ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/4/6
   4 ᠰᠠᠷ᠎ᠠ ᠶᠢᠨ 4 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ ᠴᠢ ᠹᠧᠢ ᠶᠦᠨ ᠬᠤᠳᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠤᠭᠰᠠᠨ᠂ ᠠᠮᠤ ᠪᠤᠳᠠᠭᠠᠨ ᠤ ᠠᠮᠤᠷ ᠲᠦᠪᠰᠢᠨ ᠪᠣᠯᠣᠨ ᠲᠤᠭ᠎ᠠ ᠪᠦᠷᠢᠳᠬᠡᠯ ᠤᠨ ᠠᠵᠢᠯ ᠤᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠴᠢ ᠹᠧᠢ ᠶᠦᠨ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠥᠷᠭᠡᠳᠬᠡᠵᠦ᠂ ᠬᠡᠪᠴᠢᠶᠡᠵᠢᠭᠰᠡᠨ ᠴᠢᠨᠠᠷᠲᠠᠢ ᠲᠠᠬᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠪᠠ ᠲᠥᠪ ᠤᠨ ᠪᠠᠶᠢᠭᠤᠯᠭ᠎ᠠ ᠶᠢᠨ ᠴᠡᠭ ᠲᠣᠭᠲᠠᠭᠠᠨ ᠬᠠᠪᠰᠤᠷᠤᠨ ᠲᠡᠳᠬᠦᠬᠦ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠠᠮᠵᠢᠯᠴᠠᠨ ᠬᠠᠪᠰᠤᠷᠤᠨ ᠲᠡᠳᠬᠦᠬᠦ ᠬᠦᠷᠢᠶ᠎ᠡ ᠶᠢ ᠲᠠᠰᠤᠷᠠᠯᠲᠠ ᠦᠭᠡᠢ ᠥᠷᠭᠡᠳᠬᠡᠨ᠂ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ᠂ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠤ ᠵᠠᠰᠠᠯᠲᠠ ᠶᠢ ᠭᠦᠨᠵᠡᠭᠡᠢ ᠥᠷᠨᠢᠭᠦᠯᠵᠦ᠂ ᠠᠵᠢᠯ ᠣᠯᠭᠤᠯᠲᠠ᠂ ᠡᠮᠨᠡᠯᠭᠡ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠵᠡᠷᠭᠡ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡᠨ ᠤ ᠳᠤᠲᠠᠭᠤᠳᠠᠯ ᠢ ᠨᠥᠬᠦᠪᠦᠷᠢᠯᠡᠵᠦ᠂ ᠣᠷᠣᠰᠢᠨ ᠰᠠᠭᠤᠬᠤ ᠪᠠ ᠠᠵᠢᠯ ᠦᠢᠯᠡᠰ ᠡᠷᠬᠢᠯᠡᠬᠦ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠰᠢᠨ᠎ᠡ ᠬᠡᠪ ᠵᠠᠭᠪᠤᠷ ᠢ ᠪᠣᠶ ᠪᠣᠯᠭᠠᠬᠤ ᠬᠡᠷᠡᠭᠲᠡᠢ᠃ ᠬᠥᠮᠥᠨ ᠰᠣᠩᠭᠤᠵᠤ ᠬᠥᠮᠥᠨ ᠬᠡᠷᠡᠭᠯᠡᠬᠦ ᠵᠥᠪ ᠤᠳᠤᠷᠢᠳᠤᠮᠵᠢ ᠶᠢ ᠪᠤᠢ ᠪᠣᠯᠭᠠᠵᠤ᠂ ᠵᠠᠯᠠᠭᠤ ᠺᠠᠳ᠋ᠷᠴᠤᠳ ᠢ ᠰᠣᠩᠭᠤᠨ ᠲᠣᠮᠢᠯᠠᠵᠤ ᠦᠨᠳᠦᠰᠦᠨ ᠱᠠᠲᠤᠨ ᠳᠤ ᠣᠴᠢᠭᠤᠯᠤᠨ ᠳᠠᠪᠲᠠᠨ ᠪᠣᠯᠪᠠᠰᠤᠷᠠᠭᠤᠯᠵᠤ᠂ ᠡᠷᠳᠡᠮ ᠴᠢᠳᠠᠪᠤᠷᠢ ᠶᠢ  ᠨᠢ ᠨᠡᠮᠡᠭᠳᠡᠭᠦᠯᠦᠨ᠂ ᠥᠨᠳᠥᠷ ᠬᠡᠪ ᠴᠢᠨᠠᠷ ᠪᠦᠬᠦᠢ ᠲᠤᠰᠬᠠᠶᠢᠵᠢᠭᠰᠠᠨ ᠺᠠᠳ᠋ᠷ ᠴᠢᠳᠠᠪᠤᠷᠢᠲᠠᠨ ᠤ ᠡᠩᠨᠡᠭᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠴᠢ ᠹᠧᠢ ᠶᠦᠨ᠂ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ ᠪᠠᠲᠤ ᠡᠭᠦᠷᠭᠡᠯᠡᠵᠦ᠂ ᠲᠠᠷᠢᠶᠠᠨ ᠭᠠᠵᠠᠷ ᠤᠨ ᠤᠯᠠᠭᠠᠨ ᠱᠤᠭᠤᠮ ᠢ ᠴᠢᠩᠭ᠎ᠠ ᠰᠠᠬᠢᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠴᠢ ᠶᠢᠨ ᠦᠢᠯᠡᠳᠦᠯ ᠢ ᠰᠠᠶᠢᠲᠤᠷ ᠪᠠᠳᠠᠷᠠᠭᠤᠯᠵᠤ᠂ ᠠᠮᠤ ᠪᠤᠳᠠᠭᠠᠨ ᠤ ᠨᠥᠭᠡᠴᠡ ᠪᠣᠯᠣᠨ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢ ᠴᠢᠩᠭᠠᠳᠬᠠᠵᠤ᠂ ᠪᠤᠳᠠᠭᠠᠨ ᠠᠶᠠᠭ᠎ᠠ ᠶᠢ ᠥᠪᠡᠷ ᠤᠨ ᠭᠠᠷ ᠲᠠᠭᠠᠨ ᠪᠠᠲᠤ ᠡᠵᠡᠮᠳᠡᠬᠦ ᠶᠢ ᠪᠠᠲᠤᠯᠠᠬᠤ ᠬᠡᠷᠡᠭᠲᠡᠢ᠃ ᠲᠤᠭ᠎ᠠ ᠪᠦᠷᠢᠳᠬᠡᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠢ ᠶᠢᠨ ᠨᠡᠶᠢᠳᠡᠮ ᠪᠠᠶᠢᠴᠠᠭᠠᠯᠲᠠ ᠶᠢᠨ ᠠᠵᠢᠯ ᠪᠠ ᠲᠤᠭ᠎ᠠ ᠪᠦᠷᠢᠳᠬᠡᠯ ᠤᠨ ᠬᠤᠳᠠᠯ ᠬᠠᠭᠤᠷᠮᠠᠭ ᠢᠶᠠᠷ ᠵᠣᠬᠢᠶᠠᠬᠤ ᠠᠰᠠᠭᠤᠳᠠᠯ ᠢ ᠲᠤᠰᠬᠠᠶᠢᠯᠠᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠲᠤᠭ᠎ᠠ ᠪᠦᠷᠢᠳᠬᠡᠯ ᠤᠨ ᠠᠵᠢᠯ ᠤᠨ ᠰᠢᠨ᠎ᠡ ᠪᠠᠶᠢᠳᠠᠯ ᠢ ᠡᠭᠦᠳᠬᠦ ᠬᠡᠷᠡᠭᠲᠡᠢ ᠭᠡᠵᠦ ᠴᠢᠬᠤᠯᠠᠴᠢᠯᠠᠪᠠ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2