ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠠᠶᠤᠯᠭᠦᠢ ᠦᠢᠯᠡᠳᠪᠦᠷᠢᠯᠡᠯ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/4/7
   4 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠵᠢᠴᠢ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠠᠶᠤᠯᠭᠦᠢ ᠦᠢᠯᠡᠳᠪᠦᠷᠢᠯᠡᠯ᠂ ᠵᠠᠰᠠᠭ ᠤᠨ ᠣᠷᠳᠣᠨ ᠤ ᠥᠷᠢ ᠰᠢᠷᠢ ᠶᠢ ᠠᠷᠢᠯᠭᠠᠬᠤ᠂ ᠠᠷᠠᠳ ᠤᠨ ᠡᠵᠡᠩᠨᠡᠭᠰᠡᠨ ᠠᠵᠤ ᠠᠬᠤᠶᠢᠯᠠᠯ ᠳᠤᠮᠳᠠ ᠵᠢᠵᠢᠭ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠲᠠᠩᠰᠠᠨ ᠵᠣᠭᠤᠰ ᠢ ᠢᠯᠭᠠᠷᠠᠭᠤᠯᠬᠤ ᠪᠠ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠣᠳᠠᠲᠠᠢ ᠬᠠᠷᠢᠶᠠᠯᠠᠭᠳᠠᠬᠤ ᠭᠠᠵᠠᠷ ᠣᠷᠣᠨ ᠤ ᠬᠠᠮᠢᠶᠠᠷᠤᠯᠲᠠ ᠶᠢᠨ ᠬᠠᠷᠢᠭᠤᠴᠠᠯᠭ᠎ᠠ᠂ ᠠᠵᠢᠯ ᠲᠥᠷᠥᠯ ᠤᠨ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠵᠤ᠂ ᠠᠶᠤᠯᠲᠠᠢ ᠬᠢᠮᠢ ᠶᠢᠨ ᠪᠣᠳᠠᠰ᠂ ᠲᠡᠮᠦᠷᠯᠢᠭ ᠤᠨ ᠠᠵᠤ ᠦᠢᠯᠡᠳᠪᠦᠷᠢ ᠠᠷᠠᠯᠵᠢᠶ᠎ᠠ᠂ ᠨᠡᠭᠦᠷᠡᠰᠦᠨ ᠤ ᠪᠤᠰᠤ ᠠᠭᠤᠷᠬᠠᠢ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠶᠡᠬᠡᠪᠡᠷ ᠵᠢᠭᠰᠠᠭᠠᠨ ᠪᠠᠶᠢᠴᠠᠭᠠᠵᠤ ᠶᠡᠬᠡᠪᠡᠷ ᠴᠡᠭᠴᠡᠯᠡᠨ ᠵᠠᠰᠠᠬᠤ ᠶᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠥᠷᠨᠢᠭᠦᠯᠵᠦ᠂ ︽ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ︾ ︽ᠨᠢᠭᠡ ᠠᠭᠤᠷᠬᠠᠢ ᠳᠤ ᠨᠢᠭᠡ ᠲᠥᠷᠥ ᠶᠢᠨ ᠪᠣᠳᠣᠯᠭ᠎ᠠ︾ ᠪᠠᠷ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ᠂ ᠠᠶᠤᠯ ᠦᠭᠡᠢ ᠦᠢᠯᠡᠳᠪᠦᠷᠢᠯᠡᠯ ᠤᠨ ᠤᠯᠠᠭᠠᠨ ᠱᠤᠭᠤᠮ ᠪᠠ ᠠᠮᠤᠷ ᠲᠦᠪᠰᠢᠨ ᠢᠶᠠᠷ ᠬᠥᠭᠵᠢᠭᠦᠯᠬᠦ ᠬᠤᠷᠢᠭ᠎ᠠ ᠱᠤᠭᠤᠮ ᠢ ᠡᠷᠡᠰ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠵᠢᠭᠦᠯᠵᠦ᠂ ᠶᠡᠷᠦᠩᠬᠡᠶᠢᠯᠡᠭᠰᠡᠨ ᠠᠷᠭ᠎ᠠ ᠪᠣᠳᠣᠯᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠥᠷᠢ ᠥᠭᠴᠡᠭᠡ ᠶᠢ ᠡᠮᠬᠢ ᠳᠢᠭᠯᠢᠮ ᠲᠠᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ ᠰᠠᠭᠤᠷᠢ ᠲᠤᠭ᠎ᠠ ᠶᠢ ᠨᠠᠷᠢᠨ ᠬᠢᠨᠠᠮᠠᠭᠠᠢ ᠡᠮᠬᠢᠯᠡᠵᠦ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠨᠠᠷᠢᠨ ᠲᠠᠩᠰᠠ ᠶᠢᠨ ᠬᠡᠯᠪᠡᠷᠢ ᠪᠠᠷ ᠠᠬᠢᠭᠤᠯᠵᠤ᠂ ᠡᠬᠡ ᠲᠠᠩᠰᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠥᠷᠢ ᠰᠢᠷᠢ ᠶᠢ ᠢᠯᠭᠠᠷᠠᠭᠤᠯᠬᠤ ᠡᠭᠦᠷᠭᠡ ᠶᠢ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠨ ᠪᠡᠶᠡᠯᠡᠭᠦᠯᠬᠦ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠤ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠵᠦᠢ ᠵᠣᠬᠢᠰᠲᠠᠢ ᠪᠠᠷ ᠲᠠᠷᠢᠵᠤ᠂ ᠲᠠᠷᠢᠬᠤ ᠶᠣᠰᠣᠲᠠᠢ ᠶᠢ ᠨᠢ ᠪᠦᠬᠦᠨ ᠢ ᠲᠠᠷᠢᠵᠤ᠂ ᠠᠮᠤ ᠪᠤᠳᠠᠭᠠᠨ ᠤ ᠲᠠᠷᠢᠬᠤ ᠲᠠᠯᠠᠪᠠᠢ ᠶᠢᠨ ᠲᠣᠭᠲᠠᠭᠤᠨ᠂ ᠤᠨᠠᠯᠲᠠ ᠶᠢᠨ ᠬᠡᠮᠵᠢᠶ᠎ᠡ ᠶᠢ ᠨᠡᠮᠡᠭᠳᠡᠭᠦᠯᠬᠦ ᠠᠴᠠ ᠪᠢᠰᠢ ᠬᠠᠰᠤᠭᠳᠠᠭᠤᠯᠬᠤ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠪᠤᠷ ᠤᠨ ᠲᠠᠷᠢᠶᠠᠯᠠᠭ᠎ᠠ ᠶᠢᠨ ᠡᠮᠦᠨ᠎ᠡ ᠹᠷᠣᠨᠲ ᠲᠤ ᠭᠦᠨᠵᠡᠭᠡᠶᠢᠷᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ ᠶᠢ ᠴᠢᠩᠭᠠᠳᠬᠠᠵᠤ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠬᠢᠨᠠᠨ ᠬᠠᠮᠢᠶᠠᠷᠴᠤ ᠨᠥᠭᠡᠴᠡᠯᠡᠬᠦ ᠪᠠ ᠴᠠᠭ ᠠᠭᠤᠷ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠶᠢ ᠴᠢᠩᠭᠠᠳᠬᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ᠃    ᠶᠦᠨ ᠫᠧᠩ ᠭᠠᠩ᠂ ᠴᠠᠢ ᠶᠤᠸᠠᠢ᠂ ᠼᠤᠤ ᡁᠢ᠂ ᠹᠠᠩ ᠽᠧ᠂ ᠯᠢ ᠵᠢᠶᠠᠨ ᠸᠧᠨ᠂ ᠯᠢ ᠵᠢᠶᠠᠨ ᠵᠢᠶᠦ᠋ᠨ᠂ ᠢᠦᠢ ᠬᠠᠢ ᠴᠧᠩ ᠬᠤᠷᠠᠯ ᠳᠤ ᠣᠷᠣᠯᠴᠠᠪᠠ᠃                                                              ᠣᠷᠴᠢᠭᠤᠯᠤᠭᠴᠢ᠄ ᠭᠤᠸ᠎ᠠ                                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2