ᠤᠯᠤᠰ ᠤᠨ ᠵᠠᠮ ᠤᠨ 512 ᠱᠤᠭᠤᠮ ᠤᠨ ᠲᠢᠶᠠᠨ ᠴᠧᠩ ᠤᠨ ︽ᠨᠢᠭᠡ ᠥᠷᠲᠡᠭᠡᠨ ᠤ ᠮᠠᠶ᠋ᠢᠭ ᠤᠨ ᠶᠡᠷᠦᠩᠬᠡᠶᠢᠯᠡᠭᠰᠡᠨ︾ ᠦᠶᠯᠡᠴᠢᠯᠡᠭᠡᠨ ᠤ ᠲᠣᠭᠤᠷᠢᠭ ᠵᠢᠩᠬᠢᠨᠢ ᠪᠠᠷ ᠠᠰᠢᠭᠯᠠᠯᠲᠠ ᠳᠤ ᠣᠷᠣᠪᠠ
ᠨᠡᠶᠢᠲᠡᠯᠡᠭᠰᠡᠨ ᠴᠠᠭ᠄
2023/4/27
    ᠪᠠᠴᠢᠮ ᠶᠠᠭᠠᠷᠠᠯᠲᠠᠶ ᠪᠡᠯᠡᠳᠬᠡᠯ ᠠᠵᠢᠯ ᠢᠶᠠᠷ ᠳᠡᠮᠵᠢᠨ᠂ ᠤᠯᠤᠰ ᠤᠨ ᠵᠠᠮ ᠤᠨ 512 ᠱᠤᠭᠤᠮ ᠤᠨ ᠹᠧᠩᠵᠧᠨ ᠠᠴᠠ ᠯᠢᠶᠠᠩᠴᠧᠩ ᠬᠥᠷᠬᠦ ᠬᠡᠰᠡᠭ ᠤᠨ ᠲᠢᠶᠠᠨ ᠴᠧᠩ ᠦᠶᠯᠡᠴᠢᠯᠡᠭᠡᠨ ᠤ ᠲᠣᠭᠤᠷᠢᠭ 4 ᠰᠠᠷ᠎ᠠ ᠶᠢᠨ 26 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠪᠠ᠃ ᠯᠢᠶᠠᠩᠴᠧᠩ ᠬᠤᠲᠠ ᠶᠢᠨ ᠲᠢᠶᠠᠨ ᠴᠧᠩ ᠦᠶᠯᠡᠴᠢᠯᠡᠭᠡᠨ ᠤ ᠲᠣᠭᠤᠷᠢᠭ ᠨᠢ 512 ᠱᠤᠭᠤᠮ ᠤᠨ ᠹᠧᠩᠵᠧᠨ ᠠᠴᠠ ᠯᠢᠶᠠᠩᠴᠧᠩ ᠬᠥᠷᠬᠦ ᠬᠡᠰᠡᠭ ᠤᠨ ᠬᠤᠭᠤᠷᠣᠨᠳᠣ ᠪᠠᠶᠢᠳᠠᠭ᠂ 512 ᠱᠤᠭᠤᠮ ᠤᠨ ᠬᠥᠬᠡᠬᠤᠲᠠ ᠯᠢᠶᠠᠩᠴᠧᠩ ᠹᠧᠩᠵᠧᠨ ᠵᠠᠮ ᠤᠨ ᠬᠡᠰᠡᠭ ᠲᠤ ᠲᠡᠷᠭᠡ ᠨᠡᠪᠲᠡᠷᠡᠭᠰᠡᠨ ᠠᠴᠠ ᠨᠠᠰᠢ᠂ ᠹᠧᠩᠵᠧᠨ ᠬᠤᠲᠠ ᠵᠢᠴᠢ ᠯᠢᠶᠠᠩᠴᠧᠩ ᠰᠢᠶᠠᠨ ᠤ ᠵᠠᠮ ᠬᠠᠷᠢᠯᠴᠠᠭᠠᠨ ᠤ ᠳᠠᠷᠤᠯᠲᠠ ᠶᠢ ᠲᠦᠢᠯ ᠤᠨ ᠶᠡᠭᠡ ᠪᠠᠷ ᠬᠥᠩᠭᠡᠷᠡᠭᠦᠯᠵᠦ᠂ ᠬᠤᠶᠠᠷ ᠭᠠᠵᠠᠷ ᠤᠨ ᠡᠷᠬᠢᠨ ᠲᠣᠭᠤᠷᠢᠨ ᠤ ᠶᠢᠰᠦᠨ ᠰᠢᠶᠠᠩ ᠪᠠᠯᠭᠠᠰᠤᠨ ᠤ 20 ᠲᠦᠮᠡ ᠭᠠᠷᠤᠶ ᠬᠥᠮᠦᠨ ᠤ ᠶᠠᠪᠤᠵᠤ ᠰᠠᠭᠤᠬᠤ ᠳᠤ ᠠᠰᠢᠭ ᠬᠦᠷᠲᠡᠭᠡᠵᠦ᠂ ᠲᠤᠬᠠᠶ ᠶᠢᠨ ᠭᠠᠵᠠᠷ ᠤᠨ ᠠᠵᠤ ᠦᠶᠯᠡᠳᠪᠦᠷᠢ᠂ ᠲᠠᠷᠢᠶᠠᠯᠠᠩ ᠲᠤᠰᠠᠯᠠᠬᠤ ᠠᠵᠤ ᠠᠬᠤᠶ ᠶᠢᠨ ᠪᠦᠲᠦᠭᠡᠭᠳᠡᠬᠦᠨ ᠵᠢᠴᠢ ᠬᠥᠳᠡᠭᠡ ᠲᠣᠰᠬᠤᠨ ᠤ ᠵᠢᠭᠤᠯᠴᠢᠯᠠᠯ ᠤᠨ ᠦᠶᠯᠡᠰ ᠤᠨ ᠬᠥᠭᠵᠢᠯᠲᠡ ᠲᠠᠢ ᠬᠠᠷᠢᠯᠴᠠᠨ ᠨᠥᠬᠦᠴᠡᠯᠳᠦᠭᠰᠡᠨ ᠪᠠᠶᠢᠨ᠎ᠠ᠃ ᠦᠶᠯᠡᠴᠢᠯᠡᠭᠡᠨ ᠤ ᠲᠣᠭᠤᠷᠢᠭ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠣᠷᠣᠨ ᠨᠤᠲᠤᠭ ᠤᠨ ᠠᠵᠤ ᠠᠬᠤᠶ ᠶᠢ ᠳᠠᠶᠢᠴᠢᠯᠠᠬᠤ᠂ ᠲᠡᠷᠭᠡᠨ ᠤ ᠤᠷᠤᠰᠬᠠᠯ ᠢ ᠲᠠᠲᠠᠬᠤ᠂ ᠣᠷᠣᠨ ᠨᠤᠲᠤᠭ ᠤᠨ ᠵᠢᠭᠤᠯᠴᠢᠯᠠᠯ ᠤᠨ ᠠᠵᠤ ᠦᠶᠯᠡᠰ ᠢ ᠠᠬᠢᠭᠤᠯᠬᠤ ᠳᠤ ᠢᠳᠡᠪᠬᠢᠲᠡᠶ ᠦᠶᠯᠡᠳᠦᠯ ᠦᠵᠡᠭᠦᠯᠬᠦ ᠪᠣᠯᠤᠨ᠎ᠠ᠃ ᠣᠳᠣᠬᠠᠨ ᠳᠤ᠂ ᠲᠢᠶᠠᠨ ᠴᠧᠩ ᠤᠨ ︽ᠨᠢᠭᠡ ᠥᠷᠲᠡᠭᠡᠨ ᠤ ᠮᠠᠶ᠋ᠢᠭ ᠤᠨ ᠶᠡᠷᠦᠩᠬᠡᠶᠢᠯᠡᠭᠰᠡᠨ︾ ᠦᠶᠯᠡᠴᠢᠯᠡᠭᠡᠨ ᠤ ᠲᠣᠭᠤᠷᠢᠭ ᠤᠨ ᠦᠶᠯᠡᠴᠢᠯᠡᠭᠡᠨ ᠤ ᠴᠢᠳᠠᠮᠵᠢ ᠶᠢ ᠨᠢᠭᠡᠨᠲᠡ ᠪᠥᠬᠦ ᠲᠠᠯ᠎ᠠ ᠪᠠᠷ ᠡᠬᠢᠯᠡᠨ ᠲᠡᠭᠡᠭᠡᠪᠦᠷᠢᠯᠡᠵᠦ᠂ ᠠᠮᠠᠷᠠᠬᠤ᠂ ᠬᠤᠭᠤᠯᠠ ᠢᠳᠡᠬᠦ᠂ ᠲᠣᠰᠣ ᠨᠡᠮᠡᠬᠦ ᠵᠡᠷᠭᠡ ᠡᠯ᠎ᠡ ᠵᠦᠶᠯ ᠤᠨ ᠦᠶᠯᠡᠴᠢᠯᠡᠭᠡ ᠶᠢ ᠬᠠᠩᠭᠠᠵᠤ ᠪᠣᠯᠤᠨ᠎ᠠ᠃                                     ᠤᠷᠴᠢᠭᠤᠯᠤᠭᠴᠢ᠄ ᠬᠦᠰᠡᠯ                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2