ᠴᠢ ᠹᠧᠢ ᠶᠦᠨ ᠱᠠᠩᠳᠤ ᠰᠢᠶᠠᠨ ᠪᠣᠯᠣᠨ ᠬᠤᠸᠠᠳᠧ ᠰᠢᠶᠠᠨ ᠳᠤ ᠪᠠᠶᠢᠴᠠᠭᠠᠨ ᠰᠤᠳᠤᠯᠬᠤ ᠳᠠᠭᠠᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ  ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2023/4/7
  3 ᠰᠠᠷ᠎ᠠ ᠶᠢᠨ 30  ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠳᠠᠷᠤᠭ᠎ᠠ  ᠴᠢ ᠹᠧᠢ ᠶᠦᠨ ᠱᠠᠩᠳᠤ ᠰᠢᠶᠠᠨ᠂ ᠬᠤᠸᠠᠳᠧ ᠰᠢᠶᠠᠨ ᠳᠤ ᠭᠦᠨᠵᠡᠭᠡᠶᠢᠷᠡᠵᠦ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠵᠤ ᠶᠡᠷᠦᠩᠬᠡᠶᠢᠯᠡᠨ ᠵᠠᠰᠠᠬᠤ᠂ ᠠᠵᠤ ᠦᠢᠯᠡᠰ ᠢ ᠬᠥᠭᠵᠢᠭᠦᠯᠬᠦ ᠪᠠ ᠬᠥᠳᠡᠭᠡ  ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ᠃       ᠴᠠᠭᠠᠨᠨᠠᠭᠤᠷ ᠤᠨ ᠨᠤᠭᠤ ᠭᠠᠵᠠᠷ ᠲᠤ᠂ ᠴᠢ ᠹᠧᠢ ᠶᠦᠨ᠂ ᠴᠠᠭᠠᠨᠨᠠᠭᠤᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠨ ᠵᠠᠰᠠᠵᠤ ᠶᠡᠷᠦᠩᠬᠡᠶᠢᠯᠡᠨ ᠵᠠᠰᠠᠬᠤ ᠪᠣᠯ ᠨᠢᠭᠡ ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠣᠨ᠎ᠠ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ︽ᠲᠣᠭᠤᠰᠣ ᠶᠢ ᠵᠠᠰᠠᠬᠤ︾ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠰᠠᠪᠠ ᠭᠠᠵᠠᠷ ᠤᠨ ᠳᠣᠲᠣᠷᠠᠬᠢ ᠤᠷᠭᠤᠮᠠᠯ ᠤᠨ ᠬᠤᠴᠢᠯᠭ᠎ᠠ ᠶᠢ ᠰᠡᠷᠭᠦᠭᠡᠬᠦ ᠶᠢ ᠲᠦᠷᠭᠡᠳᠬᠡᠵᠦ᠂ ᠰᠠᠪᠠ ᠭᠠᠵᠠᠷ ᠤᠨ ᠠᠮᠢ ᠠᠬᠤᠢ ᠶᠢ ᠲᠠᠰᠤᠷᠠᠯᠲᠠ ᠦᠭᠡᠢ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ᠃       ᠥᠪᠥᠷ ᠮᠣᠩᠭᠤᠯ ᠤᠨ ᠹᠦ᠋ ᠵᠢᠩ ᠲᠠᠩ ᠲᠥᠮᠥᠰᠥ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ ᠪᠣᠯᠣᠨ ᠱᠠᠩᠳᠤ ᠰᠢᠶᠠᠨ ᠤ ᠾᠧᠩ ᠱᠧᠩ ᠰᠢᠨ᠎ᠡ ᠡᠨᠧᠷᠭᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ᠂ ᠴᠢ ᠹᠧᠢ ᠶᠦᠨ ᠠᠴᠠ᠂ ᠲᠥᠮᠥᠰᠥ ᠲᠠᠷᠢᠬᠤ ᠲᠠᠯᠠᠪᠠᠢ ᠶᠢ ᠥᠷᠭᠡᠳᠬᠡᠵᠦ᠂ ᠮᠠᠰᠢᠨᠴᠢᠯᠠᠭᠰᠠᠨ ᠲᠠᠷᠢᠮᠠᠯ ᠤᠨ ᠲᠦᠪᠰᠢᠨ ᠢ ᠳᠡᠭᠡᠭᠰᠢᠯᠡᠭᠦᠯᠵᠦ᠂ ᠤᠳᠤ ᠦᠶ᠎ᠡ ᠶᠢᠨ ᠲᠥᠮᠥᠰᠥ ᠶᠢᠨ ᠵᠢᠱᠢᠶ᠎ᠡ ᠦᠵᠡᠭᠦᠯᠬᠦ ᠠᠵᠤ ᠦᠢᠯᠡᠰ ᠤᠨ ᠬᠦᠷᠢᠶᠡᠯᠡᠩ ᠪᠣᠯᠣᠨ ᠲᠥᠮᠥᠰᠥ ᠶᠢᠨ ᠬᠤᠪᠢᠷᠠᠮᠠᠯ ᠴᠠᠷᠳᠠᠭᠤᠯ ᠲᠥᠪᠯᠡᠷᠡᠭᠰᠡᠨ ᠣᠷᠣᠨ ᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ︽ᠵᠢᠵᠢᠭ ᠲᠥᠮᠥᠰᠥ︾ ᠶᠢ ︽ᠲᠣᠮᠣ ᠠᠵᠤ ᠦᠢᠯᠡᠰ︾ ᠪᠣᠯᠭᠠᠬᠤ  ᠬᠡᠷᠡᠭᠲᠡᠢ᠃ ᠪᠢᠯᠢᠭ ᠲᠤᠶᠢᠯ ᠤᠨ ᠮᠠᠲ᠋ᠧᠷᠢᠶᠠᠯ ᠤᠨ ᠵᠦᠢᠯᠡᠰ ᠤᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠢᠳᠡᠪᠬᠢᠲᠡᠢ ᠪᠠᠷ ᠵᠣᠬᠢᠴᠠᠭᠤᠯᠤᠨ ᠰᠢᠢᠳᠪᠦᠷᠢᠯᠡᠵᠦ᠂ ᠲᠥᠷᠥᠯ  ᠵᠦᠢᠯ ᠤᠨ ᠡᠷᠲᠡᠬᠡᠨ ᠠᠰᠢᠭᠯᠠᠯᠲᠠ ᠳᠤ ᠣᠷᠣᠬᠤ᠂ ᠡᠷᠲᠡᠬᠡᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ  ᠬᠡᠷᠡᠭᠲᠡᠢ ᠭᠡᠵᠦ ᠴᠢᠬᠤᠯᠠᠴᠢᠯᠠᠪᠠ᠃       ᠬᠤᠸᠠᠳᠧ ᠰᠢᠶᠠᠨ ᠤ ᠡᠯ ᠳ᠋ᠣᠣ ᠭᠧᠦ ᠲᠣᠰᠬᠤᠨ ᠪᠣᠯᠣᠨ ᠳ᠋ᠧ ᠢ ᠲᠣᠰᠬᠤᠨ ᠳᠤ᠂ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠪᠣᠯᠣᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃ ᠴᠢ ᠹᠧᠢ ᠶᠦᠨ ᠠᠴᠠ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠠᠷᠭ᠎ᠠ ᠬᠡᠮᠵᠢᠶ᠎ᠡ᠂ ᠤᠷᠠᠯᠠᠯ ᠤᠨ ᠶᠠᠰᠤ ᠴᠢᠨᠠᠷ ᠵᠡᠷᠭᠡ ᠶᠢ ᠶᠡᠷᠦᠩᠬᠡᠶᠢᠯᠡᠨ ᠦᠨᠡᠯᠡᠵᠦ᠂ ᠠᠰᠠᠭᠤᠳᠠᠯ ᠢ ᠣᠶᠢᠯᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠡᠷᠦᠬᠡ ᠶᠢᠨ ᠪᠠᠶᠢᠳᠠᠯ ᠳᠤᠨᠢ  ᠲᠣᠬᠢᠷᠠᠭᠤᠯᠤᠨ ᠲᠥᠷᠥ ᠶᠢᠨ ᠪᠣᠳᠣᠯᠭ᠎ᠠ ᠬᠡᠷᠡᠭᠵᠢᠭᠦᠯᠵᠦ᠂ ᠨᠢᠭᠡ ᠶᠢ ᠥᠭᠡᠷᠡᠴᠢᠯᠡᠪᠡᠯ ᠨᠢᠭᠡ ᠶᠢ ᠪᠡᠶᠡᠯᠡᠭᠦᠯᠵᠦ᠂ ᠣᠯᠠᠨ ᠲᠦᠮᠡᠨ ᠢ ᠬᠠᠨᠤᠮᠵᠢᠲᠠᠶ ᠪᠣᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠡᠷᠦᠬᠡ ᠶᠢᠨ ᠵᠣᠷᠯᠣᠩ ᠢ ᠥᠭᠡᠷᠡᠴᠢᠯᠡᠬᠦ ᠪᠠ ᠬᠥᠳᠡᠭᠡ ᠲᠣᠰᠬᠤᠨ ᠤ ᠪᠣᠬᠢᠷ ᠤᠰᠤ ᠶᠢ ᠵᠠᠰᠠᠬᠤ ᠶᠢ ᠤᠶᠠᠯᠳᠤᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠰᠢᠨ᠎ᠡ ᠬᠡᠪ ᠵᠠᠭᠪᠤᠷ ᠢ ᠪᠥᠬᠦ ᠬᠦᠴᠦᠨ ᠢᠶᠠᠷ ᠢᠶᠠᠨ ᠪᠣᠶ ᠪᠣᠯᠭᠠᠬᠤ ᠬᠡᠷᠡᠭᠲᠡᠢ᠃ ᠠᠯᠠᠰᠢᠨ ᠬᠤᠨᠢ ᠶᠢ ᠡᠷᠦᠬᠡ ᠬᠤᠪᠢᠶᠠᠨ ᠲᠡᠵᠢᠭᠡᠨ ᠦᠷᠡᠵᠢᠭᠦᠯᠬᠦ ᠵᠠᠭᠪᠤᠷ ᠢ ᠢᠳᠡᠪᠬᠢᠲᠡᠢ ᠪᠠᠷ ᠬᠠᠶᠢᠨ ᠰᠦᠪᠡᠭᠴᠢᠯᠡᠵᠦ᠂ ᠰᠠᠭᠤᠷᠢ ᠢᠵᠢ ᠪᠦᠷᠢᠳᠦᠭᠦᠯᠬᠦ ᠪᠡᠯᠡᠳᠬᠡᠮᠵᠢ ᠶᠢ ᠲᠦᠷᠭᠡᠳᠬᠡᠨ ᠲᠡᠭᠦᠯᠳᠡᠷᠵᠢᠭᠦᠯᠵᠦ᠂ ᠣᠶᠤᠨᠲᠤ ᠠᠯᠠᠰᠢᠨ ᠬᠤᠨᠢ ᠶᠢ ᠲᠡᠵᠢᠭᠡᠨ ᠦᠷᠡᠵᠢᠭᠦᠯᠬᠦ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂  ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ ᠭᠡᠵᠦ ᠬᠡᠯᠡᠪᠡ᠃       ᠡᠯ ᠳ᠋ᠣᠣ ᠭᠧᠦ ᠲᠣᠰᠬᠤᠨ ᠳᠤ᠂ ᠴᠢ ᠹᠧᠢ ᠶᠦᠨ ᠪᠠᠰᠠ ᠠᠬᠠᠮᠠᠳ ᠨᠠᠮ ᠤᠨ ᠭᠡᠰᠢᠭᠦᠨ ᠢ ᠡᠷᠬᠢᠨ ᠦᠵᠡᠵᠦ  ᠲᠣᠬᠤᠨᠢᠭᠤᠯᠵᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠠᠬᠠᠮᠠᠳ ᠨᠠᠮ ᠤᠨ ᠭᠡᠰᠢᠭᠦᠨ ᠢ ᠦᠨᠡᠨᠬᠦ ᠬᠠᠯᠠᠮᠵᠢᠯᠠᠨ ᠬᠠᠶᠢᠷᠠᠯᠠᠵᠤ᠂ ᠲᠡᠳᠡᠨ ᠤ ᠠᠮᠢᠳᠤᠷᠠᠯ ᠢ ᠨᠠᠷᠢᠨ ᠨᠢᠮᠪᠠᠢ ᠬᠠᠷᠠᠭᠠᠯᠵᠠᠵᠤ᠂ ᠨᠠᠮ ᠪᠣᠯᠣᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠡᠳᠡᠨ ᠤ ᠰᠡᠳᠬᠢᠯ ᠳᠤ ᠦᠨᠡᠨᠬᠦ ᠬᠦᠷᠭᠡᠬᠦ ᠬᠡᠷᠡᠭᠲᠡᠢ ᠭᠡᠵᠦ ᠵᠠᠬᠢᠪᠠ᠃       ᠢᠦᠢ ᠬᠠᠢ ᠴᠧᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃                                                                                        ᠣᠷᠴᠢᠭᠤᠯᠤᠭᠴᠢ᠄ ᠭᠤᠸ᠎ᠠ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2