ᠬᠠᠪᠤᠷ ᠤᠨ ᠤᠯᠠᠷᠢᠯ ᠤᠨ ᠤᠢ ᠰᠢᠭᠤᠢ ᠶᠢᠨ ᠲᠦᠢᠮᠡᠷ ᠢ ᠰᠡᠷᠭᠡᠶᠢᠯᠡᠵᠦ ᠬᠠᠮᠠᠭᠠᠯᠠᠬᠤ ᠳᠠᠶᠢᠯᠠᠯᠳᠤᠭᠠᠨ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ
ᠨᠡᠶᠢᠲᠡᠯᠡᠭᠰᠡᠨ ᠴᠠᠭ᠄
2023/4/3
    3 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨᠡᠬᠢ 10 ᠴᠠᠭ ᠲᠤ᠂ ᠰᠤᠷᠪᠤᠯᠵᠢᠯᠠᠭᠴᠢ ᠵᠢᠨᠢᠩ ᠲᠣᠭᠤᠷᠢᠭ ᠤᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠶᠡᠭᠡ ᠠᠩᠭᠢ ᠶᠢᠨ ᠭᠡᠰᠢᠭᠦᠳ ᠢ ᠳᠠᠭᠠᠵᠤ ᠪᠠᠢ ᠴᠢᠤᠸᠠᠨ ᠱᠠᠨ ᠠᠭᠤᠯᠠ᠂ ᠸᠧ ᠯᠦᠩ ᠱᠠᠨ ᠠᠭᠤᠯᠠ᠂ ᠰᠢ ᠱᠠᠨ ᠠᠭᠤᠯᠠ᠂ ᠪᠠ ᠸᠠᠩ ᠾᠧ ᠭᠤᠣᠯ ᠵᠡᠷᠭᠡ ᠭᠤᠣᠯᠳᠠᠯᠭ᠎ᠠ ᠲᠠᠢ ᠣᠷᠣᠨ ᠳᠤ ᠭᠦᠨᠵᠡᠭᠡᠶᠢᠷᠡᠨ ᠭᠠᠯ ᠰᠡᠷᠭᠡᠶᠢᠯᠡᠬᠦ ᠲᠣᠭᠤᠷᠢᠨ ᠬᠠᠮᠠᠭᠠᠯᠠᠯᠲᠠ ᠬᠢᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠢ ᠴᠢᠩᠭ᠎ᠠ ᠰᠡᠷᠭᠡᠶᠢᠯᠡᠨ᠂ ᠭᠠᠯ ᠤᠨ ᠪᠠᠶᠢᠳᠠᠯ ᠢ ᠡᠷᠲᠡ ᠢᠯᠡᠷᠡᠭᠦᠯᠵᠦ᠂ ᠡᠷᠲᠡ ᠰᠢᠢᠳᠪᠦᠷᠢᠯᠡᠬᠦ ᠶᠢ ᠦᠨᠡᠨ ᠬᠦ ᠪᠠᠲᠤᠯᠠᠪᠠ᠃ ᠣᠶᠢᠯᠠᠭᠠᠭᠰᠠᠨ ᠢᠶᠠᠷ᠂ ᠶᠡᠭᠡ ᠠᠩᠭᠢ ᠶᠢᠨ 70 ᠭᠠᠷᠤᠢ ᠲᠠᠮᠢᠷᠴᠢᠨ 24 ᠴᠠᠭ ᠢᠶᠠᠷ ︽ᠵᠢᠵᠢᠭᠦᠷᠯᠡᠬᠦ ᠳᠦᠷᠢᠮ︾ ᠪᠠ ︽ᠲᠣᠭᠤᠷᠢᠨ ᠪᠠᠶᠢᠴᠠᠭᠠᠬᠤ ᠳᠦᠷᠢᠮ︾ ᠢ ᠬᠡᠷᠡᠭᠵᠢᠭᠦᠯᠵᠦ᠂ ᠲᠡᠷᠭᠡ ᠪᠠᠷ ᠲᠣᠭᠤᠷᠢᠨ ᠪᠠᠶᠢᠴᠠᠭᠠᠬᠤ᠂ ᠶᠠᠪᠠᠭᠠᠨ ᠴᠠᠭ ᠢᠶᠠᠷ ᠲᠣᠭᠤᠷᠢᠨ ᠪᠠᠶᠢᠴᠠᠭᠠᠬᠤ᠂ ᠴᠡᠭ ᠲᠣᠭᠲᠠᠭᠠᠨ ᠬᠢᠨᠠᠨ ᠡᠵᠡᠮᠳᠡᠬᠦ ᠵᠡᠷᠭᠡ ᠠᠷᠭ᠎ᠠ ᠮᠠᠶ᠋ᠢᠭ ᠢᠶᠠᠷ ᠲᠣᠰ ᠲᠣᠰ ᠤᠨ ᠬᠠᠷᠢᠶ᠎ᠠ ᠣᠷᠣᠨ ᠢᠶᠠᠨ ᠲᠣᠭᠤᠷᠢᠨ ᠪᠠᠶᠢᠴᠠᠭᠠᠵᠤ᠂ ᠲᠣᠭᠤᠷᠢᠨ ᠬᠠᠮᠠᠭᠠᠯᠠᠵᠤ ᠪᠠᠶᠢᠨ᠎ᠠ᠃ ᠡᠭᠦᠨ ᠤ ᠬᠠᠮᠲᠤ᠂ ᠪᠦᠬᠦ ᠭᠡᠰᠢᠭᠦᠳ ᠪᠠᠰᠠ ᠡᠳᠦᠷ ᠳᠤᠳᠤᠮ ᠤᠨ ᠳᠠᠶᠢᠨ ᠤ ᠪᠡᠯᠡᠳᠬᠡᠯ ᠤᠨ ᠪᠣᠯᠪᠠᠰᠤᠷᠠᠯ᠂ ᠪᠣᠳᠠᠲᠤ ᠪᠠᠶᠢᠯᠳᠤᠭᠠᠨ ᠤ ᠰᠣᠷᠢᠯᠲᠠ ᠶᠢ ᠰᠠᠶᠢᠲᠤᠷ ᠠᠳᠬᠤᠵᠤ᠂ 24 ᠴᠠᠭ ᠢᠶᠠᠷ ᠪᠡᠯᠡᠳᠬᠡᠯ ᠬᠢᠵᠦ᠂ ᠭᠠᠯ ᠰᠡᠷᠭᠡᠶᠢᠯᠡᠬᠦ ᠪᠠᠭᠠᠵᠢ ᠬᠡᠷᠡᠭᠰᠡᠯ ᠤᠨ ᠡᠳᠦᠷ ᠳᠤᠳᠤᠮ ᠤᠨ ᠰᠡᠯᠪᠢᠨ ᠵᠠᠰᠠᠬᠤ ᠪᠠ ᠡᠳ᠋ ᠪᠣᠳᠠᠰ ᠤᠨ ᠪᠠᠲᠤᠯᠠᠭ᠎ᠠ ᠶᠢ ᠰᠠᠶᠢᠲᠤᠷ ᠬᠢᠵᠦ᠂ ᠡᠩᠨᠡᠭᠡᠨ ᠤ ᠭᠠᠯ ᠤᠨᠲᠠᠷᠠᠭᠠᠬᠤ ᠴᠢᠳᠠᠪᠤᠷᠢ ᠶᠢ ᠳᠠᠰᠤᠷᠠᠯᠳᠠ ᠦᠭᠡᠢ ᠳᠡᠭᠡᠭᠰᠢᠯᠡᠭᠦᠯᠪᠡ᠃                               ᠵᠤᠬᠢᠶᠠᠭᠴᠢ᠄ ᠪᠤᠤ ᠨᠠ                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2