭᠤᠯᠤᠨ᠎ᠠ᠃ ᠡᠭᠦᠨ ᠤ ᠬᠠᠮᠲᠤ 12345 ᠪᠣᠯᠣᠨ 110 ᠠᠵᠢᠯᠲᠠᠨ ᠤ ᠲᠤᠬᠠᠶᠢᠯᠠᠭᠰᠠᠨ | ᠠᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠣᠯᠢᠯᠴᠠᠭᠠᠨ ᠤ ᠠᠵᠢᠯᠯᠠᠭ᠎ᠠ ᠶᠢ | ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠨᠡᠪᠲᠡᠷᠡᠯᠴᠡᠨ ᠬᠠᠷᠢᠯᠴᠠᠬᠤ ᠶᠢ ᠴᠢᠩᠭᠠᠳᠬᠠᠨ᠂ ᠬᠤᠯᠪᠤᠭᠠᠯᠠᠨ | ᠬᠠᠮᠵᠢᠯᠴᠠᠬᠤ ᠶᠢ ᠴᠢᠩᠭᠠᠳᠬᠠᠨ᠎ᠠ᠃ 12345 ᠠᠵᠢᠯ ᠤᠨ ᠤᠳᠤᠷᠢᠳᠬᠤ ᠳᠤᠭᠤᠶᠢᠯᠠᠩ ᠤᠨ ᠬᠠᠮᠢᠶ᠎ᠠ ᠪᠦᠬᠦᠢ | ᠪᠦᠷᠢᠯᠳᠦᠭᠦᠨ ᠨᠢᠭᠡᠴᠢ ᠨᠦᠭᠦᠳ ᠠᠵᠢᠯ ᠤᠨ ᠡᠭᠦᠷᠭᠡ ᠶᠢᠨ ᠬᠡᠷᠡᠭᠴᠡᠭᠡ ᠪᠠᠨ ᠦᠨᠳᠦᠰᠦᠯᠡᠨ᠂ ᠬᠠᠮᠲᠤᠷᠠᠨ | ᠬᠥᠳᠡᠯᠦᠯᠴᠡᠬᠦ ᠲᠣᠭᠲᠠᠴᠠ ᠯᠤᠭ᠎ᠠ ᠵᠣᠬᠢᠴᠠᠯᠳᠤᠭᠰᠠᠨ ᠠᠵᠢᠯ ᠤᠨ ᠵᠠᠭᠪᠤᠷ ᠢ ᠪᠠᠶᠢᠭᠤᠯᠵᠤ᠂ ︽7 × 24 ᠴᠠᠭ︾ | ᠤᠨ ᠵᠢᠵᠢᠭᠦᠷᠯᠡᠨ ᠰᠠᠬᠢᠬᠤ ᠶᠢ ᠥᠷᠨᠢᠭᠦᠯᠵᠦ᠂ ᠠᠵᠤ ᠠᠬᠤᠶᠢᠯᠠᠯ ᠪᠠ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ | ᠥᠨᠳᠥᠷ ᠦᠷ᠎ᠡ ᠪᠦᠲᠦᠮᠵᠢᠲᠡᠶ ᠪᠠᠷ ᠰᠢᠢᠳᠪᠦᠷᠢᠯᠡᠬᠦ ᠶᠢ ᠦᠨᠡᠨᠬᠦ ᠪᠠᠲᠤᠯᠠᠨ᠎ᠠ᠃ | ︵ᠲᠠᠪᠤ︶ ᠤᠬᠠᠭᠤᠯᠵᠤ ᠬᠥᠲᠥᠯᠥᠨ ᠵᠢᠯᠤᠭᠤᠳᠬᠤ ᠶᠢ ᠴᠢᠩᠭᠠᠳᠬᠠᠨ᠎ᠠ᠃ ᠡᠯ᠎ᠡ ᠭᠠᠵᠠᠷ ᠡᠯ᠎ᠡ ᠰᠠᠯᠠᠭ᠎ᠠ | ᠮᠥᠴᠢᠷ ᠤᠨ ᠬᠢᠨ ᠵᠠᠰᠠᠭ ᠤᠨ ᠣᠷᠳᠣᠨ ᠤ ᠰᠦᠯᠵᠢᠶ᠎ᠡ᠂ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠠᠷᠭ᠎ᠠ ᠵᠠᠮ ᠢ | ᠭᠦᠢᠴᠡᠳ ᠠᠰᠢᠭᠯᠠᠨ᠂ 12345 ᠬᠢᠭᠡᠳ 110 ᠶᠢᠨ ᠠᠵᠢᠯ ᠤᠨ ᠡᠭᠦᠷᠭᠡ ᠬᠠᠷᠢᠭᠤᠴᠠᠯᠭ᠎ᠠ᠂ ᠭᠥᠯᠢᠶᠡᠨ ᠠᠪᠴᠤ | ᠰᠢᠢᠳᠪᠦᠷᠢᠯᠡᠬᠦ ᠬᠡᠪᠴᠢᠶ᠎ᠡ᠂ ᠰᠢᠯᠵᠢᠭᠦᠯᠦᠨ ᠭᠦᠢᠴᠡᠳᠬᠡᠬᠦ ᠬᠠᠮᠲᠤᠷᠠᠨ ᠬᠥᠳᠡᠯᠦᠯᠴᠡᠬᠦ ᠲᠣᠭᠲᠠᠴᠠ ᠵᠡᠷᠭᠡ | ᠠᠭᠤᠯᠭ᠎ᠠ ᠶᠢ ᠥᠷᠭᠡᠨ ᠢᠶᠠᠷ ᠤᠬᠠᠭᠤᠯᠵᠤ᠂ ᠠᠷᠠᠳ ᠣᠯᠠᠨ ᠢ ᠬᠥᠲᠥᠯᠥᠨ ᠵᠢᠯᠤᠭᠤᠳᠴᠤ ᠪᠠᠶᠢᠭᠠᠳ 12345 ᠪᠠ | 110 ᠶᠢ ᠵᠥᠪ ᠬᠡᠷᠡᠭᠯᠡᠭᠦᠯᠦᠨ᠎ᠡ᠃ ᠡᠭᠦᠨ ᠤ ᠬᠠᠮᠲᠤ᠂ ᠠᠵᠢᠯ ᠤᠨ ᠰᠣᠯᠢᠯᠴᠠᠭ᠎ᠠ ᠪᠠᠨ ᠴᠢᠩᠭᠠᠳᠬᠠᠵᠤ᠂ | ᠲᠡᠷᠢᠭᠦᠨ ᠤ ᠠᠷᠭ᠎ᠠ ᠬᠢᠳᠡᠯ᠂ ᠪᠦᠲᠦᠮᠵᠢᠲᠡᠶ ᠲᠤᠷᠰᠢᠯᠭ᠎ᠠ ᠶᠢ ᠴᠠᠭ ᠲᠤᠬᠠᠢ ᠳᠤᠨᠢ ᠳ᠋ᠦᠩᠨᠡᠨ ᠳᠡᠯᠭᠡᠷᠡᠭᠦᠯᠵᠦ᠂ | ᠵᠣᠯᠭᠠᠭᠤᠯᠵᠤ ᠬᠠᠮᠲᠤᠷᠠᠨ ᠬᠥᠳᠡᠯᠦᠯᠴᠡᠬᠦ ᠠᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠦᠨᠡᠨ ᠬᠦ ᠪᠠᠲᠤᠯᠠᠨ᠎ᠠ᠃ | ᠮᠠᠭᠤ ᠰᠠᠨᠠᠭ᠎ᠠ ᠲᠠᠢ ᠪᠠᠷ 12345 ᠪᠠ 110 ᠢ ᠲᠦᠢᠪᠡᠭᠡᠭᠰᠡᠨ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ | ᠴᠣᠬᠢᠯᠲᠠ ᠥᠭᠬᠦ ᠪᠠ ᠢᠯᠡᠴᠢᠯᠡᠬᠦ ᠡᠷᠴᠢᠮ ᠢᠶᠠᠨ ᠴᠢᠩᠭᠠᠷᠠᠭᠤᠯᠤᠨ᠎ᠠ᠃ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ | ᠬᠢᠨᠠᠨ ᠪᠠᠶᠢᠴᠠᠭᠠᠬᠤ᠂ ᠨᠡᠶᠢᠭᠡᠮ ᠤᠨ ᠪᠦᠯᠬᠦᠮ᠂ ᠠᠷᠠᠳ ᠤᠯᠠᠨ ᠪᠠ ᠵᠠᠭᠤᠴᠢᠯᠠᠭᠤᠷ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ 12345 ᠪᠠ 110 ᠶᠢᠨ ᠨᠥᠯᠥᠭᠡᠯᠡᠬᠦ ᠬᠦᠴᠦᠨ ᠢ ᠲᠠᠰᠤᠷᠠᠯᠲᠠ ᠦᠭᠡᠢ | ᠥᠷᠭᠡᠳᠬᠡᠨ᠎ᠡ᠃ | | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ | ᠵᠥᠪᠯᠡᠯᠭᠡᠨ ᠤ ᠠᠯᠪᠠᠨ ᠭᠡᠷ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ | | |