ᠵᠢᠨᠢᠩ ᠲᠣᠭᠤᠷᠢᠭ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/4/28
    4 ᠰᠠᠷ᠎ᠠ ᠶᠢᠨ 26 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠢᠨᠢᠩ ᠲᠣᠭᠤᠷᠢᠭ ᠤᠨ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠡᠭᠡᠵᠢᠩ ᠤᠨ ᠡᠨᠧᠷᠭᠢ ᠶᠢᠨ ᠪᠦᠯᠦᠭᠯᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠰᠦᠢ ᠰᠢᠶᠣᠣ ᠹᠧᠩ᠂ ᠪᠡᠭᠡᠵᠢᠩ ᠤᠨ ᠵᠢᠩ ᠨᠧᠩ ᠴᠠᠬᠢᠯᠭᠠᠨ ᠬᠦᠴᠦᠨ ᠤ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠵᠠᠩ ᠸᠧᠢ ᠨᠠᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠵᠠᠰᠠᠭ  ᠤᠨ ᠤᠷᠳᠤᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠰᠦᠢ ᠰᠢᠶᠣᠣ ᠹᠧᠩ ᠬᠤᠲᠠ᠂ ᠲᠣᠭᠤᠷᠢᠭ ᠤᠨ ᠬᠤᠶᠠᠷ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠢᠮᠠᠭᠲᠠ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠣᠷᠣᠨ ᠨᠤᠲᠤᠭ ᠤᠨ ᠰᠠᠶᠢᠨ ᠦᠢᠯᠡᠴᠢᠯᠡᠭᠡ ᠨᠢ ᠵᠢᠩ ᠨᠧᠩ ᠪᠦᠯᠦᠭᠯᠡᠯ ᠤᠨ ᠬᠥᠭᠵᠢᠨ ᠪᠤᠵᠠᠭᠠᠶᠢᠷᠠᠬᠤ ᠳᠤ ᠲᠤᠶᠢᠯ ᠤᠨ ᠴᠢᠬᠤᠯᠠ ᠶᠤᠮ᠂ ᠪᠦᠯᠦᠭᠯᠡᠯ ᠤᠨ ᠬᠢᠨ ᠨᠡᠶᠢᠰᠯᠡᠯ ᠤᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠬᠠᠮᠤᠭ ᠤᠨ ᠰᠠᠶᠢᠨ ᠪᠠᠶᠢᠬᠤ ᠤᠬᠠᠮᠰᠠᠷ ᠢ ᠦᠷᠭᠦᠯᠵᠢᠯᠡᠨ ᠪᠠᠳᠠᠷᠠᠭᠤᠯᠵᠤ᠂ ᠢᠯᠴᠢ ᠶᠢᠨ ᠬᠦᠴᠦᠨ ᠤ ᠡᠬᠢ ᠪᠠᠶᠠᠯᠢᠭ ᠢ ᠨᠡᠶᠢᠳᠬᠡᠬᠦ᠂ ᠴᠡᠪᠡᠷ ᠡᠨᠧᠷᠭᠢ ᠶᠢᠨ ᠠᠵᠤ ᠦᠢᠯᠡᠰ ᠤᠨ ᠬᠥᠭᠵᠢᠯᠲᠡ ᠵᠡᠷᠭᠡ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠠᠯ᠎ᠠ ᠶᠢᠨ ᠪᠣᠳᠠᠲᠠᠢ ᠶᠢ ᠡᠷᠬᠢᠮᠯᠡᠭᠰᠡᠨ ᠥᠨᠳᠥᠷ ᠪᠦᠲᠦᠮᠵᠢᠲᠡᠢ ᠬᠠᠮᠲᠤᠷᠠᠯᠴᠠᠭ᠎ᠠ ᠶᠢ ᠪᠦᠬᠦ ᠬᠦᠴᠦᠨ ᠢᠶᠠᠷ ᠠᠬᠢᠭᠤᠯᠵᠤ᠂ ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠬᠥᠭᠵᠢᠯᠲᠡ ᠶᠢ ᠴᠢᠷᠮᠠᠶᠢᠨ ᠪᠡᠶᠡᠯᠡᠭᠦᠯᠦᠨ᠎ᠡ ᠭᠡᠵᠦ ᠢᠯᠡᠳᠬᠡᠪᠡ᠃     ᠵᠠᠩ ᠶᠦᠩ ᠸᠧᠨ ᠥᠪᠥᠷ ᠮᠣᠩᠭᠤᠯ ᠤᠨ ᠵᠢᠩ ᠨᠧᠩ ᠵᠢᠨᠢᠩ ᠤᠨ ᠬᠤᠶᠠᠳᠤᠭᠠᠷ ᠬᠤᠭᠤᠴᠠᠭᠠᠨ ᠤ ᠢᠯᠴᠢ ᠴᠠᠬᠢᠯᠭᠠᠨ ᠤ ᠬᠤᠯᠪᠤᠭᠠᠯᠠᠨ ᠦᠢᠯᠡᠳᠪᠦᠷᠢᠯᠡᠬᠦ ᠢᠨᠵᠧᠨᠧᠷᠢᠩ ᠤᠨ ᠪᠠᠷᠢᠯᠭ᠎ᠠ ᠳᠠᠭᠤᠰᠴᠤ ᠠᠰᠢᠭᠯᠠᠯᠲᠠ ᠳᠤ ᠣᠷᠣᠭᠰᠠᠨ ᠪᠠ ᠵᠢᠩ ᠨᠧᠩ ᠪᠦᠯᠦᠭᠯᠡᠯ ᠤᠨ ᠮᠠᠰᠢᠨ ᠴᠣᠭᠴᠠᠯᠠᠪᠤᠷᠢ ᠶᠢᠨ 4000 ᠲᠦᠮᠡᠨ ᠺᠢᠯᠣᠸᠠᠲ ᠢ ᠳᠠᠪᠠᠭᠰᠠᠨ ᠳᠤ ᠪᠠᠶᠠᠷ ᠬᠦᠷᠭᠡᠵᠦ᠂ ᠰᠦᠢ ᠰᠢᠶᠣᠣ ᠹᠧᠩ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠵᠢᠩ ᠨᠧᠩ ᠪᠦᠯᠦᠭᠯᠡᠯ ᠨᠢ ᠤᠯᠠᠭᠠᠨᠴᠠᠪ ᠬᠤᠲᠠ ᠯᠤᠭ᠎ᠠ ᠨᠢᠭᠲᠠ ᠬᠠᠷᠢᠯᠴᠠᠭ᠎ᠠ ᠲᠠᠢ᠂ ᠭᠦᠨ ᠵᠤᠵᠠᠭᠠᠨ ᠡᠬᠢ ᠰᠤᠷᠪᠤᠯᠵᠢ ᠲᠠᠢ᠂ ᠰᠠᠶᠢᠨ ᠰᠠᠶᠢᠬᠠᠨ ᠬᠠᠮᠲᠤᠷᠠᠯᠴᠠᠭᠠᠨ ᠤ ᠰᠠᠭᠤᠷᠢ ᠲᠠᠢ ᠶᠤᠮ᠃ ᠬᠤᠶᠠᠷ ᠲᠠᠯ᠎ᠠ ᠪᠠᠷ ᠢᠶᠠᠨ ᠠᠯᠤᠰ ᠢᠷᠡᠭᠡᠳᠦᠢ ᠳᠤ ᠬᠠᠨᠳᠤᠵᠤ᠂ ᠲᠦᠷᠦᠯ ᠵᠦᠢᠯ ᠢᠶᠠᠷ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠬᠠᠮᠲᠤᠷᠠᠯᠴᠠᠭᠠᠨ ᠤ ᠣᠷᠣᠨ ᠵᠠᠢ ᠶᠢ ᠴᠢᠨᠠᠭᠰᠢᠳᠠ ᠥᠷᠭᠡᠳᠬᠡᠵᠦ᠂ ᠴᠠᠬᠢᠯᠭᠠᠨ ᠤ ᠰᠤᠷᠪᠤᠯᠵᠢ ᠪᠠ ᠲᠤᠤᠷ ᠲᠠᠭᠠᠭᠠᠴᠠ ᠨᠦᠬᠡᠴᠡ ᠶᠢ ᠨᠢᠭᠡ ᠴᠣᠭᠴᠠᠵᠢᠭᠤᠯᠬᠤ᠂ ᠲᠠᠷᠬᠠᠮᠠᠯ ᠬᠡᠯᠪᠡᠷᠢ ᠶᠢᠨ ᠭᠡᠷᠡᠯ ᠴᠡᠨᠡᠭ ᠵᠡᠷᠭᠡ ᠬᠦᠷᠢᠶᠡᠨ ᠳᠤ ᠢᠳᠡᠪᠬᠢᠲᠡᠢ ᠰᠦᠪᠡᠭᠴᠢᠯᠡᠯᠲᠡ ᠬᠢᠵᠦ᠂ ᠬᠥᠭᠵᠢᠯᠲᠡ ᠶᠢ ᠡᠷᠢᠯᠬᠢᠯᠡᠬᠦ ᠶᠢ ᠬᠦᠰᠡᠵᠦ ᠪᠠᠶᠢᠨ᠎ᠠ᠃ ᠡᠭᠦᠨ ᠤ ᠬᠠᠮᠲᠤ ᠬᠤᠶᠠᠷ ᠲᠠᠯ᠎ᠠ ᠪᠠᠷ ᠢᠶᠠᠨ ᠠᠯᠢ ᠲᠦᠷᠭᠡᠨ ᠢᠶᠠᠷ ᠠᠵᠢᠯ ᠤᠨ ᠲᠤᠰᠬᠠᠢ ᠠᠩᠭᠢ ᠶᠢ ᠵᠣᠬᠢᠶᠠᠨ ᠪᠠᠶᠢᠭᠤᠯᠵᠤ᠂ ᠪᠠᠶᠢᠩᠭᠤᠵᠢᠭᠰᠠᠨ ᠣᠯᠣᠯᠴᠠᠨ ᠬᠠᠷᠢᠯᠴᠠᠬᠤ ᠲᠣᠭᠲᠠᠴᠠ ᠶᠢ ᠪᠠᠶᠢᠭᠤᠯᠵᠤ᠂ ᠨᠡᠩ ᠥᠷᠭᠡᠨ ᠬᠠᠮᠲᠤᠷᠠᠯᠴᠠᠭᠠᠨ ᠤ ᠬᠦᠷᠢᠶ᠎ᠡ ᠬᠡᠪᠴᠢᠶᠡᠨ ᠳᠤ ᠠᠯᠢ ᠲᠦᠷᠭᠡᠨ ᠢᠶᠠᠷ ᠯᠠᠪᠳᠠᠭᠤᠨ ᠪᠠᠲᠤᠲᠠᠢ ᠠᠯᠬᠤᠬᠤ ᠪᠠᠷ ᠴᠢᠷᠮᠠᠶᠢᠬᠤ ᠬᠡᠷᠡᠭᠲᠡᠢ ᠭᠡᠵᠦ ᠵᠢᠭᠠᠵᠤ ᠭᠠᠷᠭᠠᠪᠠ᠃                                  ᠤᠷᠴᠢᠭᠤᠯᠤᠭᠴᠢ᠄ ᠬᠦᠰᠡᠯ                                  ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2