ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ | ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠳᠤ᠄ | ︽ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠣᠷᠴᠢᠯ ᠬᠥᠭᠵᠢᠯᠲᠡ ᠶᠢᠨ ᠬᠡᠷᠡᠭᠵᠢᠭᠦᠯᠬᠦ ᠲᠥᠰᠥᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 | ᠣᠨ ᠤ 7 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2023 ᠣᠨ ᠤ 4 ᠰᠠᠷ᠎ᠠ ᠶᠢᠨ 17 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠠᠭᠠᠨᠴᠠᠪ ᠬᠤᠲᠠ ᠶᠢᠨ ᠠᠵᠤ ᠦᠢᠯᠡᠳᠪᠦᠷᠢ ᠶᠢᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ | ᠬᠥᠭᠵᠢᠯᠲᠡ ᠶᠢᠨ ᠬᠡᠷᠡᠭᠵᠢᠭᠦᠯᠬᠦ ᠲᠥᠰᠥᠯ | | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ᠂ ᠶᠡᠷᠦᠩᠬᠡᠢ | ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠨᠠᠶᠢᠳᠠᠪᠤᠷᠢᠵᠢᠭᠤᠯᠬᠤ ᠶᠢᠨ ᠲᠤᠰᠠᠳᠠ᠂ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ | ︽ᠲᠠᠪᠤᠨ ᠶᠡᠭᠡ ᠠᠵᠤ ᠠᠬᠤᠢ︾ ᠶᠢ ᠶᠡᠬᠡᠪᠡᠷ ᠬᠥᠭᠵᠢᠭᠦᠯᠬᠦ ᠪᠠᠶᠢᠷᠢᠯᠠᠭᠤᠯᠤᠯᠲᠠ ᠶᠢᠨ ᠶᠣᠰᠣᠭᠠᠷ᠂ ᠪᠣᠬᠢᠷᠲᠤᠯ | ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠬᠥᠭᠵᠢᠯᠲᠡ ᠶᠢᠨ ᠰᠢᠰᠲ᠋ᠧᠮᠵᠢ ᠶᠢ ᠲᠦᠷᠭᠡᠳᠬᠡᠨ | ᠪᠠᠶᠢᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠶᠢᠨ ᠲᠤᠰᠠᠳᠠ᠂ ᠮᠠᠨ ᠤ | ᠬᠤᠳᠠ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠲᠤᠰ ᠬᠡᠷᠡᠭᠵᠢᠭᠦᠯᠬᠦ ᠲᠥᠰᠥᠯ ᠢ ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢ ᠶᠢᠨ ᠫᠢᠩ ᠤᠨ ᠠᠮᠢ | ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠲᠥᠪ ᠬᠤᠷᠢᠶ᠎ᠠ᠂ | ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠰᠢᠨ᠎ᠡ ᠬᠥᠭᠵᠢᠯᠲᠡ ᠶᠢᠨ ᠣᠨᠣᠯᠵᠢᠬᠤᠨ ᠢ | ᠡᠷᠡᠰ ᠭᠤᠶᠢᠪᠢᠰᠢ ᠦᠭᠡᠢ ᠲᠤᠭᠤᠰᠢᠯᠠᠭᠤᠯᠵᠤ᠂ ᠡᠬᠢ ᠪᠠᠶᠠᠯᠢᠭ ᠢ ᠥᠨᠳᠥᠷ ᠪᠦᠲᠦᠮᠵᠢᠲᠡᠢ ᠪᠠᠷ ᠠᠰᠢᠭᠯᠠᠬᠤ᠂ ᠠᠮᠢ | ᠠᠬᠤᠢ ᠣᠷᠴᠢᠨ ᠲᠣᠭᠤᠷᠢᠨ ᠢ ᠴᠢᠩᠭ᠎ᠠ ᠬᠠᠮᠠᠭᠠᠯᠠᠭᠰᠠᠨ ᠰᠠᠭᠤᠷᠢᠨ ᠳᠡᠭᠡᠷ᠎ᠡ᠂ ᠴᠢᠨᠠᠷ ᠰᠠᠶᠢᠲᠠᠢ ᠬᠥᠭᠵᠢᠯᠲᠡ ᠪᠠ | ᠥᠨᠳᠥᠷ ᠬᠢᠷᠢ ᠲᠦᠪᠰᠢᠨ ᠲᠠᠢ ᠬᠠᠮᠠᠭᠠᠯᠠᠯᠲᠠ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠵᠤ ᠦᠢᠯᠡᠳᠪᠦᠷᠢ ᠶᠢᠨ | ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠬᠥᠭᠵᠢᠯᠲᠡ ᠶᠢᠨ ᠠᠵᠤ ᠠᠬᠤᠢ ᠶᠢᠨ | ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠣᠷᠭᠢᠯ ᠬᠡᠮᠵᠢᠭᠳᠡᠯ ᠳᠤ | ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠬᠠᠷᠠᠯᠲᠠ ᠶᠢ ᠪᠡᠶᠡᠯᠡᠭᠦᠯᠬᠦ ᠶᠢ ᠦᠨᠡᠨᠬᠦ ᠪᠠᠲᠤᠯᠠᠵᠤ᠂ ᠮᠠᠨ ᠤ | ᠬᠤᠲᠠ ᠶᠢᠨ ᠠᠵᠤ ᠦᠢᠯᠡᠳᠪᠦᠷᠢ ᠶᠢᠨ ᠪᠣᠬᠢᠷᠲᠤᠯ ᠦᠭᠡᠢ ᠬᠥᠭᠵᠢᠯᠲᠡ ᠶᠢ ᠰᠢᠨ᠎ᠡ ᠳᠡᠭᠲᠡᠷ ᠲᠤ ᠭᠠᠷᠭᠠᠬᠤ ᠶᠢ | ᠠᠬᠢᠭᠤᠯᠤᠨ᠎ᠠ᠃ | ︵ᠬᠤᠶᠠᠷ︶ ᠠᠵᠢᠯ ᠤᠨ ᠵᠠᠷᠴᠢᠮ᠃ ︽ᠬᠡᠮᠵᠢᠶ᠎ᠡ ᠶᠢ ᠪᠠᠭᠠᠰᠬᠠᠬᠤ᠂ ᠲᠠᠬᠢᠨ ᠠᠰᠢᠭᠯᠠᠬᠤ᠂ ᠡᠬᠢ | ᠪᠠᠶᠠᠯᠢᠭᠵᠢᠭᠤᠯᠬᠤ︾ ᠵᠠᠷᠴᠢᠮ ᠢ ᠵᠢᠷᠤᠮᠯᠠᠨ᠂ ᠠᠵᠤ ᠦᠢᠯᠡᠳᠪᠦᠷᠢ ᠶᠢᠨ ᠬᠦᠷᠢᠶᠡᠨ ᠤ ᠭᠤᠣᠯᠳᠠᠯᠭ᠎ᠠ ᠲᠠᠢ ᠠᠵᠤ | ᠦᠢᠯᠡᠰ ᠪᠣᠯᠣᠨ ᠵᠠᠩᠭᠢᠯᠠᠭ᠎ᠠ ᠶᠢᠨ ᠬᠦᠷᠢᠶ᠎ᠡ ᠪᠠᠷ ᠬᠦᠴᠦᠯᠡᠬᠦ ᠴᠡᠭ ᠪᠣᠯᠭᠠᠨ᠂ ᠠᠵᠤ ᠦᠢᠯᠡᠳᠪᠦᠷᠢ ᠶᠢᠨ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠷᠴᠢᠯ ᠬᠥᠭᠵᠢᠯᠲᠡ ᠶᠢᠨ ᠰᠢᠨ᠎ᠡ ᠪᠠᠶᠢᠷᠢᠰᠢᠯ ᠢ ᠪᠥᠬᠦ ᠲᠠᠯ᠎ᠠ ᠪᠠᠷ | ᠴᠣᠭᠴᠠᠯᠠᠨ ᠪᠠᠶᠢᠭᠤᠯᠤᠨ᠎ᠠ᠃ | ︵ᠭᠤᠷᠪᠠ︶ ᠭᠤᠣᠯ ᠬᠠᠷᠠᠯᠲᠠ᠃ 2025 ᠣᠨ ᠪᠣᠯᠬᠤ ᠳᠤ᠂ ᠪᠦᠬᠦ ᠬᠤᠳᠠ ᠶᠢᠨ ᠠᠵᠤ ᠦᠢᠯᠡᠳᠪᠦᠷᠢ ᠶᠢᠨ | ᠬᠦᠷᠢᠶᠡᠨ ᠤ ᠠᠵᠤ ᠦᠢᠯᠡᠰ ᠤᠨ ᠪᠦᠲᠦᠴᠡ ᠪᠣᠯᠣᠨ ᠡᠨᠧᠷᠭᠢ ᠬᠡᠷᠡᠭᠯᠡᠬᠦ ᠪᠦᠲᠦᠴᠡ ᠶᠢ ᠰᠠᠶᠢᠵᠢᠷᠠᠭᠤᠯᠵᠤ᠂ | ᠴᠢᠯᠠᠭᠤᠵᠢᠮᠠᠯ ᠤᠨ ᠪᠤᠰᠤ ᠡᠨᠧᠷᠭᠢ ᠶᠢᠨ ᠬᠡᠷᠡᠭᠯᠡᠭᠡᠨ ᠤ ᠬᠤᠪᠢ ᠶᠢᠨ ᠵᠢᠩ ᠢ ᠵᠣᠬᠢᠰᠲᠠᠢ ᠳᠡᠭᠡᠭᠰᠢᠯᠡᠭᠦᠯᠦᠨ᠎ᠡ᠃ | ᠭᠤᠣᠯᠳᠠᠯᠭ᠎ᠠ ᠲᠠᠢ ᠠᠵᠢᠯ ᠲᠦᠷᠦᠯ ᠤᠨ ᠡᠨᠧᠷᠭᠢ ᠶᠢᠨ ᠰᠤᠷᠪᠤᠯᠵᠢ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ | ᠪᠦᠲᠦᠮᠵᠢ ᠶᠢ ᠶᠡᠭᠡ ᠪᠠᠷ ᠳᠡᠭᠡᠭᠰᠢᠯᠡᠭᠦᠯᠵᠦ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ | ᠨᠡᠭᠦᠷᠡᠰᠦᠲᠥ᠋ᠷᠥᠭᠴᠢ ᠦᠭᠡᠢ ᠨᠡᠭᠦᠷᠡᠰᠦᠲᠥ᠋ᠷᠥᠭᠴᠢ ᠶᠢᠨ ᠰᠥᠭᠡᠷᠭᠦ ᠮᠡᠷᠭᠡᠵᠢᠯ᠂ ᠲᠣᠨᠣᠭᠯᠠᠯ᠂ ᠤᠷᠠᠯᠠᠯ᠂ | ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠠᠵᠢᠯ ᠰᠢᠨ᠎ᠡ ᠠᠬᠢᠴᠠ ᠲᠠᠢ ᠪᠣᠯᠣᠨ᠎ᠠ᠃ ᠪᠣᠬᠢᠷᠲᠤᠯ ᠦᠭᠡᠢ ᠠᠵᠤ | ᠦᠢᠯᠡᠰ ᠤᠨ ᠬᠤᠪᠢ ᠶᠢᠨ ᠵᠢᠩ ᠢ ᠢᠯᠡᠳᠲᠡ ᠳᠡᠭᠡᠭᠰᠢᠯᠡᠭᠦᠯᠵᠦ᠂ ᠰᠠᠭᠤᠷᠢ ᠪᠡᠯᠡᠳᠬᠡᠮᠵᠢ ᠶᠢᠨ ᠪᠣᠬᠢᠷᠲᠤᠯ ᠦᠭᠡᠢ | ᠪᠣᠯᠭᠠᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠷᠢᠭᠤᠨ ᠴᠡᠪᠡᠷ ᠦᠢᠯᠡᠳᠪᠦᠷᠢᠯᠡᠯ ᠤᠨ ᠬᠢᠷᠢ | ᠬᠡᠮᠵᠢᠶ᠎ᠡ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠥᠬᠦᠴᠡᠯ ᠪᠦᠷᠢᠳᠦᠭᠦᠯᠦᠭᠰᠡᠨ ᠥᠪᠡᠷᠲᠡᠭᠡᠨ ᠵᠠᠰᠠᠬᠤ ᠣᠷᠣᠨ ᠤ | ᠲᠠᠰ ᠵᠢᠴᠢ ᠲᠡᠭᠦᠨ ᠠᠴᠠ ᠳᠡᠭᠡᠭᠰᠢᠬᠢ ᠬᠦᠷᠢᠶᠡᠯᠡᠩ ᠲᠣᠭᠤᠷᠢᠭ ᠨᠢ ᠤᠷᠴᠢᠯᠵᠢᠭᠤᠯᠬᠤ ᠥᠭᠡᠷᠡᠴᠢᠯᠡᠯᠲᠡ ᠶᠢ | ᠪᠡᠶᠡᠯᠡᠭᠦᠯᠬᠦ ᠪᠠᠷ ᠴᠢᠷᠮᠠᠶᠢᠵᠤ᠂ ᠨᠢᠭᠡᠴᠢ GDP ᠶᠢᠨ ᠡᠨᠧᠷᠭᠢ ᠶᠢᠨ ᠬᠤᠷᠣᠭᠳᠠᠯ ᠢ 2020 ᠣᠨ ᠤ ᠬᠢ ᠠᠴᠠ | 18% ᠪᠠᠭᠤᠷᠠᠭᠤᠯᠤᠨ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ | ᠨᠣᠷᠮ᠎ᠠ ᠶᠢ 50% ᠳᠤ ᠬᠦᠷᠦᠭᠦᠯᠵᠦ᠂ ᠭᠤᠣᠯ ᠪᠣᠯᠬᠤ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ | ᠠᠰᠢᠭᠯᠠᠬᠤ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠎ᠡ᠃ | ᠬᠤᠶᠠᠷ᠂ ᠠᠵᠢᠯ ᠤᠨ ᠡᠭᠦᠷᠭᠡ | ︵ᠨᠢᠭᠡ︶ ᠠᠵᠤ ᠦᠢᠯᠡᠳᠪᠦᠷᠢ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠲᠦᠷᠭᠡᠪᠴᠢᠯᠡᠨ ᠪᠠᠶᠢᠭᠤᠯᠤᠨ᠎ᠠ | ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠨᠡᠭᠦᠷᠡᠰᠦᠲᠥ᠋ᠷᠥᠭᠴᠢ ᠪᠠᠷ ᠰᠠᠭᠤᠷᠢ ᠪᠣᠯᠭᠠᠭᠰᠠᠨ | ᠰᠢᠨ᠎ᠡ ᠮᠠᠲ᠋ᠧᠷᠢᠶᠠᠯ᠂ ᠪᠠᠷᠢᠯᠭ᠎ᠠ ᠶᠢᠨ ᠮᠠᠲ᠋ᠧᠷᠢᠶᠠᠯ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ | ᠡᠳ᠋ᠰᠢᠭᠦᠯᠬᠦ ᠵᠡᠷᠭᠡ ᠠᠵᠢᠯ ᠲᠥᠷᠥᠯ ᠢᠶᠠᠷ ᠭᠤᠣᠯᠳᠠᠯᠭ᠎ᠠ ᠪᠣᠯᠭᠠᠵᠤ᠂ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠬᠤ ᠶᠢ ᠲᠦᠷᠭᠡᠳᠬᠡᠨ᠂ ᠡᠬᠢ ᠪᠠᠶᠠᠯᠢᠭ ᠤᠨ ᠠᠰᠢᠭᠯᠠᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ | ᠠᠵᠤ ᠦᠢᠯᠡᠳᠪᠦᠷᠢ ᠶᠢᠨ ᠣᠷᠴᠢᠯ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ | 1. ᠲᠡᠮᠦᠷᠯᠢᠭ ᠤᠨ ᠠᠵᠢᠯ ᠲᠥᠷᠥᠯ᠃ ᠠᠵᠤ ᠠᠬᠤᠶᠢᠯᠠᠯ ᠢ ᠢᠳᠡᠪᠬᠢᠲᠡᠢ ᠪᠠᠷ ᠬᠥᠲᠥᠯᠥᠨ ᠵᠢᠯᠤᠭᠤᠳᠴᠤ | ᠪᠠᠶᠢᠭᠠᠳ ᠠᠷᠢᠭᠤᠨ ᠴᠡᠪᠡᠷ ᠦᠢᠯᠡᠳᠪᠦᠷᠢᠯᠡᠯ ᠤᠨ ᠮᠡᠷᠭᠡᠵᠢᠯ ᠤᠨ ᠥᠭᠡᠷᠡᠴᠢᠯᠡᠯᠲᠡ ᠬᠢᠯᠭᠡᠵᠦ᠂ ᠬᠡᠮᠵᠢᠶ᠎ᠡ ᠶᠢ | ᠪᠠᠭᠠᠰᠬᠠᠬᠤ᠂ ᠲᠠᠬᠢᠨ ᠠᠰᠢᠭᠯᠠᠬᠤ᠂ ᠡᠬᠢ ᠪᠠᠶᠠᠯᠢᠭᠵᠢᠭᠤᠯᠬᠤ ᠵᠠᠷᠴᠢᠮ ᠢ ᠦᠢᠯᠡᠳᠪᠦᠷᠢᠯᠡᠯ ᠤᠨ ᠡᠯ᠎ᠡ ᠭᠤᠭᠴᠤᠭ᠎ᠠ | ᠪᠣᠯᠣᠨ ᠪᠥᠬᠦ ᠶᠠᠪᠤᠴᠠ ᠳᠤ ᠲᠤᠭᠤᠰᠢᠯᠠᠭᠤᠯᠤᠨ᠎ᠠ᠃ ᠦᠢᠯᠡᠳᠪᠦᠷᠢᠯᠡᠯ ᠤᠨ ᠲᠥᠬᠦᠭᠡᠷᠦᠮᠵᠢ ᠶᠢ ᠨᠢᠭᠲᠠ | ᠪᠢᠲᠡᠭᠦᠮᠵᠢᠯᠡᠬᠦ᠂ ᠲᠣᠮᠣ ᠬᠡᠯᠪᠡᠷᠢᠵᠢᠭᠦᠯᠬᠦ᠂ ᠠᠦ᠋ᠲ᠋ᠣᠴᠢᠯᠠᠬᠤ ᠶᠢ ᠦᠷᠭᠦᠯᠵᠢᠯᠡᠨ ᠠᠬᠢᠭᠤᠯᠵᠤ᠂ ᠲᠡᠮᠦᠷᠯᠢᠭ | ᠬᠠᠶᠢᠯᠤᠭᠤᠯᠤᠭᠰᠠᠨ ᠰᠢᠭᠠᠷᠤ ᠶᠢ ᠵᠠᠮ ᠳᠡᠪᠢᠰᠬᠦ᠂ ᠬᠦᠳᠡᠷ ᠤᠨ ᠰᠢᠭᠠᠷᠤ ᠶᠢᠨ ᠬᠥᠪᠥᠩ᠂ ᠤᠯᠠᠨ ᠰᠦᠪᠡᠲᠦ | ᠲᠣᠭᠤᠰᠬ᠎ᠠ ᠪᠣᠯᠣᠨ ᠬᠥᠨᠳᠡᠢ ᠦᠷᠦᠬᠦ ᠵᠡᠷᠭᠡ ᠶᠡᠷᠦᠩᠬᠡᠶᠢᠯᠡᠨ ᠠᠰᠢᠭᠯᠠᠬᠤ ᠠᠵᠤ ᠦᠢᠯᠡᠰ ᠢ ᠲᠦᠷᠭᠡᠳᠬᠡᠨ | ᠬᠥᠭᠵᠢᠭᠦᠯᠦᠨ᠎ᠡ︔ ᠦᠯᠡᠳᠡᠪᠦᠷᠢ ᠢᠯᠴᠢ ᠦᠯᠡᠳᠡᠪᠦᠷᠢ ᠬᠡᠢ ᠪᠠᠷ ᠮᠧᠲ᠋ᠢᠯ ᠠᠯᠺᠣᠣᠯ ᠵᠡᠷᠭᠡ ᠬᠢᠮᠢ ᠶᠢᠨ ᠠᠵᠤ | ᠦᠢᠯᠡᠳᠪᠦᠷᠢ ᠶᠢᠨ ᠦᠢᠯᠡᠳᠬᠦᠨ ᠪᠤᠶᠤ ᠴᠠᠬᠢᠯᠭᠠᠨ ᠭᠠᠷᠭᠠᠯᠲᠠ ᠶᠢ ᠪᠡᠯᠡᠳᠬᠡᠵᠦ᠂ ︽ᠴᠠᠬᠢᠯᠭᠠᠨ ᠬᠦᠴᠦᠨ— | ᠣᠨᠴᠠᠯᠢᠭᠲᠤ ᠲᠡᠮᠦᠷᠯᠢᠭ ᠪᠣᠯᠪᠠᠰᠤᠷᠠᠭᠤᠯᠬᠤ—ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ᠂ ᠦᠯᠡᠳᠡᠪᠦᠷᠢ ᠢᠯᠴᠢ | ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ᠂ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ︾ ᠤ ᠠᠵᠤ | ᠦᠢᠯᠡᠰ ᠤᠨ ᠬᠡᠯᠬᠢᠶ᠎ᠡ ᠶᠢ ᠭᠤᠣᠯᠳᠠᠯᠭ᠎ᠠ ᠲᠠᠢ ᠪᠤᠢ ᠪᠣᠯᠭᠠᠨ᠎ᠠ᠃ ᠬᠤᠴᠤᠷᠤᠩᠭᠤᠢ ᠬᠢᠵᠠᠭᠠᠷᠯᠠᠯ ᠤᠨ ᠲᠦᠷᠦᠯ ᠤᠨ | ᠤᠷᠠᠨ ᠮᠡᠷᠭᠡᠰᠢᠯ ᠤᠨ ᠲᠤᠨᠤᠭ ᠲᠥᠬᠦᠭᠡᠷᠦᠮᠵᠢ ᠶᠢ ᠲᠦᠷᠭᠡᠪᠴᠢᠯᠡᠨ ᠭᠡᠭᠡᠭᠳᠡᠭᠦᠯᠵᠦ᠂ ᠲᠡᠮᠦᠷ ᠤᠨ ᠬᠠᠶᠢᠯᠤᠰᠢ ᠶᠢᠨ | ᠠᠵᠢᠯ ᠲᠦᠷᠦᠯ ᠤᠨ ᠰᠢᠲᠠᠭᠠᠨ ᠪᠠᠷᠢᠯᠳᠤᠭᠤᠯᠬᠤ᠂ ᠪᠥᠮᠪᠦᠭᠡ ᠶᠢᠨ ᠪᠥᠭᠡᠮ᠂ ᠲᠡᠮᠦᠷᠯᠢᠭ ᠪᠣᠯᠪᠠᠰᠤᠷᠠᠭᠤᠯᠬᠤ ᠲᠤᠨᠤᠭ | ᠲᠥᠬᠦᠭᠡᠷᠦᠮᠵᠢ ᠶᠢ ᠲᠣᠮᠣ ᠬᠡᠯᠪᠡᠷᠢᠵᠢᠭᠦᠯᠦᠨ ᠬᠥᠭᠵᠢᠭᠦᠯᠬᠦ ᠶᠢ ᠲᠦᠯᠬᠢᠨ ᠠᠬᠢᠭᠤᠯᠵᠤ᠂ ᠨᠥᠬᠦᠴᠡᠯ | ᠪᠦᠷᠢᠯᠳᠦᠭᠦᠯᠦᠭᠰᠡᠨ ᠲᠡᠮᠦᠷ ᠤᠨ ᠬᠠᠶᠢᠯᠤᠰᠢ ᠶᠢᠨ ᠠᠵᠤ ᠠᠬᠤᠶᠢᠯᠠᠯ ᠤᠨ ᠨᠡᠶᠢᠯᠡᠭᠦᠯᠦᠨ ᠲᠠᠬᠢᠨ ᠪᠠᠶᠢᠭᠤᠯᠬᠤ᠂ | ᠬᠡᠯᠪᠡᠷᠢ ᠪᠠᠨ ᠬᠤᠪᠢᠷᠠᠭᠤᠯᠤᠨ ᠦᠢᠯᠡᠳᠪᠦᠷᠢᠯᠡᠯ ᠢᠶᠠᠨ ᠬᠤᠪᠢᠷᠠᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠳᠣᠣᠷ᠎ᠠ ᠦᠷ᠎ᠡ ᠠᠰᠢᠭ ᠲᠠᠢ ᠦᠢᠯᠡᠳᠪᠦᠷᠢᠯᠡᠬᠦ ᠴᠢᠳᠠᠪᠤᠷᠢ ᠪᠠ ᠤᠷᠠᠨ ᠮᠡᠷᠭᠡᠰᠢᠯ ᠤᠨ ᠤᠬᠤᠷᠢᠨ ᠭᠠᠷᠬᠤ ᠶᠢ | ᠲᠦᠷᠭᠡᠳᠬᠡᠬᠦ ᠶᠢ ᠳᠡᠮᠵᠢᠨ᠎ᠡ᠃ ᠣᠨᠴᠣᠭᠤᠢ ᠪᠣᠯᠣᠳ ᠲᠡᠮᠦᠷ ᠤᠨ ᠠᠵᠤ ᠦᠢᠯᠡᠰ ᠤᠨ ᠪᠠᠶᠢᠷᠢ ᠰᠠᠭᠤᠷᠢ ᠶᠢ | ᠴᠢᠩᠭᠠᠷᠠᠭᠤᠯᠵᠤ᠂ ᠥᠨᠳᠥᠷ ᠨᠡᠮᠡᠯᠲᠡ ᠥᠷᠲᠡᠭᠲᠦ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠂ ᠳᠡᠭᠡᠳᠦ | ᠴᠢᠳᠠᠮᠵᠢᠲᠤ ᠬᠠᠪᠲᠠᠰᠤᠨ ᠮᠠᠲ᠋ᠧᠷᠢᠶᠠᠯ᠂ ᠬᠤᠭᠤᠯᠠᠢ ᠮᠠᠲ᠋ᠧᠷᠢᠶᠠᠯ ᠪᠠ ᠲᠡᠷᠢᠭᠦᠨ ᠤ ᠮᠠᠲ᠋ᠧᠷᠢᠶᠠᠯ ᠵᠡᠷᠭᠡ ᠰᠢᠨ᠎ᠡ | ᠮᠠᠲ᠋ᠧᠷᠢᠶᠠᠯ ᠢ ᠬᠥᠭᠵᠢᠭᠦᠯᠵᠦ᠂ ᠬᠠᠶᠢᠯᠤᠰᠢ ᠶᠢᠨ ᠠᠵᠤ ᠠᠬᠤᠶᠢᠯᠠᠯ᠂ ᠪᠣᠯᠣᠳ ᠲᠡᠮᠦᠷ ᠤᠨ ᠠᠵᠤ ᠠᠬᠤᠶᠢᠯᠠᠯ ᠤᠨ | ᠬᠤᠭᠤᠷᠣᠨᠳᠣᠬᠢ ᠠᠵᠤ ᠦᠢᠯᠡᠰ ᠤᠨ ᠬᠡᠯᠬᠢᠶ᠎ᠡ ᠶᠢᠨ ᠣᠨᠴᠠᠯᠢᠬᠵᠢᠭᠤᠯᠬᠤ᠂ ᠵᠦᠷᠢᠶᠡᠵᠢᠬᠦᠯᠦᠨ ᠬᠥᠭᠵᠢᠭᠦᠯᠬᠦ ᠶᠢ | ᠲᠦᠯᠬᠢᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠪᠥᠭᠡᠮᠨᠡᠷᠡᠨ ᠬᠥᠭᠵᠢᠬᠦ ᠶᠢ ᠬᠥᠲᠥᠯᠥᠨ ᠵᠢᠯᠣᠭᠤᠳᠤᠨ᠎ᠠ᠃ | ᠬᠠᠶᠠᠭᠳᠠᠮᠠᠯ ᠪᠣᠯᠣᠳ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠲᠦᠯᠬᠢᠨ ᠠᠬᠢᠭᠤᠯᠵᠤ᠂ ᠣᠷᠴᠢᠯ | ᠬᠥᠭᠵᠢᠯᠲᠡ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ | ᠲᠣᠪᠴᠢᠶ᠎ᠠ᠂ ᠵᠠᠮ ᠬᠠᠷᠢᠯᠴᠠᠭᠠᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠵᠤ᠂ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠬᠠᠷᠢᠭᠤᠴᠠᠨ ᠨᠠᠶᠢᠳᠠᠪᠤᠷᠢᠵᠢᠭᠤᠯᠤᠨ᠎ᠠ᠃ | ᠳᠣᠷᠣᠭᠰᠢᠬᠢ ᠶᠢ ᠴᠥᠮ ᠡᠯ᠎ᠡ ᠬᠤᠰᠢᠭᠤ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ᠂ ᠡᠯ᠎ᠡ ᠠᠵᠤ | ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠬᠠᠷᠢᠭᠤᠴᠠᠨ | ᠨᠠᠶᠢᠳᠠᠪᠤᠷᠢᠵᠢᠭᠤᠯᠤᠨ᠎ᠠ᠂ ᠳᠠᠭᠢᠵᠤ ᠵᠢᠭᠰᠠᠭᠠᠬᠤ ᠦᠭᠡᠢ︶ | 2. ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ | ᠵᠦᠸᠧᠽᠢ ᠰᠢᠶᠠᠨ ᠢᠶᠠᠷ ᠭᠤᠣᠯᠳᠠᠯᠭ᠎ᠠ ᠪᠣᠯᠭᠠᠵᠤ᠂ ᠴᠠᠬᠢᠯᠠᠭᠤᠷ ᠴᠢᠯᠠᠭᠤ ᠶᠢ PVA᠂ PVC᠂ ᠨᠢᠯᠴᠠᠭᠠᠢ | ᠳᠠᠪᠠᠷᠬᠠᠢ ᠪᠣᠯᠣᠨ ᠪᠤᠰᠤᠳ ᠳᠣᠣᠷᠠᠳᠤ ᠤᠷᠤᠰᠬᠠᠯ ᠤᠨ ᠦᠢᠯᠡᠳᠬᠦᠨ ᠳᠠᠰᠢ ᠭᠤᠣᠯᠳᠠᠯᠭ᠎ᠠ ᠲᠠᠢ ᠳᠡᠮᠵᠢᠵᠦ᠂ ︽ | ᠴᠠᠬᠢᠯᠠᠭᠤᠷ ᠴᠢᠯᠠᠭᠤ — ᠾᠯᠣᠷᠲᠤ ᠱᠦᠯᠲᠦ ᠶᠢᠨ ᠠᠵᠤ ᠦᠢᠯᠡᠰ — ᠱᠦᠢᠨᠢ ᠶᠢᠨ ᠠᠵᠤ ᠦᠢᠯᠡᠰ —ᠳᠣᠣᠷᠠᠳᠤ | ᠤᠷᠤᠰᠬᠠᠯ ᠤᠨ ᠦᠢᠯᠡᠳᠬᠦᠨ︾ ᠤ ᠣᠷᠴᠢᠯ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠵᠤ᠂ ᠾᠯᠣᠷᠲᠤ | ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠦᠢᠯᠡᠳᠬᠦᠨ ᠢᠶᠠᠷ ᠭᠤᠣᠯ ᠪᠣᠯᠭᠠᠭᠰᠠᠨ ᠦᠢᠯᠡᠳᠬᠦᠨ ᠤ | ᠬᠤᠯᠪᠣᠭᠳᠠᠯ ᠢᠶᠠᠷ ᠴᠢᠩᠭ᠎ᠠ᠂ ᠦᠢᠯᠡᠳᠬᠦᠨ ᠤ ᠲᠥᠷᠥᠯ ᠵᠦᠢᠯ ᠪᠦᠷᠢᠨ᠂ ᠦᠢᠯᠡᠳᠬᠦᠨ ᠤ ᠬᠡᠯᠬᠢᠶ᠎ᠡ ᠨᠢᠭᠲᠠ ᠲᠣᠮᠣ | ᠬᠡᠯᠪᠡᠷᠢ ᠶᠢᠨ ᠾᠯᠣᠷᠲᠤ ᠱᠦᠯᠲᠦ ᠶᠢᠨ ᠬᠢᠮᠢ ᠶᠢᠨ ᠠᠵᠤ ᠦᠢᠯᠡᠳᠪᠦᠷᠢ ᠶᠢᠨ ᠣᠷᠴᠢᠯ ᠠᠵᠤ ᠦᠢᠯᠡᠰ ᠤᠨ | ᠰᠦᠷᠦᠭᠵᠢᠯ ᠢ ᠪᠦᠲᠦᠭᠡᠨ ᠪᠠᠶᠢᠭᠤᠯᠤᠨ᠎ᠠ᠃ ᠳᠥᠷᠪᠡᠳ ᠬᠤᠰᠢᠭᠤ᠂ ᠹᠧᠩᠵᠧᠨ ᠬᠤᠳᠠ ᠪᠠᠷ ᠭᠤᠣᠯᠳᠠᠯᠭ᠎ᠠ ᠪᠣᠯᠭᠠᠨ | ᠂ ᠤᠰᠤ ᠦᠭᠡᠢ ᠹᠯᠣᠷᠲᠤ ᠤᠰᠤᠲᠥ᠋ᠷᠥᠭᠴᠢ᠂ ᠭᠤᠷᠪᠠᠨ ᠹᠯᠣᠷᠲᠤ ᠡᠲ᠋ᠡᠨ᠂ ᠬᠡᠯᠪᠡᠶᠢᠭᠦᠦ ᠹᠯᠣᠷᠲᠤ ᠡᠲ᠋ᠧᠨ᠂ | ᠪᠥᠭᠡᠭᠡᠨᠡᠷᠡᠯ ᠬᠡᠯᠪᠡᠶᠢᠭᠦᠦ ᠹᠯᠣᠷᠲᠤ ᠡᠲ᠋ᠧᠨ᠂ ᠹᠯᠣᠷᠲᠤ ᠰᠢᠶᠠᠩᠵᠢᠶᠣᠣ ᠵᠡᠷᠭᠡ ᠹᠯᠣᠷᠲᠤ ᠬᠢᠮᠢ ᠶᠢᠨ ᠠᠵᠤ | ᠦᠢᠯᠡᠳᠪᠦᠷᠢ ᠶᠢᠨ ᠳᠤᠮᠳᠠ ᠳᠡᠭᠡᠳᠦ ᠲᠡᠰ ᠤᠨ ᠳᠣᠣᠷᠠᠳᠤ ᠤᠷᠤᠰᠬᠠᠯ ᠤᠨ ᠦᠢᠯᠡᠳᠬᠦᠨ ᠢ ᠬᠥᠭᠵᠢᠭᠦᠯᠵᠦ᠂ ᠳᠡᠭᠡᠳᠦ | ᠴᠢᠳᠠᠪᠬᠢᠲᠤ ᠳᠠᠪᠠᠷᠬᠠᠢ᠂ ᠳᠡᠭᠡᠳᠦ ᠲᠡᠰ ᠤᠨ ᠴᠢᠳᠠᠮᠵᠢᠲᠤ ᠪᠦᠷᠬᠦᠭᠦᠯ ᠵᠡᠷᠭᠡ ᠬᠢᠮᠢ ᠶᠢᠨ ᠠᠵᠤ ᠦᠢᠯᠡᠳᠪᠦᠷᠢ ᠶᠢᠨ | ᠰᠢᠨ᠎ᠡ ᠮᠠᠲ᠋ᠧᠷᠢᠶᠠᠯ ᠢ ᠬᠥᠭᠵᠢᠭᠦᠯᠦᠨ᠎ᠡ︔ ᠴᠠᠬᠠᠷ ᠨᠡᠭᠡᠭᠡᠯᠲᠡ ᠶᠢᠨ ᠲᠣᠭᠤᠷᠢᠭ ᠢᠶᠠᠷ ᠭᠤᠣᠯᠳᠠᠯᠭ᠎ᠠ ᠪᠣᠯᠭᠠᠵᠤ᠂ | ᠭᠤᠷᠪᠠᠨ ᠹᠯᠣᠷᠲᠤ ᠠᠽᠣᠲ᠂ ᠵᠢᠷᠭᠤᠭᠠᠨ ᠹᠯᠣᠷᠲᠤ ᠸᠣᠯᠹᠷᠠᠮ᠂ ᠵᠢᠷᠭᠤᠭᠠᠨ ᠹᠯᠣᠷᠲᠤ ᠡᠲ᠋ᠡᠨ ᠵᠢᠴᠢ ᠳᠥᠷᠪᠡᠨ | ᠹᠯᠣᠷᠲᠤ ᠨᠡᠭᠦᠷᠡᠰᠦᠲᠥ᠋ᠷᠥᠭᠴᠢ ᠵᠡᠷᠭᠡ ᠳᠡᠭᠡᠳᠦ ᠲᠠᠰ ᠤᠨ ᠹᠯᠣᠷ ᠠᠭᠤᠯᠤᠭᠰᠠᠨ ᠡᠯᠧᠺᠲᠷᠣᠨ ᠲᠤᠰᠬᠠᠢ ᠬᠡᠷᠡᠭᠯᠡᠬᠦ | ᠮᠠᠲ᠋ᠧᠷᠢᠶᠠᠯ ᠤᠨ ᠦᠢᠯᠡᠳᠬᠦᠨ ᠢ ᠬᠥᠭᠵᠢᠭᠦᠯᠵᠦ᠂ ᠳᠡᠭᠡᠳᠦ ᠲᠠᠰ ᠤᠨ ᠹᠯᠣᠷ ᠠᠭᠤᠯᠤᠭᠰᠠᠨ ᠪᠥᠭᠡᠭᠡᠨᠡᠪᠦᠷᠢ ᠶᠢᠨ ᠠᠵᠤ | ᠦᠢᠯᠡᠰ ᠤᠨ ᠬᠡᠯᠬᠢᠶ᠎ᠡ ᠶᠢ ᠪᠣᠶᠢᠵᠢᠭᠤᠯᠤᠨ᠎ᠠ᠃ ᠳᠣᠣᠷᠠᠳᠤ ᠤᠷᠤᠰᠬᠠᠯ ᠤᠨ ᠬᠤᠪᠢᠷᠠᠭᠤᠯᠤᠯᠲᠠ ᠦᠭᠡᠢ ᠴᠠᠬᠢᠯᠠᠭᠤᠷ | ᠴᠢᠯᠠᠭᠤᠨ ᠤ ᠠᠵᠤ ᠠᠬᠤᠶᠢᠯᠠᠯ ᠪᠠ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠬᠠᠷᠢᠯᠴᠠᠨ | ᠤᠶᠠᠯᠳᠤᠬᠤ ᠶᠢ ᠠᠬᠢᠭᠤᠯᠵᠤ᠂ ᠴᠠᠬᠢᠯᠠᠭᠤᠷ ᠴᠢᠯᠠᠭᠤ —ᠹᠯᠣᠷ ᠤᠨ ᠬᠢᠮᠢ ᠶᠢᠨ ᠠᠵᠤ ᠦᠢᠯᠡᠳᠪᠦᠷᠢ ᠵᠡᠷᠭᠡ | ᠣᠨᠴᠠᠯᠢᠭᠲᠤ ᠠᠵᠤ ᠦᠢᠯᠡᠰ ᠤᠨ ᠬᠡᠯᠬᠢᠶᠡᠰᠦ ᠶᠢ ᠪᠣᠶᠢᠵᠢᠭᠤᠯᠵᠤ᠂ ᠠᠵᠤ ᠦᠢᠯᠡᠰ ᠤᠨ ᠡᠷᠭᠢᠯᠲᠡ ᠶᠢᠨ ᠬᠢᠷᠢ | ᠬᠡᠮᠵᠢᠶ᠎ᠡ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︶ | 3. ᠨᠡᠭᠦᠷᠡᠰᠦᠲᠥ᠋ᠷᠥᠭᠴᠢᠲᠦ ᠰᠢᠨ᠎ᠡ ᠮᠠᠲ᠋ᠧᠷᠢᠶᠠᠯ᠃ ᠪᠠᠯ ᠴᠢᠯᠠᠭᠤᠨ ᠨᠡᠭᠦᠷᠡᠰᠦᠨ ᠡᠳ᠋ ᠤᠨ ᠠᠵᠢᠯ ᠲᠥᠷᠥᠯ ᠤᠨ | ᠪᠥᠬᠦ ᠠᠵᠢᠯ ᠤᠨ ᠳᠠᠷᠠᠭᠠᠯᠠᠯ ᠤᠨ ᠦᠢᠯᠡᠳᠪᠦᠷᠢᠯᠡᠯ ᠢ ᠪᠡᠶᠡᠯᠡᠭᠦᠯᠬᠦ ᠶᠢ ᠠᠬᠢᠭᠤᠯᠵᠤ᠂ ᠲᠥᠷᠥᠯ ᠵᠦᠢᠯ ᠤᠨ | ᠪᠦᠲᠦᠴᠡ ᠶᠢ ᠰᠢᠯᠢᠳᠡᠭᠵᠢᠭᠦᠯᠦᠨ ᠲᠠᠰ ᠳᠡᠪᠰᠢᠭᠦᠯᠬᠦ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ | ᠳᠣᠣᠷᠠᠳᠤ ᠤᠷᠤᠰᠬᠠᠯ ᠤᠨ ᠬᠠᠮᠵᠢᠯᠴᠠᠨ ᠬᠥᠭᠵᠢᠬᠦ ᠶᠢ ᠠᠬᠢᠭᠤᠯᠤᠨ᠎ᠠ᠃ ᠪᠠᠯ ᠴᠢᠯᠠᠭᠤᠨ ᠤ ᠴᠠᠬᠢᠯᠭᠠᠨ ᠲᠤᠶᠢᠯ ᠤᠨ | ᠠᠵᠤ ᠠᠬᠤᠶᠢᠯᠠᠯ ᠤᠨ ᠲᠣᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠠᠵᠤ ᠦᠢᠯᠡᠰ ᠤᠨ | ᠬᠡᠯᠬᠢᠶ᠎ᠡ ᠪᠠᠨ ᠤᠯᠠᠮ ᠨᠢᠭᠡ ᠠᠯᠬᠤᠮ ᠤᠷᠲᠤᠳᠬᠠᠵᠤ᠂ ᠬᠠᠮᠢᠶ᠎ᠠ ᠪᠦᠬᠦᠢ ᠠᠵᠤ ᠠᠬᠤᠶᠢᠯᠠᠯ ᠯᠤᠭ᠎ᠠ ᠬᠤᠯᠪᠣᠭᠠᠯᠠᠵᠤ᠂ | ︽ᠪᠠᠯ ᠴᠢᠯᠠᠭᠤᠨ ᠤ ᠴᠠᠬᠢᠯᠭᠠᠨ ᠲᠤᠶᠢᠯ — ᠴᠠᠬᠢᠯᠭᠠᠨ ᠵᠤᠤᠬ᠎ᠠ ᠶᠢᠨ ᠪᠣᠯᠣᠳ᠂ ᠲᠡᠮᠦᠷ ᠤᠨ ᠬᠠᠶᠢᠯᠤᠰᠢ︾ ᠶᠢᠨ | ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠬᠤ ᠶᠢ ᠵᠣᠷᠢᠭᠵᠢᠭᠤᠯᠤᠨ᠎ᠠ᠃ ᠨᠡᠭᠦᠷᠡᠰᠦᠵᠢᠭᠦᠯᠦᠭᠰᠡᠨ ᠠᠵᠤ ᠦᠢᠯᠡᠰ | ᠬᠢᠭᠡᠳ ᠰᠢᠨ᠎ᠡ ᠡᠨᠧᠷᠭᠢ ᠶᠢᠨ ᠠᠵᠤ ᠦᠢᠯᠡᠰ ᠤᠨ ᠠᠭᠤᠰᠤᠯᠴᠠᠬᠤ᠂ ᠭᠤᠯᠳᠤ ᠪᠠᠷ ᠤᠷᠲᠤᠳᠬᠠᠬᠤ ᠶᠢ | ᠢᠳᠡᠪᠬᠢᠲᠡᠢ ᠪᠠᠷ ᠠᠬᠢᠭᠤᠯᠵᠤ᠂ ᠪᠢᠯᠢᠭ ᠲᠤᠶᠢᠯ ᠤᠨ ᠮᠠᠲ᠋ᠧᠷᠢᠶᠠᠯ — ᠯᠢᠲ᠋ᠢ ᠳ᠋ᠢᠶᠠᠨ ᡂᠢ᠂ ᠰᠢᠨ᠎ᠡ ᠡᠨᠧᠷᠭᠢ ᠶᠢᠨ | ᠲᠥᠬᠦᠭᠡᠷᠦᠮᠵᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠤᠨ᠎ᠠ᠃ ᠪᠠᠯ ᠴᠢᠯᠠᠭᠤᠨ ᠠᠯᠺᠧᠨ ᠢ | ᠬᠡᠪᠴᠢᠶᠡᠵᠢᠭᠦᠯᠦᠨ ᠦᠢᠯᠡᠳᠬᠦ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠵᠠᠩᠭᠢᠯᠠᠭ᠎ᠠ ᠶᠢᠨ ᠤᠷᠠᠨ ᠳᠠᠷᠬ᠎ᠠ ᠵᠢᠴᠢ | ᠭᠤᠣᠯᠯᠠᠬᠤ ᠲᠣᠨᠤᠭ ᠲᠥᠬᠦᠭᠡᠷᠦᠮᠵᠢ ᠶᠢᠨ ᠠᠵᠤ ᠦᠶᠢᠯᠡᠰᠵᠢᠯᠲᠡ ᠶᠢ ᠠᠬᠢᠭᠤᠯᠤᠨ᠂ ᠪᠠᠯ ᠴᠢᠯᠠᠭᠤᠨ ᠠᠯᠺᠧᠨ ᠤ | ᠴᠢᠨᠠᠷ ᠥᠭᠡᠷᠡᠴᠢᠯᠡᠬᠦ ᠡᠨᠧᠷᠭᠢ ᠬᠠᠳᠠᠭᠠᠯᠠᠬᠤ ᠲᠣᠨᠣᠭᠯᠠᠭᠠᠰᠤ᠂ ᠴᠢᠳᠠᠮᠵᠢ ᠶᠢᠨ ᠰᠢᠷ ᠪᠤᠳᠤᠭ ᠵᠢᠴᠢ ᠪᠠᠯ ᠴᠢᠯᠠᠭᠤᠨ | ᠠᠯᠺᠧᠨ ᠤ ᠮᠠᠲ᠋ᠧᠷᠢᠶᠠᠯ ᠳᠤ ᠰᠠᠭᠤᠷᠢᠯᠠᠭᠰᠠᠨ ᠡᠯᠧᠺᠲᠷᠣᠨ ᠮᠡᠳᠡᠭᠡ ᠵᠠᠩᠭᠢ ᠶᠢᠨ ᠰᠡᠷᠡᠯ ᠳᠠᠮᠵᠢᠭᠤᠯᠤᠭᠤᠷ᠂ | ᠲᠡᠮᠲᠡᠷᠢᠭᠳᠡᠬᠦ ᠲᠣᠨᠣᠭᠯᠠᠭᠠᠰᠤ᠂ ᠡᠯᠧᠺᠲᠷᠣᠨ ᠲᠣᠨᠣᠭᠯᠠᠭᠠᠰᠤ ᠵᠡᠷᠭᠡ ᠦᠢᠯᠡᠳᠬᠦᠨ ᠢ ᠭᠤᠣᠯᠳᠠᠯᠭ᠎ᠠ ᠲᠠᠢ | ᠬᠥᠭᠵᠢᠭᠦᠯᠵᠦ᠂ ᠪᠠᠯ ᠴᠢᠯᠠᠭᠤᠨ ᠠᠯᠺᠧᠨ — ᠰᠢᠨ᠎ᠡ ᠡᠨᠧᠷᠭᠢ / ᠰᠢᠨ᠎ᠡ ᠮᠠᠲ᠋ᠧᠷᠢᠶᠠᠯ / ᠡᠯᠧᠺᠲᠷᠣᠨ ᠮᠡᠳᠡᠭᠡ | ᠵᠠᠩᠭᠢ ᠶᠢᠨ ᠠᠵᠤ ᠦᠢᠯᠡᠰ ᠤᠨ ᠬᠡᠯᠬᠢᠶ᠎ᠡ ᠶᠢ ᠪᠣᠶ ᠪᠣᠯᠭᠠᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ | ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 4. ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠥᠷᠥᠯ᠃ ᠱᠦᠢᠨᠢ᠂ ᠪᠧᠲ᠋ᠤᠨ᠂ ᠢᠯᠴᠢ ᠬᠥᠨᠳᠡᠶᠢᠷᠡᠭᠦᠯᠵᠦ | ᠳᠤᠯᠠᠭᠠᠨ ᠢ ᠬᠠᠮᠠᠭᠠᠯᠠᠬᠤ ᠮᠠᠲ᠋ᠧᠷᠢᠶᠠᠯ᠂ ᠰᠢᠨ᠎ᠡ ᠮᠠᠶ᠋ᠢᠭ ᠤᠨ ᠬᠡᠷᠡᠮ ᠤᠨ ᠮᠠᠲ᠋ᠧᠷᠢᠶᠠᠯ ᠤᠨ ᠠᠵᠤ ᠠᠬᠤᠶᠢᠯᠠᠯ ᠤᠨ | ᠴᠠᠬᠢᠯᠭᠠᠨ ᠴᠢᠯᠠᠭᠤᠨ ᠰᠢᠭᠠᠷᠤ᠂ ᠨᠤᠨᠳᠠᠭ ᠨᠡᠭᠦᠷᠡᠰᠦᠨ ᠤ ᠦᠨᠡᠰᠦ᠂ ᠲᠡᠮᠦᠷᠯᠢᠭ ᠤᠨ ᠰᠢᠭᠠᠷᠤ᠂ ᠦᠯᠡᠳᠡᠭᠳᠡᠯ | ᠬᠦᠳᠡᠷ ᠵᠡᠷᠭᠡ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢᠶᠠᠷ ᠬᠡᠰᠡᠭ ᠲᠦᠭᠦᠬᠡᠢ ᠮᠠᠲ᠋ᠧᠷᠢᠶᠠᠯ ᠢ | ᠣᠷᠣᠯᠠᠭᠤᠯᠬᠤ ᠶᠢ ᠵᠣᠷᠢᠭᠵᠢᠭᠤᠯᠤᠨ᠂ ᠸᠠᠭᠠᠷ ᠱᠠᠭᠠᠵᠠᠩ ᠤᠨ ᠠᠵᠤ ᠠᠬᠤᠶᠢᠯᠠᠯ ᠤᠨ ᠬᠠᠶᠠᠭᠳᠠᠮᠠᠯ ᠰᠢᠯ᠂ | ᠬᠠᠶᠠᠭᠳᠠᠮᠠᠯ ᠸᠠᠭᠠᠷ ᠱᠠᠭᠠᠵᠠᠩ ᠢᠶᠠᠷ ᠪᠠᠶᠢᠭᠠᠯᠢ ᠶᠢᠨ ᠲᠦᠭᠦᠬᠡᠢ ᠮᠠᠲ᠋ᠧᠷᠢᠶᠠᠯ ᠢ ᠣᠷᠣᠯᠠᠭᠤᠯᠬᠤ ᠶᠢ ᠵᠣᠷᠢᠭᠵᠢᠭᠤᠯᠵᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ | ᠪᠣᠬᠢᠷᠲᠤᠯ ᠦᠭᠡᠢ ᠪᠠᠷᠢᠯᠭ᠎ᠠ ᠶᠢᠨ ᠮᠠᠲ᠋ᠧᠷᠢᠶᠠᠯ᠂ ᠰᠢᠨ᠎ᠡ ᠬᠡᠯᠪᠡᠷᠢ ᠶᠢᠨ ᠬᠡᠷᠡᠮ ᠤᠨ ᠮᠠᠲ᠋ᠧᠷᠢᠶᠠᠯ ᠵᠡᠷᠭᠡ ᠳᠠᠪᠠᠭᠤᠯᠢᠭ | ᠣᠨᠴᠠᠯᠢᠭᠲᠤ ᠪᠠᠷᠢᠯᠭ᠎ᠠ ᠶᠢᠨ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠪᠣᠬᠢᠷᠲᠤᠯ ᠦᠭᠡᠢ | ᠪᠠᠷᠢᠯᠭ᠎ᠠ ᠶᠢᠨ ᠮᠠᠲ᠋ᠧᠷᠢᠶᠠᠯ᠂ ᠤᠭᠰᠠᠷᠠᠮᠠᠯ ᠮᠠᠶ᠋ᠢᠭ ᠤᠨ ᠤᠭᠰᠠᠷᠠᠭ᠎ᠠ ᠲᠣᠨᠤᠭ ᠤᠨ ᠵᠠᠰᠠᠮᠠᠯ ᠵᠠᠮ ᠤᠨ ᠵᠠᠮ ᠬᠠᠷᠢᠯᠴᠠᠭ᠎ᠠ | ᠂ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠴᠠᠷᠠᠭ᠎ᠠ ᠳᠠᠬᠢ ᠬᠡᠷᠡᠭᠯᠡᠯᠲᠡ ᠶᠢ | ᠳᠡᠭᠡᠭᠰᠢᠯᠡᠭᠦᠯᠦᠨ᠎ᠡ᠃ ᠠᠵᠤ ᠠᠬᠤᠶᠢᠯᠠᠯ᠂ ᠬᠦᠷᠢᠶᠡᠯᠡᠩ ᠲᠣᠭᠤᠷᠢᠭ᠂ ᠠᠵᠢᠯ ᠲᠥᠷᠥᠯ ᠤᠨ ᠬᠤᠭᠤᠷᠣᠨᠳᠤ ᠪᠠᠨ | ᠬᠤᠯᠪᠣᠯᠳᠤᠨ ᠬᠠᠮᠲᠤ ᠣᠷᠣᠰᠢᠬᠤ ᠪᠠ ᠡᠬᠢ ᠪᠠᠶᠠᠯᠢᠭ ᠢ ᠬᠠᠮᠵᠢᠯᠴᠠᠨ ᠠᠰᠢᠭᠯᠠᠬᠤ ᠶᠢ ᠠᠬᠢᠭᠤᠯᠵᠤ᠂ ︽ᠬᠢᠮᠢ ᠶᠢᠨ | ᠠᠵᠤ ᠦᠢᠯᠡᠳᠪᠦᠷᠢ —ᠪᠠᠷᠢᠯᠭ᠎ᠠ ᠶᠢᠨ ᠮᠠᠲ᠋ᠧᠷᠢᠶᠠᠯ︾᠂ ︽ᠴᠠᠬᠢᠯᠭᠠᠨ ᠬᠦᠴᠦᠨ —ᠪᠠᠷᠢᠯᠭ᠎ᠠ ᠶᠢᠨ ᠮᠠᠲ᠋ᠧᠷᠢᠶᠠᠯ︾᠂ | ︽ᠰᠢᠨ᠎ᠡ ᠡᠨᠧᠷᠭᠢ — ᠪᠠᠷᠢᠯᠭ᠎ᠠ ᠶᠢᠨ ᠮᠠᠲ᠋ᠧᠷᠢᠶᠠᠯ︾ ᠢ ᠬᠠᠮᠵᠢᠯᠴᠠᠨ ᠬᠥᠭᠵᠢᠭᠦᠯᠬᠦ ᠰᠢᠰᠲ᠋ᠧᠮᠵᠢ ᠶᠢ ᠪᠠᠶᠢᠭᠤᠯᠵᠤ᠂ | ᠡᠬᠢ ᠪᠠᠶᠠᠯᠢᠭ ᠡᠨᠧᠷᠭᠢ ᠶᠢᠨ ᠠᠰᠢᠭᠯᠠᠮᠵᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ | ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ | ︶ | 5. ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠃ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠶᠢᠨ | ᠲᠣᠭᠤᠷᠢᠨ ᠲᠤ᠂ ᠪᠣᠬᠢᠷᠲᠤᠯ ᠦᠭᠡᠢ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠡᠳ᠋ᠰᠢᠭᠦᠯᠬᠦ | ᠲᠥᠷᠥᠯ ᠵᠦᠢᠯ ᠢ ᠪᠠᠶᠢᠷᠢᠰᠢᠭᠤᠯᠤᠨ᠎ᠠ᠃ ᠰᠦ᠂ ᠮᠢᠬ᠎ᠠ᠂ ᠨᠣᠬᠠᠢ ᠶᠢᠨ ᠬᠤᠰᠢᠭᠤ᠂ ᠲᠥᠮᠥᠰᠥ ᠵᠡᠷᠭᠡ ᠠᠵᠤ | ᠦᠢᠯᠡᠰ ᠢ ᠭᠤᠣᠯᠳᠠᠯᠭ᠎ᠠ ᠲᠠᠢ ᠬᠥᠭᠵᠢᠭᠦᠯᠵᠦ᠂ ᠲᠦᠭᠦᠬᠡᠢ ᠮᠠᠲ᠋ᠧᠷᠢᠶᠠᠯ ᠤᠨ ᠦᠢᠯᠡᠳᠪᠦᠷᠢᠯᠡᠯ ᠠᠴᠠ ᠡᠭᠡᠭᠦᠯᠦᠨ | ᠬᠤᠷᠢᠶᠠᠵᠤ ᠠᠰᠢᠭᠯᠠᠬᠤ ᠬᠦᠷᠲᠡᠯᠡᠬᠢ ᠪᠥᠬᠦ ᠭᠢᠨᠵᠢ ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡᠨ ᠢ ᠥᠷᠨᠢᠭᠦᠯᠵᠦ᠂ | ᠡᠳ᠋ᠰᠢᠭᠦᠯᠦᠨ ᠬᠤᠪᠢᠷᠠᠭᠤᠯᠬᠤ ᠴᠢᠳᠠᠪᠤᠷᠢ ᠪᠠ ᠨᠠᠷᠢᠯᠢᠭ ᠭᠦᠨᠵᠡᠭᠡᠢ ᠡᠳ᠋ᠰᠢᠭᠦᠯᠦᠨ ᠪᠣᠯᠪᠠᠰᠤᠷᠠᠭᠤᠯᠬᠤ ᠬᠢᠷᠢ | ᠬᠡᠮᠵᠢᠶ᠎ᠡ ᠶᠢ ᠶᠡᠬᠡᠪᠡᠷ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠲᠠᠷᠢᠶᠠᠯᠠᠩ ᠮᠠᠯ ᠠᠵᠤ | ᠠᠬᠤᠢ ᠶᠢᠨ ᠲᠣᠪᠴᠢᠶ᠎ᠠ︶ | 6. ᠵᠡᠪᠰᠡᠭ ᠲᠣᠨᠣᠭᠯᠠᠯ ᠦᠢᠯᠡᠳᠬᠦ᠃ ᠰᠠᠯᠬᠢᠨ ᠬᠦᠴᠦᠨ ᠤ ᠴᠠᠬᠢᠯᠭᠠᠨ ᠤ ᠪᠦᠬᠦᠯᠢ ᠮᠠᠰᠢᠨ ᠤ ᠦᠢᠯᠡᠳᠬᠦ | ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠴᠠᠬᠢᠯᠭᠠᠨ ᠭᠠᠷᠭᠠᠬᠤ ᠮᠠᠰᠢᠨ᠂ ᠠᠷᠠᠭᠠᠲᠤ ᠬᠦᠷᠳᠦᠨ ᠬᠠᠶᠢᠷᠴᠠᠭ᠂ | ᠬᠤᠯᠬᠤᠪᠴᠢ᠂ ᠡᠵᠡᠮᠳᠡᠬᠦ ᠰᠢᠰᠲ᠋ᠧᠮ ᠵᠡᠷᠭᠡ ᠭᠤᠣᠯ ᠢᠵᠢ ᠪᠦᠷᠢᠳᠦᠭᠦᠯᠬᠦ ᠰᠡᠯᠪᠢᠭ ᠲᠣᠨᠤᠭ ᠢ ᠭᠤᠣᠯᠳᠠᠯᠭ᠎ᠠ ᠲᠠᠢ | ᠬᠥᠭᠵᠢᠭᠦᠯᠦᠨ᠂ ᠰᠡᠯᠪᠢᠭ ᠲᠣᠨᠤᠭ ᠤᠨ ᠢᠵᠢ ᠪᠦᠷᠢᠳᠦᠭᠦᠯᠬᠦ ᠴᠢᠳᠠᠪᠤᠷᠢ ᠶᠢ ᠳᠡᠭᠡᠭᠰᠢᠯᠡᠭᠦᠯᠵᠦ᠂ ︽ᠰᠠᠯᠬᠢᠨ | ᠬᠦᠴᠦᠨ ᠤ ᠮᠠᠰᠢᠨ ᠦᠢᠯᠡᠳᠬᠦ ︱ ᠢᠵᠢ ᠪᠦᠷᠢᠳᠦᠭᠦᠯᠬᠦ ᠰᠡᠯᠪᠢᠭ ᠲᠣᠨᠤᠭ ︱ ᠲᠥᠬᠦᠭᠡᠷᠦᠮᠵᠢ ᠶᠢ ᠰᠡᠯᠪᠢᠨ | ᠵᠠᠰᠠᠬᠤ ︱ ᠰᠠᠯᠬᠢᠨ ᠬᠦᠴᠦᠨ ᠤ ᠴᠠᠬᠢᠯᠭᠠᠨ ᠤ ᠰᠠᠭᠤᠷᠢᠨ ᠭᠠᠵᠠᠷ︾ ᠤᠨ ᠠᠵᠤ ᠦᠢᠯᠡᠰ ᠤᠨ ᠬᠡᠯᠬᠢᠶ᠎ᠡ ᠶᠢ ᠪᠣᠶ | ᠪᠣᠯᠭᠠᠨ᠎ᠠ᠃ ᠬᠡᠷᠡᠯ ᠴᠡᠨᠡᠭ ᠤᠨ ᠴᠠᠬᠢᠯᠭᠠᠨ ᠥᠷᠲᠡᠭᠡ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ | ᠱᠠᠭᠠᠷᠳᠠᠯᠭ᠎ᠠ ᠶᠢ ᠬᠠᠩᠭᠠᠬᠤ ᠶᠢᠨ ᠲᠣᠭᠤᠷᠢᠨ ᠳᠤ᠂ ᠳ᠋ᠢᠶᠠᠨ ᡂᠢ ᠶᠢᠨ ᠢᠯᠲᠠᠰᠤ᠂ ᠬᠡᠷᠡᠯ ᠴᠡᠨᠡᠭ ᠤᠨ ᠰᠢᠯ ︵ᠨᠢᠭᠤᠷ | ᠬᠠᠪᠲᠠᠰᠤ᠂ ᠠᠷᠤ ᠬᠠᠪᠲᠠᠰᠤ︶᠂ EVA ᠴᠠᠪᠠᠤᠯᠢᠭ ᠪᠦᠷᠬᠦᠭᠦᠯ᠂ ᠰᠥᠷᠬᠦ ᠬᠤᠪᠢᠷᠠᠭᠠᠭᠤᠷ ᠪᠠ ᠰᠠᠯᠬᠢ ᠭᠡᠷᠡᠯ ᠤᠨ | ᠬᠠᠷᠢᠯᠴᠠᠨ ᠨᠥᠬᠦᠪᠦᠷᠢᠯᠡᠬᠦ ᠲᠥᠬᠦᠭᠡᠷᠦᠮᠵᠢ ᠶᠢ ᠦᠢᠯᠡᠳᠬᠦ ᠲᠥᠷᠥᠯ ᠵᠦᠢᠯ ᠢ ᠣᠷᠣᠭᠤᠯᠤᠨ ᠠᠪᠴᠢᠷᠠᠵᠤ᠂ ︽ᠳ᠋ᠢᠶᠠᠨ | ᡂᠢ ᠶᠢᠨ ᠲᠣᠨᠣᠭᠯᠠᠭᠠᠰᠤ ︱ ᠬᠡᠷᠡᠯ ᠴᠡᠨᠡᠭ ᠤᠨ ᠴᠠᠬᠢᠯᠭᠠᠨ ᠥᠷᠲᠡᠭᠡ︾ ᠶᠢᠨ ᠠᠵᠤ ᠦᠢᠯᠡᠰ ᠤᠨ ᠬᠡᠯᠬᠢᠶ᠎ᠡ ᠶᠢ | ᠪᠦᠷᠢᠯᠳᠦᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ | ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︶ | ︵ᠬᠤᠶᠠᠷ︶ ᠬᠦᠷᠢᠶᠡᠯᠡᠩ ᠲᠣᠭᠤᠷᠢᠭ ᠤᠨ ᠣᠷᠴᠢᠯ ᠬᠥᠭᠵᠢᠯᠲᠡ ᠶᠢ ᠶᠡᠬᠡᠪᠡᠷ ᠲᠦᠯᠬᠢᠨ ᠠᠬᠢᠭᠤᠯᠤᠨ᠎ᠠ | 1. ᠬᠦᠷᠢᠶᠡᠯᠡᠩ ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ᠬᠦᠷᠢᠶᠡᠯᠡᠩ | ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢᠨ ᠲᠥᠰᠥᠯ ᠢ ᠨᠠᠶᠢᠷᠠᠭᠤᠯᠤᠨ ᠵᠣᠬᠢᠶᠠᠬᠤ ᠠᠵᠢᠯ ᠢ | ᠲᠦᠷᠭᠡᠳᠬᠡᠵᠦ᠂ ᠤᠷᠴᠢᠯᠵᠢᠭᠤᠯᠬᠤ ᠥᠭᠡᠷᠡᠴᠢᠯᠡᠯᠲᠡ ᠶᠢ ᠪᠦᠬᠦ ᠬᠦᠴᠦᠨ ᠢᠶᠠᠷ ᠠᠬᠢᠭᠤᠯᠵᠤ᠂ ᠬᠥᠨᠳᠡᠯᠡᠨ ᠢᠶᠠᠷ | ᠡᠪᠰᠡᠭᠦᠯᠦᠭᠰᠡᠨ᠂ ᠭᠤᠯᠳᠤ ᠪᠠᠷ ᠤᠷᠲᠤᠳᠬᠠᠭᠰᠠᠨ᠂ ᠡᠷᠭᠢᠯᠳᠦᠭᠦᠯᠦᠨ ᠬᠤᠯᠪᠣᠭᠰᠠᠨ ᠬᠦᠷᠢᠶᠡᠯᠡᠩ ᠲᠣᠭᠤᠷᠢᠭ ᠤᠨ | ᠣᠷᠴᠢᠯ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠠᠵᠤ | ᠠᠬᠤᠶᠢᠯᠠᠯ ᠤᠨ ᠬᠤᠭᠤᠷᠣᠨᠳᠤ ᠪᠠᠨ ᠲᠦᠭᠦᠬᠡᠢ ᠮᠠᠲ᠋ᠧᠷᠢᠶᠠᠯ ᠢ ᠬᠠᠷᠢᠯᠴᠠᠨ ᠬᠠᠩᠭᠠᠬᠤ᠂ ᠡᠬᠢ ᠪᠠᠶᠠᠯᠢᠭ ᠢ ᠬᠠᠮᠲᠤᠪᠠᠷ | ᠡᠳ᠋ᠯᠡᠬᠦ ᠶᠢ ᠨᠢᠭᠡ ᠴᠣᠭᠴᠠᠵᠢᠭᠤᠯᠤᠭᠰᠠᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ᠂ ᠬᠦᠷᠢᠶᠡᠯᠡᠩ | ᠲᠣᠭᠤᠷᠢᠭ ᠤᠨ ᠡᠨᠧᠷᠭᠢ ᠶᠢ ᠱᠠᠲᠤᠯᠠᠨ ᠠᠰᠢᠭᠯᠠᠬᠤ᠂ ᠤᠰᠤᠨ ᠤ ᠡᠬᠢ ᠪᠠᠶᠠᠯᠢᠭ ᠢ ᠡᠷᠭᠢᠯᠳᠦᠭᠦᠯᠦᠨ ᠠᠰᠢᠭᠯᠠᠬᠤ᠂ | ᠬᠠᠶᠠᠭᠳᠠᠮᠠᠯ ᠪᠣᠳᠠᠰ ᠢ ᠰᠣᠯᠢᠯᠴᠠᠨ ᠠᠰᠢᠭᠯᠠᠬᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ᠂ | ᠦᠯᠡᠳᠡᠪᠦᠷᠢ ᠢᠯᠴᠢ ᠦᠯᠡᠳᠡᠪᠦᠷᠢ ᠳᠠᠷᠤᠯᠲᠠ ᠬᠠᠶᠠᠭᠳᠠᠮᠠᠯ ᠢᠯᠴᠢ ᠶᠢᠨ ᠡᠬᠢ ᠪᠠᠶᠠᠯᠢᠭ ᠢ ᠡᠭᠡᠭᠦᠯᠦᠨ ᠬᠤᠷᠢᠶᠠᠵᠤ | ᠠᠰᠢᠭᠯᠠᠬᠤ ᠶᠢ ᠠᠬᠢᠭᠤᠯᠤᠨ᠎ᠠ᠃ ᠦᠢᠯᠡᠳᠪᠦᠷᠢᠯᠡᠯ ᠤᠨ ᠰᠢᠰᠲ᠋ᠧᠮ ᠬᠢᠭᠡᠳ ᠠᠮᠢᠳᠤᠷᠠᠯ ᠤᠨ ᠰᠢᠰᠲ᠋ᠧᠮ ᠤᠨ ᠡᠬᠢ | ᠪᠠᠶᠠᠯᠢᠭ ᠢ ᠣᠷᠴᠢᠯᠳᠤᠭᠤᠯᠤᠨ ᠬᠤᠯᠪᠣᠬᠤ ᠶᠢ ᠠᠬᠢᠭᠤᠯᠵᠤ᠂ ᠦᠢᠯᠡᠳᠪᠦᠷᠢᠯᠡᠯ ᠤᠨ ᠦᠯᠡᠳᠡᠪᠦᠷᠢ ᠢᠯᠴᠢ᠂ | ᠦᠯᠡᠳᠡᠪᠦᠷᠢ ᠡᠨᠧᠷᠭᠢ ᠶᠢ ᠠᠮᠢᠳᠤᠷᠠᠯ ᠤᠨ ᠰᠢᠰᠲ᠋ᠧᠮ ᠳᠤ ᠣᠷᠴᠢᠯᠳᠤᠭᠤᠯᠤᠨ ᠠᠰᠢᠭᠯᠠᠬᠤ ᠶᠢ ᠲᠦᠯᠬᠢᠨ ᠠᠬᠢᠭᠤᠯᠵᠤ | ᠂ ᠬᠤᠳᠠ ᠶᠢᠨ ᠪᠣᠬᠢᠷ ᠤᠰᠤ ᠶᠢ ᠰᠢᠢᠳᠪᠦᠷᠢᠯᠡᠭᠰᠡᠨ ᠤ ᠳᠠᠷᠠᠭᠠᠬᠢ ᠳᠠᠬᠢᠯᠲᠠ ᠤᠰᠤ ᠶᠢ ᠬᠤᠳᠠ ᠶᠢᠨ ᠠᠮᠢ | ᠠᠬᠤᠢ ᠶᠢᠨ ᠤᠰᠤ ᠨᠥᠬᠦᠪᠦᠷᠢᠯᠡᠬᠦ ᠪᠠ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠰᠢᠰᠲ᠋ᠧᠮ ᠳᠤ | ᠣᠷᠴᠢᠯᠳᠤᠭᠤᠯᠤᠨ ᠬᠡᠷᠡᠭᠯᠡᠬᠦ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ 2025 ᠣᠨ ᠪᠣᠯᠬᠤ ᠳᠤ᠂ ᠴᠠᠬᠠᠷ | ᠨᠡᠭᠡᠭᠡᠯᠲᠡ ᠶᠢᠨ ᠲᠣᠭᠤᠷᠢᠭ᠂ ᠪᠡᠭᠡᠵᠢᠩ ᠥᠪᠥᠷ ᠮᠣᠩᠭᠤᠯ ᠤᠨ ᠨᠡᠭᠡᠭᠡᠯᠲᠡ ᠶᠢᠨ ᠲᠣᠭᠤᠷᠢᠭ ᠪᠣᠯᠣᠨ ᠹᠸᠡᠭᠴᠤᠸᠠᠨ ᠤ | ᠨᠡᠭᠡᠭᠡᠯᠲᠡ ᠶᠢᠨ ᠲᠣᠭᠤᠷᠢᠭ ᠤᠨ ᠤᠷᠴᠢᠯᠵᠢᠭᠤᠯᠬᠤ ᠥᠭᠡᠷᠡᠴᠢᠯᠡᠯᠲᠡ ᠶᠢ ᠪᠥᠬᠦᠨ ᠢ ᠪᠡᠶᠡᠯᠡᠭᠦᠯᠬᠦ ᠶᠢ ᠴᠢᠷᠮᠠᠶᠢᠨ | ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ | ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ | ᠬᠠᠷᠢᠭᠤᠴᠠᠨ᠎ᠠ︶ | 2. ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ ᠪᠠᠶᠢᠭᠤᠯᠤᠨ᠎ᠠ᠃ ᠪᠣᠬᠢᠷᠲᠤᠯ ᠦᠭᠡᠢ ᠬᠦᠷᠢᠶᠡᠯᠡᠩ | ᠲᠣᠭᠤᠷᠢᠭ ᠢ ᠡᠭᠦᠳᠦᠨ ᠪᠠᠶᠢᠭᠤᠯᠬᠤ ᠵᠢᠱᠢᠶ᠎ᠡ ᠦᠵᠡᠭᠦᠯᠬᠦ ᠶᠢ ᠦᠷᠭᠦᠯᠵᠢᠯᠡᠨ ᠬᠡᠷᠡᠭᠵᠢᠭᠦᠯᠵᠦ᠂ ᠪᠥᠬᠦ ᠬᠤᠲᠠ ᠶᠢᠨ | ᠨᠥᠬᠦᠴᠡᠯ ᠲᠠᠢ ᠡᠯ᠎ᠡ ᠲᠥᠷᠥᠯ ᠤᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠬᠦᠷᠢᠶᠡᠯᠡᠩ ᠲᠣᠭᠤᠷᠢᠭ ᠢ | ᠢᠳᠡᠪᠬᠢᠲᠡᠢ ᠪᠠᠷ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ ᠬᠦᠷᠢᠶᠡᠯᠡᠩ ᠲᠣᠭᠤᠷᠢᠭ ᠤᠨ ᠲᠥᠯᠦᠪᠵᠢᠭᠦᠯᠭᠡ᠂ | ᠣᠷᠣᠨ ᠵᠠᠢ ᠶᠢᠨ ᠪᠠᠶᠢᠷᠢᠰᠢᠭᠤᠯᠤᠯᠲᠠ᠂ ᠠᠵᠤ ᠦᠢᠯᠡᠰ ᠤᠨ ᠬᠡᠯᠬᠢᠶ᠎ᠡ ᠶᠢᠨ ᠵᠢᠷᠤᠭ ᠲᠥᠯᠥᠪᠯᠡᠭᠡ᠂ ᠡᠨᠧᠷᠭᠢ ᠶᠢᠨ | ᠠᠰᠢᠭᠯᠠᠯᠲᠠ᠂ ᠡᠬᠢ ᠪᠠᠶᠠᠯᠢᠭ ᠤᠨ ᠠᠰᠢᠭᠯᠠᠯᠲᠠ᠂ ᠰᠠᠭᠤᠷᠢ ᠪᠡᠯᠡᠳᠬᠡᠮᠵᠢ᠂ ᠠᠮᠢ ᠠᠬᠤᠢ ᠣᠷᠴᠢᠨ ᠲᠣᠭᠤᠷᠢᠨ᠂ | ᠠᠵᠢᠯᠯᠠᠭᠠᠨ ᠤ ᠬᠠᠮᠢᠶᠠᠷᠤᠯᠲᠠ ᠵᠡᠷᠭᠡ ᠲᠠᠯ᠎ᠠ ᠪᠠᠷ ᠡᠬᠢ ᠪᠠᠶᠠᠯᠢᠭ ᠢ ᠠᠷᠪᠢᠯᠠᠬᠤ ᠪᠠ ᠣᠷᠴᠢᠨ ᠲᠣᠭᠤᠷᠢᠨ ᠳᠤ | ᠨᠥᠬᠦᠷᠰᠡᠭ ᠪᠠᠶᠢᠬᠤ ᠣᠨᠣᠯᠵᠢᠬᠤᠨ ᠢ ᠲᠤᠭᠤᠰᠢᠯᠠᠭᠤᠯᠵᠤ᠂ ᠬᠦᠷᠢᠶᠡᠯᠡᠩ ᠲᠣᠭᠤᠷᠢᠭ ᠤᠨ ᠶᠡᠷᠦᠩᠬᠡᠶᠢᠯᠡᠭᠰᠡᠨ | ᠡᠨᠧᠷᠭᠢ ᠶᠢᠨ ᠡᠬᠢ ᠪᠠᠶᠠᠯᠢᠭ ᠢ ᠨᠢᠭᠡ ᠴᠣᠭᠴᠠᠵᠢᠭᠤᠯᠤᠨ ᠰᠢᠢᠳᠪᠦᠷᠢᠯᠡᠬᠦ ᠲᠥᠰᠥᠯ ᠢ ᠬᠡᠷᠡᠭᠵᠢᠭᠦᠯᠵᠦ᠂ ᠬᠦᠷᠢᠶᠡᠯᠡᠩ | ᠲᠣᠭᠤᠷᠢᠭ ᠤᠨ ᠰᠠᠭᠤᠷᠢ ᠪᠡᠯᠡᠳᠬᠡᠮᠵᠢ ᠶᠢ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ ᠠᠬᠢᠭᠤᠯᠤᠨ᠎ᠠ᠃ | ᠬᠦᠷᠢᠶᠡᠯᠡᠩ ᠲᠣᠭᠤᠷᠢᠭ ᠤᠨ ᠳᠣᠲᠣᠷᠠᠬᠢ ᠠᠵᠤ ᠦᠢᠯᠡᠰ ᠤᠨ ᠪᠣᠬᠢᠷᠲᠤᠯ ᠦᠭᠡᠢ ᠬᠡᠯᠬᠢᠶᠡᠰᠦ ᠶᠢ ᠲᠠᠰᠤᠷᠠᠯᠲᠠ ᠦᠭᠡᠢ | ᠨᠥᠬᠦᠪᠦᠷᠢᠯᠡᠨ ᠲᠡᠭᠦᠯᠳᠡᠷᠵᠢᠭᠦᠯᠵᠦ᠂ ᠬᠦᠷᠢᠶᠡᠯᠡᠩ ᠲᠣᠭᠤᠷᠢᠭ ᠤᠨ ᠮᠡᠳᠡᠭᠡ ᠵᠠᠩᠭᠢ᠂ ᠮᠡᠷᠭᠡᠵᠢᠯ ᠤᠨ | ᠦᠢᠯᠡᠴᠢᠯᠡᠭᠡᠨ ᠤ ᠲᠠᠪᠴᠠᠩ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠬᠦᠷᠢᠶᠡᠯᠡᠩ ᠲᠣᠭᠤᠷᠢᠭ ᠤᠨ | ᠳᠣᠲᠣᠷᠠᠬᠢ ᠠᠵᠤ ᠠᠬᠤᠶᠢᠯᠠᠯ ᠤᠨ ᠪᠣᠬᠢᠷᠲᠤᠯ ᠦᠭᠡᠢ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ᠂ ᠭᠤᠣᠯᠯᠠᠬᠤ ᠠᠵᠤ | ᠦᠢᠯᠡᠰ ᠤᠨ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠬᠤ᠂ ᠬᠥᠲᠥᠴᠢ ᠠᠵᠤ ᠠᠬᠤᠶᠢᠯᠠᠯ ᠤᠨ | ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶᠡᠰᠦ ᠶᠢ ᠪᠦᠲᠦᠭᠡᠨ ᠪᠠᠶᠢᠭᠤᠯᠬᠤ ᠶᠢ ᠠᠬᠢᠭᠤᠯᠵᠤ᠂ ᠬᠦᠷᠢᠶᠡᠯᠡᠩ | ᠲᠣᠭᠤᠷᠢᠭ ᠤᠨ ᠪᠦᠬᠦᠯᠢ ᠴᠣᠭᠴᠠ ᠶᠢᠨ ᠪᠣᠬᠢᠷᠲᠤᠯ ᠦᠭᠡᠢ ᠬᠥᠭᠵᠢᠯᠲᠡ ᠶᠢ ᠪᠡᠶᠡᠯᠡᠭᠦᠯᠦᠨ᠎ᠡ᠃ ︵ᠲᠦᠷᠦᠭᠦᠯᠡᠬᠦ | ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠭᠤᠷᠪᠠ︶ ᠠᠵᠤ ᠠᠬᠤᠶᠢᠯᠠᠯ ᠤᠨ ᠪᠣᠬᠢᠷᠲᠤᠯ ᠦᠭᠡᠢ ᠦᠢᠯᠡᠳᠪᠦᠷᠢᠯᠡᠯ ᠢ ᠪᠥᠬᠦ ᠲᠠᠯ᠎ᠠ ᠪᠠᠷ ᠠᠬᠢᠭᠤᠯᠤᠨ᠎ᠠ | ᠠᠵᠤ ᠠᠬᠤᠶᠢᠯᠠᠯ ᠤᠨ ᠪᠣᠬᠢᠷᠲᠤᠯ ᠦᠭᠡᠢ ᠦᠢᠯᠡᠳᠪᠦᠷᠢ ᠡᠭᠦᠳᠦᠨ ᠪᠠᠶᠢᠭᠤᠯᠬᠤ ᠶᠢ ᠵᠣᠷᠢᠭᠵᠢᠭᠤᠯᠤᠨ᠎ᠠ᠃ | ᠭᠠᠵᠠᠷ ᠬᠡᠷᠡᠭᠯᠡᠬᠦ ᠶᠢ ᠡᠷᠴᠢᠮᠵᠢᠭᠦᠯᠬᠦ᠂ ᠦᠢᠯᠡᠳᠪᠦᠷᠢᠯᠡᠯ ᠢ ᠴᠡᠪᠡᠷᠵᠢᠭᠦᠯᠬᠦ᠂ ᠬᠠᠶᠠᠭᠳᠠᠮᠠᠯ ᠪᠣᠳᠠᠰ ᠢ ᠡᠬᠢ | ᠪᠠᠶᠠᠯᠢᠭᠵᠢᠭᠤᠯᠬᠤ᠂ ᠡᠨᠧᠷᠭᠢ ᠶᠢ ᠨᠡᠭᠦᠷᠡᠰᠦᠲᠥ᠋ᠷᠥᠭᠴᠢ ᠪᠠᠭ᠎ᠠ ᠪᠣᠯᠭᠠᠬᠤ ᠵᠠᠷᠴᠢᠮ ᠶᠣᠰᠣᠭᠠᠷ᠂ ᠴᠠᠬᠢᠯᠭᠠᠨ ᠬᠦᠴᠦᠨ᠂ | ᠨᠡᠭᠦᠷᠡᠰᠦ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠬᠠᠶᠢᠯᠤᠭᠤᠯᠬᠤ᠂ ᠪᠠᠷᠢᠯᠭ᠎ᠠ ᠶᠢᠨ ᠮᠠᠲ᠋ᠧᠷᠢᠶᠠᠯ᠂ ᠲᠣᠨᠤᠭ | ᠲᠥᠬᠦᠭᠡᠷᠦᠮᠵᠢ ᠦᠢᠯᠡᠳᠬᠦ᠂ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠡᠳ᠋ᠰᠢᠭᠦᠯᠬᠦ᠂ ᠡᠮ | ᠡᠮᠨᠡᠯᠭᠡ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ | ᠠᠵᠢᠯ ᠲᠥᠷᠥᠯ ᠳᠤ ᠨᠢᠭᠡ ᠪᠦᠯᠦᠭ ᠠᠵᠢᠯ ᠤᠨ ᠰᠠᠭᠤᠷᠢ ᠪᠠᠷ ᠰᠠᠶᠢᠨ᠂ ᠲᠥᠯᠥᠭᠡᠯᠡᠬᠦ ᠴᠢᠨᠠᠷ ᠢᠶᠠᠷ ᠴᠢᠩᠭ᠎ᠠ ᠠᠵᠤ | ᠠᠬᠤᠶᠢᠯᠠᠯ ᠢ ᠰᠣᠩᠭᠤᠵᠤ ᠪᠣᠬᠢᠷᠲᠤᠯ ᠦᠭᠡᠢ ᠦᠢᠯᠡᠳᠪᠦᠷᠢ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠨ᠎ᠡ᠃ | ᠠᠵᠤ ᠠᠬᠤᠶᠢᠯᠠᠯ ᠤᠨ ᠲᠡᠷᠢᠭᠦᠨ ᠤ ᠪᠥᠭᠡᠳ ᠬᠡᠷᠡᠭᠯᠡᠭᠡᠨ ᠤ ᠠᠷᠢᠭᠤᠨ ᠴᠡᠪᠡᠷ ᠦᠢᠯᠡᠳᠪᠦᠷᠢᠯᠡᠯ ᠤᠨ ᠤᠷᠠᠯᠠᠯ ᠤᠨ | ᠮᠡᠷᠭᠡᠵᠢᠯ ᠪᠠ ᠲᠣᠨᠣᠭᠯᠠᠯ ᠢ ᠬᠡᠷᠡᠭᠯᠡᠬᠦ ᠶᠢ ᠵᠣᠷᠢᠭᠵᠢᠭᠤᠯᠵᠤ᠂ ᠡᠬᠢ ᠪᠠᠶᠠᠯᠢᠭ ᠢ ᠠᠰᠢᠭᠯᠠᠬᠤ ᠦᠷ᠎ᠡ ᠪᠦᠲᠦᠮᠵᠢ ᠶᠢ | ᠳᠡᠭᠡᠭᠰᠢᠯᠡᠭᠦᠯᠦᠨ᠎ᠡ︔ ᠠᠵᠤ ᠠᠬᠤᠶᠢᠯᠠᠯ ᠤᠨ ᠡᠨᠧᠷᠭᠢ ᠶᠢᠨ ᠠᠰᠢᠭᠯᠠᠯᠲᠠ ᠶᠢᠨ ᠪᠦᠲᠦᠴᠡ ᠪᠠᠨ ᠰᠢᠯᠢᠳᠡᠭᠵᠢᠭᠦᠯᠬᠦ ᠶᠢ | ᠵᠣᠷᠢᠭᠵᠢᠭᠤᠯᠵᠤ᠂ ᠡᠨᠧᠷᠭᠢ ᠶᠢᠨ ᠬᠠᠮᠢᠶᠠᠷᠤᠯᠲᠠ ᠶᠢ ᠴᠢᠩᠭᠠᠳᠬᠠᠨ᠂ ᠭᠠᠵᠠᠷ ᠣᠷᠣᠨ ᠤ ᠪᠠᠶᠢᠳᠠᠯ ᠳᠤᠨᠢ | ᠲᠣᠬᠢᠷᠠᠭᠤᠯᠤᠨ ᠰᠠᠯᠬᠢᠨ ᠡᠨᠧᠷᠭᠢ᠂ ᠨᠡᠷᠡᠨ ᠡᠨᠧᠷᠭᠢ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢ ᠤᠷᠢᠳᠠᠪᠠᠷ | ᠬᠡᠷᠡᠭᠯᠡᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠳᠥᠷᠪᠡ︶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠪᠠ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ | ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ | ᠠᠵᠤ ᠦᠢᠯᠡᠳᠪᠦᠷᠢ ᠶᠢᠨ ᠪᠣᠬᠢᠷᠲᠤᠯ ᠦᠭᠡᠢ ᠪᠠᠷ ᠬᠡᠯᠪᠡᠷᠢ ᠪᠠᠨ ᠬᠤᠪᠢᠷᠠᠭᠤᠯᠬᠤ ᠪᠠᠷ ᠤᠳᠤᠷᠢᠳᠤᠮᠵᠢ ᠪᠣᠯᠭᠠᠵᠤ᠂ | ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢ | ᠣᠷᠣᠯᠠᠭᠤᠯᠬᠤ ᠠᠵᠢᠯᠯᠠᠭ᠎ᠠ ᠶᠢ ᠬᠡᠷᠡᠭᠵᠢᠭᠦᠯᠵᠦ᠂ ᠰᠠᠭᠤᠷᠢ ᠪᠡᠯᠡᠳᠬᠡᠮᠵᠢ ᠨᠢ ᠪᠦᠷᠢᠨ ᠲᠡᠭᠦᠯᠳᠡᠷ᠂ ᠴᠠᠬᠢᠯᠭᠠᠨ | ᠬᠡᠷᠡᠭᠯᠡᠬᠦ ᠳᠠᠭᠠᠭᠠᠴᠠ ᠨᠢ ᠨᠡᠯᠢᠶᠡᠳ ᠶᠡᠭᠡ᠂ ᠪᠡᠶ᠎ᠡ ᠪᠠᠨ ᠳᠠᠭᠠᠭᠠᠵᠤ ᠣᠷᠭᠢᠯ ᠦᠶ᠎ᠡ ᠶᠢ ᠲᠣᠬᠢᠷᠠᠭᠤᠯᠬᠤ | ᠴᠢᠳᠠᠪᠤᠷᠢ ᠪᠠᠷ ᠨᠡᠯᠢᠶᠡᠳ ᠴᠢᠩᠭ᠎ᠠ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠢ ᠰᠣᠩᠭᠤᠨ | ᠨᠡᠭᠦᠷᠡᠰᠦᠲᠥ᠋ᠷᠥᠭᠴᠢ ᠪᠠᠭ᠎ᠠ᠂ ᠨᠡᠭᠦᠷᠡᠰᠦᠲᠥ᠋ᠷᠥᠭᠴᠢ ᠦᠭᠡᠢ ᠪᠦᠲᠦᠭᠡᠨ ᠪᠠᠶᠢᠭᠤᠯᠤᠯᠲᠠ ᠶᠢ ᠥᠷᠨᠢᠭᠦᠯᠦᠨ᠎ᠡ᠃ | ᠨᠥᠬᠦᠴᠡᠯ ᠪᠦᠷᠢᠯᠳᠦᠭᠦᠯᠦᠭᠰᠡᠨ ᠰᠢᠨ᠎ᠡ ᠪᠠᠷ ᠨᠡᠮᠡᠭᠳᠡᠭᠰᠡᠨ ᠳᠠᠭᠠᠭᠠᠴᠠ ᠶᠢᠨ ᠲᠥᠷᠥᠯ ᠵᠦᠢᠯ ᠳᠤ ᠨᠡᠭᠦᠷᠡᠰᠦᠲᠥ᠋ᠷᠥᠭᠴᠢ | ᠪᠠᠭ᠎ᠠ ᠭᠠᠳᠠᠭᠰᠢᠯᠠᠭᠤᠯᠬᠤ ᠪᠠ ᠨᠡᠭᠦᠷᠡᠰᠦᠲᠥ᠋ᠷᠥᠭᠴᠢ ᠦᠭᠡᠢ ᠬᠡᠷᠡᠭᠯᠡᠬᠦ ᠶᠢ ᠵᠣᠷᠢᠭᠵᠢᠭᠤᠯᠤᠨ᠎ᠠ᠃ ᠠᠵᠤ | ᠠᠬᠤᠶᠢᠯᠠᠯ ᠤᠨ ᠣᠲᠣ ᠶᠢᠨ ᠪᠠᠶᠢᠭ᠎ᠠ ᠭᠠᠵᠠᠷ ᠰᠢᠷᠣᠢ᠂ ᠭᠡᠷ ᠤᠨ ᠣᠷᠣᠢ ᠶᠢᠨ ᠬᠡᠷᠡᠯ ᠤᠨ ᠡᠨᠧᠷᠭᠢ ᠶᠢ ᠠᠰᠢᠭᠯᠠᠨ | ᠲᠠᠷᠬᠠᠮᠠᠯ ᠮᠠᠶ᠋ᠢᠭ ᠤᠨ ᠰᠢᠨ᠎ᠡ ᠡᠨᠧᠷᠭᠢ ᠶᠢᠨ ᠲᠥᠷᠥᠯ ᠵᠦᠢᠯ ᠢ ᠪᠦᠲᠦᠭᠡᠨ ᠪᠠᠶᠢᠭᠤᠯᠬᠤ ᠶᠢ ᠳᠡᠮᠵᠢᠵᠦ᠂ | ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠪᠠ ᠹᠧᠩᠴᠤᠸᠠᠨ ᠤ ᠣᠷᠴᠢᠯ ᠠᠵᠤ ᠠᠬᠤᠢ ᠶᠢᠨ | ᠨᠡᠭᠡᠭᠡᠯᠲᠡ ᠶᠢᠨ ᠲᠣᠭᠤᠷᠢᠭ ᠤᠨ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠪᠠᠷ ᠲᠦᠯᠬᠢᠨ ᠠᠬᠢᠭᠤᠯᠵᠤ᠂ ᠱᠠᠩᠳᠤ ᠨᠡᠭᠦᠷᠡᠰᠦᠲᠥ᠋ᠷᠥᠭᠴᠢ ᠦᠭᠡᠢ | ᠬᠦᠷᠢᠶᠡᠯᠡᠩ ᠲᠣᠭᠤᠷᠢᠭ ᠢ ᠲᠥᠯᠥᠪᠵᠢᠭᠦᠯᠦᠨ ᠪᠦᠲᠦᠭᠡᠨ ᠪᠠᠶᠢᠭᠤᠯᠤᠨ᠎ᠠ᠃ ᠲᠤᠷᠰᠢᠯᠲᠠ ᠶᠢᠨ ᠴᠡᠭ ᠤᠨ ᠬᠦᠷᠢᠶᠡᠯᠡᠩ | ᠲᠣᠭᠤᠷᠢᠭ ᠤᠨ ᠰᠠᠭᠤᠷᠢᠨ ᠳᠡᠭᠡᠷ᠎ᠡ ᠱᠠᠲᠤᠯᠠᠨ ᠠᠬᠢᠭᠤᠯᠵᠤ᠂ ᠠᠯᠬᠤᠮ ᠬᠤᠪᠢᠶᠠᠨ ᠬᠡᠷᠡᠭᠵᠢᠭᠦᠯᠵᠦ᠂ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠨᠡᠭᠦᠷᠡᠰᠦᠲᠥ᠋ᠷᠥᠭᠴᠢ ᠦᠭᠡᠢ ᠬᠦᠷᠢᠶᠡᠯᠡᠩ ᠲᠣᠭᠤᠷᠢᠭ ᠤᠨ | ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠤᠨ᠎ᠠ᠃ ᠳᠠᠭᠠᠭᠠᠴᠠ ᠶᠢᠨ ᠲᠥᠷᠥᠯ ᠵᠦᠢᠯ ᠢ ᠰᠢᠨ᠎ᠡ ᠪᠠᠷ | ᠨᠡᠮᠡᠭᠳᠡᠭᠦᠯᠬᠦ ᠵᠠᠷᠴᠢᠮ ᠢ ᠰᠢᠨ᠎ᠡ ᠡᠨᠧᠷᠭᠢ ᠶᠢᠨ ᠰᠤᠷᠪᠤᠯᠵᠢ ᠲᠠᠢ ᠤᠶᠠᠯᠳᠤᠭᠤᠯᠵᠤ᠂ ᠪᠣᠬᠢᠷᠳᠤᠯ ᠦᠭᠡᠢ ᠴᠠᠬᠢᠯᠭᠠᠨ ᠢ | ᠥᠨᠳᠥᠷ ᠬᠠᠷᠢᠴᠠᠯ ᠲᠠᠢ ᠪᠠᠷ ᠬᠡᠷᠡᠭᠯᠡᠨ᠎ᠡ᠃ ᠲᠣᠮᠣ ᠳ᠋ᠠᠶᠢᠲ᠋ᠠ᠂ ᠲᠡᠮᠦᠷ ᠤᠨ ᠬᠠᠶᠢᠯᠤᠰᠢ᠂ ᠪᠢᠯᠢᠭ ᠲᠤᠶᠢᠯ ᠤᠨ | ᠮᠠᠲ᠋ᠧᠷᠢᠶᠠᠯ ᠵᠡᠷᠭᠡ ᠡᠨᠧᠷᠭᠢ ᠶᠡᠭᠡ ᠠᠴᠢᠶᠠᠯᠠᠬᠤ ᠠᠵᠢᠯ ᠲᠥᠷᠥᠯ ᠤᠨ ᠬᠠᠳᠠᠭᠠᠯᠠᠯᠲᠠ ᠶᠢᠨ ᠳᠠᠭᠠᠭᠠᠴᠠ ᠶᠢᠨ | ᠪᠣᠬᠢᠷᠳᠤᠯ ᠦᠭᠡᠢ ᠴᠠᠬᠢᠯᠭᠠᠨ ᠤ ᠣᠷᠤᠯᠠᠭᠤᠯᠤᠯᠲᠠ ᠶᠢ ᠢᠳᠡᠪᠬᠢᠲᠡᠢ ᠪᠠᠷ ᠠᠬᠢᠭᠤᠯᠤᠨ᠎ᠠ᠃ ︵ᠲᠦᠷᠦᠭᠦᠯᠡᠬᠦ ᠰᠠᠯᠠᠭ᠎ᠠ | ᠮᠥᠴᠢᠷ᠄ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠬᠤ ᠨᠢᠭᠡᠴᠢ | ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︶ | ︵ᠲᠠᠪᠤ︶ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠯ ᠢ ᠶᠡᠷᠦᠩᠬᠡᠶᠢᠯᠡᠨ ᠠᠰᠢᠭᠯᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ | ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠵᠡᠷᠭᠡ ᠠᠯᠢ ᠤᠯᠠᠨ ᠭᠠᠶᠢᠯᠢ ᠲᠠᠲᠠᠪᠤᠷᠢ ᠶᠢᠨ ᠬᠠᠷᠠᠭᠠᠯᠵᠠᠯᠲᠤ | ᠲᠦᠷᠦ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠦᠢᠯᠡᠳᠪᠦᠷᠢ ᠶᠢᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠨᠡᠯᠡᠯᠲᠡ ᠶᠢ ᠥᠷᠨᠢᠭᠦᠯᠦᠨ᠎ᠡ᠃ ᠪᠣᠬᠢᠷᠲᠤᠯ | ᠦᠭᠡᠢ᠂ ᠥᠨᠳᠥᠷ ᠦᠷ᠎ᠡ ᠠᠰᠢᠭ ᠲᠠᠢ᠂ ᠥᠨᠳᠥᠷ ᠦᠷᠳᠡᠭ ᠲᠠᠢ᠂ ᠳᠣᠣᠷ᠎ᠠ ᠨᠡᠭᠦᠷᠡᠰᠦᠲᠥ᠋ᠷᠥᠭᠴᠢᠲᠦ | ᠠᠰᠢᠭᠯᠠᠯᠲᠠ ᠪᠠᠷ ᠴᠢᠭᠯᠡᠯ ᠪᠣᠯᠭᠠᠨ᠂ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠭᠤᠣᠯᠯᠠᠭᠴᠢ ᠠᠵᠤ ᠠᠬᠤᠶᠢᠯᠠᠯ ᠢ ᠪᠣᠶᠢᠵᠢᠭᠤᠯᠵᠤ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢ | ᠪᠠᠳᠠᠷᠠᠭᠤᠯᠵᠤ᠂ ᠪᠦᠬᠦ ᠬᠤᠳᠠ ᠶᠢᠨ ᠶᠡᠭᠡ ᠬᠡᠮᠵᠢᠶᠡᠨ ᠤ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ | ᠠᠰᠢᠭᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠨᠤᠨᠳᠠᠭ ᠨᠡᠭᠦᠷᠡᠰᠦᠨ ᠤ ᠦᠨᠡᠰᠦ᠂ ᠨᠡᠭᠦᠷᠡᠰᠦᠨ ᠴᠢᠯᠠᠭᠤ᠂ | ᠲᠡᠮᠦᠷᠯᠢᠭ ᠬᠠᠶᠢᠯᠤᠭᠤᠯᠤᠭᠰᠠᠨ ᠰᠢᠭᠠᠷᠤ᠂ ᠵᠤᠭᠠᠩ᠂ ᠬᠢᠮᠢ ᠶᠢᠨ ᠠᠵᠤ ᠦᠢᠯᠡᠳᠪᠦᠷᠢ ᠶᠢᠨ ᠬᠠᠶᠠᠭᠳᠠᠮᠠᠯ ᠰᠢᠭᠠᠷᠤ | ᠵᠡᠷᠭᠡ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠦᠨᠡᠲᠦ ᠨᠠᠶᠢᠷᠠᠯᠭ᠎ᠠ ᠵᠢᠴᠢ ᠦᠨᠡᠲᠦ | ᠨᠠᠶᠢᠷᠠᠯᠭ᠎ᠠ ᠶᠢ ᠭᠠᠷᠭᠠᠨ ᠠᠪᠤᠭᠰᠠᠨ ᠤ ᠲᠠᠷᠠᠭ᠎ᠠ ᠦᠯᠡᠳᠡᠭᠰᠡᠨ ᠬᠠᠶᠠᠭᠳᠠᠮᠠᠯ ᠰᠢᠭᠠᠷᠤ ᠶᠢ ᠵᠢᠷᠤᠮᠵᠢᠭᠤᠯᠤᠨ ᠠᠰᠢᠭᠯᠠᠬᠤ | ᠪᠠ ᠪᠠᠷᠢᠯᠭ᠎ᠠ ᠶᠢᠨ ᠮᠠᠲ᠋ᠧᠷᠢᠶᠠᠯ ᠤᠨ ᠦᠢᠯᠡᠳᠪᠦᠷᠢᠯᠡᠯ᠂ ᠬᠤᠳᠠ ᠶᠢᠨ ᠶᠠᠪᠤᠳᠠᠯ ᠤᠨ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ᠂ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠤᠳᠳᠤᠭ ᠳᠣᠲᠣᠷ᠎ᠠ ᠳᠦᠭᠦᠷᠭᠡᠬᠦ᠂ ᠠᠮᠢ | ᠠᠬᠤᠢ ᠶᠢ ᠰᠡᠷᠭᠦᠭᠡᠬᠦ᠂ ᠬᠥᠷᠥᠰᠥ ᠰᠢᠷᠣᠢ ᠶᠢ ᠵᠠᠰᠠᠬᠤ ᠵᠡᠷᠭᠡ ᠬᠦᠷᠢᠶᠡᠨ ᠳᠤ ᠬᠡᠪᠴᠢᠶᠡᠵᠢᠭᠦᠯᠦᠨ ᠠᠰᠢᠭᠯᠠᠬᠤ ᠶᠢ | ᠲᠦᠯᠬᠢᠨ ᠠᠬᠢᠭᠤᠯᠤᠨ᠎ᠠ᠃ ᠠᠵᠤ ᠦᠢᠯᠡᠳᠪᠦᠷᠢ ᠶᠢᠨ ᠳᠠᠭᠠᠯᠲᠠ ᠭᠠᠷᠤᠯᠲᠠ ᠶᠢᠨ ᠵᠤᠭᠠᠩ ᠢ ᠥᠨᠳᠥᠷ | ᠥᠷᠲᠡᠭᠵᠢᠭᠦᠯᠦᠨ ᠠᠰᠢᠭᠯᠠᠬᠤ ᠬᠡᠪᠴᠢᠶ᠎ᠡ ᠶᠢ ᠥᠷᠭᠡᠳᠬᠡᠵᠦ᠂ ᠨᠥᠬᠦᠴᠡᠯ ᠳᠤ ᠨᠡᠶᠢᠴᠡᠬᠦ ᠠᠵᠤ ᠦᠢᠯᠡᠳᠪᠦᠷᠢ ᠶᠢᠨ | ᠳᠠᠭᠠᠯᠲᠠ ᠭᠠᠷᠤᠯᠲᠠ ᠶᠢᠨ ᠵᠤᠭᠠᠩ ᠤᠨ ᠪᠦᠲᠦᠭᠡᠭᠳᠡᠬᠦᠨ ᠢ ᠪᠠᠷᠢᠯᠭ᠎ᠠ ᠶᠢᠨ ᠠᠵᠢᠯ᠂ ᠵᠠᠮ ᠬᠠᠷᠢᠯᠴᠠᠭᠠᠨ ᠤ | ᠪᠠᠷᠢᠯᠭ᠎ᠠ ᠳᠤ ᠬᠡᠷᠡᠭᠯᠡᠬᠦ ᠶᠢ ᠵᠣᠷᠢᠭᠵᠢᠭᠤᠯᠤᠨ᠎ᠠ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠠᠵᠤ | ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭᠠᠨ ᠤ | ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢᠶᠠᠷ | ᠬᠠᠷᠢᠭᠤᠴᠠᠨ᠎ᠠ︶ | ︵ᠵᠢᠷᠭᠤᠭ᠎ᠠ︶ ᠠᠵᠤ ᠦᠢᠯᠡᠳᠪᠦᠷᠢ ᠶᠢᠨ ᠪᠣᠬᠢᠷᠲᠤᠯ ᠦᠭᠡᠢ ᠲᠠᠰ ᠳᠡᠪᠰᠢᠬᠦ ᠶᠢ ᠠᠬᠢᠭᠤᠯᠤᠨ᠎ᠠ | 1. ᠠᠵᠤ ᠦᠢᠯᠡᠳᠪᠦᠷᠢ ᠶᠢᠨ ᠠᠵᠢᠯ ᠲᠥᠷᠥᠯ ᠤᠨ ᠪᠣᠬᠢᠷᠲᠤᠯ ᠦᠭᠡᠢ ᠪᠣᠯᠭᠠᠬᠤ ᠥᠭᠡᠷᠡᠴᠢᠯᠡᠯᠲᠡ ᠶᠢ | ᠠᠬᠢᠭᠤᠯᠤᠨ᠎ᠠ᠃ ᠤᠯᠤᠰ ᠤᠨ ᠪᠤᠶᠤ ᠠᠳᠠᠯᠢ ᠠᠵᠢᠯ ᠲᠥᠷᠥᠯ ᠤᠨ ᠲᠡᠷᠢᠭᠦᠨ ᠤ ᠪᠠᠷᠢᠮᠵᠢᠶ᠎ᠠ ᠶᠢ ᠪᠠᠷᠢᠮᠵᠢᠶᠠᠯᠠᠵᠤ᠂ | ᠢᠯᠴᠢ ᠶᠢᠨ ᠴᠠᠬᠢᠯᠭᠠᠨ᠂ ᠪᠣᠯᠣᠳ ᠲᠡᠮᠦᠷ᠂ ᠴᠠᠬᠢᠯᠠᠭᠤᠷ ᠴᠢᠯᠠᠭᠤ᠂ ᠬᠢᠮᠢ ᠶᠢᠨ ᠠᠵᠤ ᠦᠢᠯᠡᠳᠪᠦᠷᠢ᠂ | ᠪᠠᠷᠢᠯᠭ᠎ᠠ ᠶᠢᠨ ᠮᠠᠲ᠋ᠧᠷᠢᠶᠠᠯ ᠵᠡᠷᠭᠡ ᠡᠨᠧᠷᠭᠢ ᠶᠢᠨ ᠬᠤᠷᠣᠭᠳᠠᠭᠤᠯᠤᠯ ᠶᠡᠬᠡᠲᠡᠢ ᠠᠵᠢᠯ ᠲᠥᠷᠥᠯ ᠤᠨ ᠭᠤᠣᠯᠳᠠᠯᠭ᠎ᠠ ᠲᠠᠢ | ᠡᠨᠧᠷᠭᠢ ᠬᠡᠷᠡᠭᠯᠡᠬᠦ ᠠᠵᠤ ᠠᠬᠤᠶᠢᠯᠠᠯ ᠳᠤ ᠭᠤᠣᠯᠳᠠᠯᠭ᠎ᠠ ᠲᠠᠢ ᠡᠨᠧᠷᠭᠢ ᠠᠷᠪᠢᠯᠠᠬᠤ ᠥᠭᠡᠷᠡᠴᠢᠯᠡᠯᠲᠡ ᠶᠢ | ᠬᠡᠷᠡᠭᠵᠢᠭᠦᠯᠦᠨ᠎ᠡ︔ ᠪᠣᠯᠣᠳ ᠲᠡᠮᠦᠷ᠂ ᠲᠡᠮᠦᠷ ᠤᠨ ᠬᠠᠶᠢᠯᠤᠰᠢ᠂ ᠢᠳᠡᠭᠡᠨ ᠪᠣᠯᠪᠠᠰᠤᠷᠠᠭᠤᠯᠬᠤ᠂ ᠠᠮᠢᠳᠤ | ᠪᠣᠳᠠᠰ ᠤᠨ ᠡᠮ ᠦᠢᠯᠡᠳᠬᠦ ᠵᠡᠷᠭᠡ ᠤᠰᠤ ᠶᠡᠭᠡ ᠬᠤᠷᠣᠭᠳᠠᠭᠤᠯᠬᠤ ᠠᠵᠢᠯ ᠲᠦᠷᠦᠯ ᠳᠤ ᠠᠵᠤ ᠦᠢᠯᠡᠳᠪᠦᠷᠢ ᠶᠢᠨ | ᠤᠰᠤ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠨ᠎ᠡ︔ ᠢᠯᠴᠢ ᠶᠢᠨ ᠴᠠᠬᠢᠯᠭᠠᠨ᠂ ᠪᠣᠯᠣᠳ ᠲᠡᠮᠦᠷ᠂ ᠱᠦᠢᠨᠢ | ᠵᠡᠷᠭᠡ ᠪᠣᠬᠢᠷᠲᠤᠯ ᠶᠡᠭᠡ ᠭᠠᠳᠠᠭᠰᠢᠯᠠᠭᠤᠯᠬᠤ ᠠᠵᠢᠯ ᠲᠦᠷᠦᠯ ᠳᠤ ᠭᠡᠳᠤ ᠳᠣᠣᠷ᠎ᠠ ᠭᠠᠳᠠᠭᠰᠢᠯᠠᠭᠤᠯᠬᠤ ᠮᠡᠷᠭᠡᠵᠢᠯ ᠤᠨ | ᠥᠭᠡᠷᠡᠴᠢᠯᠡᠯᠲᠡ ᠶᠢ ᠬᠡᠷᠡᠭᠵᠢᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠠᠷᠢᠭᠤᠨ ᠴᠡᠪᠡᠷ ᠦᠢᠯᠡᠳᠪᠦᠷᠢᠯᠡᠯ ᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠬᠤ ᠶᠢᠨ ᠬᠡᠷᠡᠭᠵᠢᠭᠦᠯᠬᠦ | ᠨᠠᠷᠢᠨ ᠳᠦᠷᠢᠮ︾ ᠢ ᠨᠠᠶᠢᠳᠠᠪᠤᠷᠢᠵᠢᠭᠤᠯᠵᠤ᠂ ︽ᠬᠤᠶᠠᠷ ᠬᠡᠲᠦᠷᠡᠵᠦ ᠬᠤᠶᠠᠷ ᠪᠠᠶᠢᠬᠤ ᠡᠨᠧᠷᠭᠢ ᠶᠢᠨ | ᠬᠤᠷᠣᠭᠳᠠᠭᠤᠯᠤᠯ ᠶᠡᠬᠡᠲᠡᠢ︾ ᠠᠵᠤ ᠠᠬᠤᠶᠢᠯᠠᠯ ᠳᠤ ᠠᠯᠪᠠᠳᠠᠯᠭ᠎ᠠ ᠶᠢᠨ ᠴᠢᠨᠠᠷᠲᠠᠢ ᠠᠷᠢᠭᠤᠨ ᠴᠡᠪᠡᠷ | ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ ᠬᠠᠤᠯᠢ ᠶᠣᠰᠣᠭᠠᠷ ᠬᠡᠷᠡᠭᠵᠢᠭᠦᠯᠵᠦ᠂ ᠪᠤᠰᠤᠳ ᠠᠵᠤ | ᠠᠬᠤᠶᠢᠯᠠᠯ ᠤᠨ ᠰᠠᠶᠢᠨ ᠳᠤᠷ᠎ᠠ ᠠᠴᠠ ᠪᠠᠨ ᠠᠷᠢᠭᠤᠨ ᠴᠡᠪᠡᠷ ᠦᠢᠯᠡᠳᠪᠦᠷᠢᠯᠡᠯ ᠤᠨ ᠬᠢᠨᠠᠨ ᠬᠠᠷᠭᠤᠭᠤᠯᠤᠯᠲᠠ ᠶᠢ | ᠥᠷᠨᠢᠭᠦᠯᠬᠦ ᠶᠢ ᠠᠵᠤ ᠦᠢᠯᠡᠳᠪᠦᠷᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠳᠠᠬᠢ ᠠᠶᠤᠯᠲᠠᠢ ᠬᠠᠶᠠᠭᠳᠠᠮᠠᠯ | ᠪᠣᠳᠠᠰ ᠤᠨ ᠬᠠᠮᠢᠶᠠᠷᠤᠯᠲᠠ ᠶᠢ ᠴᠢᠩᠭᠠᠳᠬᠠᠵᠤ᠂ ᠠᠶᠤᠯᠲᠠᠢ ᠬᠠᠶᠠᠭᠳᠠᠮᠠᠯ ᠪᠣᠳᠠᠰ ᠤᠨ ᠪᠦᠬᠦ ᠶᠠᠪᠤᠴᠠ ᠶᠢᠨ | ᠬᠥᠳᠡᠯᠦᠩᠭᠦᠢ ᠣᠷᠴᠢᠨ ᠠᠬᠤᠢ ᠶᠢᠨ ᠬᠢᠨᠠᠯᠲᠠ ᠶᠢ ᠲᠡᠭᠦᠯᠳᠡᠷᠵᠢᠭᠦᠯᠦᠨ᠎ᠡ᠃ ︵ᠲᠦᠷᠦᠭᠦᠯᠡᠨ ᠬᠢᠬᠦ ᠰᠠᠯᠠᠭ᠎ᠠ ᠮᠥᠴᠢᠷ | ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ | ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | ︵ᠳᠣᠯᠤᠭ᠎ᠠ︶ ᠡᠨᠧᠷᠭᠢ ᠶᠢᠨ ᠰᠢᠰᠲ᠋ᠧᠮᠵᠢ ᠶᠢᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠤᠨ᠎ᠠ | 1. ᠡᠨᠧᠷᠭᠢ ᠶᠢᠨ ᠬᠡᠷᠡᠭᠯᠡᠭᠡᠨ᠂ ᠤᠰᠤᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠪᠠ ᠬᠦᠴᠦᠯᠡᠴᠡ ᠬᠤᠶᠠᠷ ᠢ | ᠡᠵᠡᠮᠳᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠠᠵᠤ ᠦᠢᠯᠡᠰ ᠢ ᠰᠦᠪᠡᠭᠴᠢᠯᠡᠬᠦ᠂ ᠲᠥᠷᠥᠯ ᠵᠦᠢᠯ ᠢ | ᠣᠷᠣᠭᠤᠯᠬᠤ ᠳᠠᠭᠠᠨ᠂ ᠡᠨᠧᠷᠭᠢ ᠠᠷᠪᠢᠯᠠᠬᠤ᠂ ᠤᠰᠤ ᠠᠷᠪᠢᠯᠠᠬᠤ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︽ | ᠬᠤᠶᠠᠷ ᠶᠡᠬᠡᠲᠡᠢ︾ ᠲᠥᠷᠥᠯ ᠵᠦᠢᠯ ᠤᠨ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠨ᠎ᠠ᠃ ᠰᠠᠯᠬᠢᠨ | ᠴᠠᠬᠢᠯᠭᠠᠨ ᠭᠡᠷᠡᠯ ᠸᠤᠯᠲ ᠵᠡᠷᠭᠡ ᠳᠠᠬᠢᠨ ᠡᠭᠦᠰᠴᠦ ᠪᠣᠯᠬᠤ ᠡᠨᠧᠷᠭᠢ ᠶᠢᠨ ᠰᠤᠷᠪᠤᠯᠵᠢ ᠶᠢᠨ ᠥᠨᠳᠥᠷ ᠬᠠᠷᠢᠴᠠᠯᠳᠤ | ᠬᠥᠭᠵᠢᠯᠲᠡ ᠶᠢ ᠠᠬᠢᠭᠤᠯᠵᠤ᠂ ᠤᠯᠠᠭᠠᠨᠴᠠᠪ ᠤᠨ ᠮᠢᠩᠭᠠᠨ ᠲᠦᠮᠡᠨ ᠺᠢᠯᠣᠸᠠᠲ ᠤᠨ ᠲᠠᠰ ᠤᠨ ᠰᠠᠯᠬᠢᠨ ᠬᠦᠴᠦᠨ ᠤ | ᠴᠠᠬᠢᠯᠭᠠᠨ ᠤ ᠰᠠᠭᠤᠷᠢᠨ ᠭᠠᠵᠠᠷ ᠢ ᠲᠦᠷᠭᠡᠳᠬᠡᠨ ᠪᠠᠶᠢᠭᠤᠯᠵᠤ᠂ ︽ᠬᠡᠷᠡᠯ ᠸᠣᠯᠲ + ᠠᠮᠢ ᠠᠬᠤᠢ ᠶᠢᠨ ᠵᠠᠰᠠᠯᠲᠠ︾ | ︽ᠬᠡᠷᠡᠯ ᠸᠣᠯᠲ + ᠠᠮᠢ ᠠᠬᠤᠢ ᠶᠢᠨ ᠰᠡᠷᠭᠦᠭᠡᠯᠲᠡ︾ ᠶᠢᠨ ᠲᠥᠷᠥᠯ ᠵᠦᠢᠯ ᠪᠠ ᠰᠠᠭᠤᠷᠢᠨ ᠭᠠᠵᠠᠷ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠤᠨ᠂ ᠰᠢᠨ᠎ᠡ ᠡᠨᠧᠷᠭᠢ ᠶᠢᠨ ᠲᠠᠷᠬᠠᠯᠲᠠ ᠶᠢᠨ ᠬᠡᠯᠪᠡᠷᠢ ᠶᠢᠨ ᠨᠡᠭᠡᠭᠡᠨ | ᠠᠰᠢᠭᠯᠠᠯᠲᠠ ᠶᠢ ᠲᠦᠷᠭᠡᠳᠬᠡᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ ᠬᠤᠲᠠ ᠶᠢᠨ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠤᠰᠤᠨ ᠠᠰᠢᠭᠯᠠᠯᠲᠠ ᠶᠢᠨ ᠲᠣᠪᠴᠢᠶ᠎ᠠ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠶᠣᠰᠣᠭᠠᠷ ᠬᠠᠷᠢᠭᠤᠴᠠᠨ᠎ᠠ︶ | 2. ᠶᠡᠭᠡ ᠪᠠᠭᠲᠠᠭᠠᠮᠵᠢᠲᠤ ᠡᠨᠧᠷᠭᠢ ᠬᠠᠳᠠᠭᠠᠯᠠᠬᠤ ᠮᠡᠷᠭᠡᠵᠢᠯ ᠢ ᠰᠤᠳᠤᠯᠤᠨ ᠨᠡᠭᠡᠭᠡᠵᠦ ᠳᠡᠯᠭᠡᠷᠡᠭᠦᠯᠬᠦ ᠶᠢ | ᠲᠦᠷᠭᠡᠳᠬᠡᠵᠦ᠂ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠶᠢ ᠵᠠᠬ᠎ᠠ ᠳᠡᠯᠭᠡᠭᠦᠷᠴᠢᠯᠡᠬᠦ᠂ ᠠᠵᠤ ᠦᠢᠯᠡᠰᠵᠢᠭᠦᠯᠬᠦ᠂ | ᠬᠡᠪᠴᠢᠶᠡᠵᠢᠭᠦᠯᠬᠦ ᠳᠠᠰᠢ ᠬᠥᠭᠵᠢᠭᠦᠯᠬᠦ ᠶᠢ ᠠᠬᠢᠭᠤᠯᠵᠤ᠂ ᠰᠢᠨ᠎ᠡ ᠪᠠᠷ ᠪᠠᠶᠢᠭᠤᠯᠤᠭᠰᠠᠨ ᠰᠢᠨ᠎ᠡ ᠡᠨᠧᠷᠭᠢ ᠶᠢᠨ | ᠴᠠᠬᠢᠯᠭᠠᠨ ᠥᠷᠲᠡᠭᠡ ᠶᠢᠨ 15% ᠠᠴᠠ ᠳᠡᠭᠡᠭᠰᠢᠬᠢ ᠡᠨᠧᠷᠭᠢ ᠬᠠᠳᠠᠭᠠᠯᠠᠬᠤ ᠪᠡᠯᠡᠳᠬᠡᠮᠵᠢ ᠶᠢ ᠲᠣᠬᠢᠷᠠᠭᠤᠯᠵᠤ᠂ | ᠴᠠᠬᠢᠯᠭᠠᠨ ᠤ ᠲᠣᠣᠷ ᠤᠨ ᠵᠠᠩᠭᠢᠯᠠᠭ᠎ᠠ ᠶᠢᠨ ᠴᠡᠭ ᠲᠤ ᠨᠢᠭᠡ ᠪᠦᠯᠦᠭ ᠪᠡᠶ᠎ᠡ ᠪᠠᠨ ᠳᠠᠭᠠᠭᠠᠭᠰᠠᠨ ᠡᠨᠧᠷᠭᠢ ᠬᠠᠳᠠᠭᠠᠯᠠᠬᠤ | ᠴᠠᠬᠢᠯᠭᠠᠨ ᠥᠷᠲᠡᠭᠡ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ᠂ ︽ᠰᠠᠯᠬᠢᠨ ᠴᠠᠬᠢᠯᠭᠠᠨ ᠭᠡᠷᠡᠯ ᠸᠤᠯᠲ | ᠨᠥᠭᠡᠴᠡ ᠶᠢ ᠨᠢᠭᠡ ᠴᠣᠭᠴᠠᠵᠢᠭᠤᠯᠬᠤ︾ ︽ᠴᠠᠬᠢᠯᠭᠠᠨ ᠤ ᠰᠤᠷᠪᠤᠯᠵᠢ ᠲᠣᠣᠷ ᠳᠠᠭᠠᠭᠠᠴᠠ ᠨᠥᠭᠡᠴᠡ ᠶᠢ ᠨᠢᠭᠡ | ᠴᠣᠭᠴᠠᠵᠢᠭᠤᠯᠬᠤ︾ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠴᠠᠬᠢᠯᠭᠠᠨ ᠤ ᠲᠣᠣᠷ ᠤᠨ | ᠬᠤᠷᠠᠭᠤᠯᠬᠤ ᠪᠠ ᠭᠠᠳᠠᠭᠰᠢ ᠬᠦᠷᠭᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︵ᠲᠦᠷᠦᠭᠦᠯᠡᠬᠦ ᠰᠠᠯᠠᠭ᠎ᠠ ᠮᠥᠴᠢᠷ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠰᠠᠯᠠᠭ᠎ᠠ ᠮᠥᠴᠢᠷ᠄ | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶ | 3. ᠦᠯᠡᠳᠡᠭᠡᠯ ᠨᠡᠭᠦᠷᠡᠰᠦ ᠴᠠᠬᠢᠯᠭᠠᠨ ᠤ ᠴᠢᠳᠠᠮᠵᠢ ᠶᠢᠨ ᠪᠠᠶᠢᠷᠢ ᠲᠣᠭᠲᠠᠭᠠᠯᠲᠠ ᠶᠢ ᠬᠦᠴᠦᠯᠡᠨ | ᠰᠢᠯᠢᠳᠡᠭᠵᠢᠭᠦᠯᠦᠨ ᠲᠣᠬᠢᠷᠠᠭᠤᠯᠵᠤ᠂ ᠢᠯᠴᠢ ᠶᠢᠨ ᠴᠠᠬᠢᠯᠭᠠᠨ ᠤ ᠠᠮᠢᠳᠤᠯᠢᠭ ᠴᠢᠨᠠᠷ ᠤᠨ ᠥᠭᠡᠷᠡᠴᠢᠯᠡᠯᠲᠡ ᠪᠠᠷ | ᠳᠡᠮᠵᠢᠨ᠂ ᠢᠯᠴᠢ ᠶᠢᠨ ᠴᠠᠬᠢᠯᠭᠠᠨ ᠤ ᠣᠷᠭᠢᠯ ᠦᠶ᠎ᠡ ᠶᠢ ᠲᠣᠬᠢᠷᠠᠭᠤᠯᠬᠤ ᠥᠷᠲᠡᠭ ᠢ ᠠᠭᠤᠳᠠᠯᠤᠨ᠎ᠠ᠃ ᠢᠯᠴᠢ ᠶᠢᠨ | ᠴᠠᠬᠢᠯᠭᠠᠨ ᠤ ᠠᠵᠢᠯ ᠲᠦᠷᠦᠯ ᠤᠨ ᠶᠡᠷᠦᠩᠬᠡᠶᠢᠯᠡᠭᠰᠡᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠲᠦᠯᠬᠢᠨ | ᠠᠬᠢᠭᠤᠯᠵᠤ᠂ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠨᠤᠷᠮ᠎ᠠ ᠪᠠ ᠶᠡᠷᠦᠩᠬᠡᠶᠢᠯᠡᠭᠰᠡᠨ ᠴᠠᠬᠢᠯᠭᠠᠨ ᠬᠠᠩᠭᠠᠬᠤ | ᠨᠡᠭᠦᠷᠡᠰᠦᠨ ᠤ ᠬᠤᠷᠣᠭᠳᠠᠯ ᠢ ᠪᠦᠲᠦᠮᠵᠢᠲᠡᠢ ᠪᠠᠷ ᠪᠠᠭᠤᠷᠠᠭᠤᠯᠵᠤ᠂ ᠤᠯᠠᠮᠵᠢᠯᠠᠯᠲᠤ ᠡᠨᠧᠷᠭᠢ ᠶᠢᠨ ᠰᠤᠷᠪᠤᠯᠵᠢ ᠶᠢ | ᠠᠷᠢᠭᠤᠨ ᠴᠡᠪᠡᠷ ᠥᠨᠳᠥᠷ ᠪᠦᠲᠦᠮᠵᠢᠲᠡᠢ ᠪᠠᠷ ᠠᠰᠢᠭᠯᠠᠬᠤ ᠶᠢ ᠤᠯᠠᠮ ᠨᠢᠭᠡ ᠠᠯᠬᠤᠮ ᠲᠦᠯᠬᠢᠨ ᠠᠬᠢᠭᠤᠯᠤᠨ᠎ᠠ᠃ | ︽ᠪᠤᠴᠠᠭᠠᠬᠤ ᠠᠴᠠ ᠪᠢᠰᠢ ᠵᠠᠳᠠᠯᠬᠤ ᠦᠭᠡᠢ︾ ᠪᠠᠶᠢᠬᠤ ᠵᠠᠷᠴᠢᠮ ᠶᠣᠰᠣᠭᠠᠷ᠂ ᠣᠲᠣ ᠶᠢᠨ ᠪᠠᠶᠢᠭ᠎ᠠ | ᠬᠡᠷᠡᠭᠴᠡᠭᠡᠨ ᠠᠴᠠ ᠭᠠᠷᠤᠭᠰᠠᠨ ᠰᠢᠭᠰᠢᠭᠳᠡᠭᠦᠯᠬᠦ ᠮᠠᠰᠢᠨ ᠴᠣᠭᠴᠠᠯᠠᠪᠤᠷᠢ ᠶᠢᠨ ᠬᠠᠮᠢᠶᠠᠷᠤᠯᠲᠠ ᠶᠢ ᠴᠢᠩᠭᠠᠳᠬᠠᠵᠤ᠂ | ᠬᠠᠭᠠᠵᠤ ᠵᠣᠭᠰᠤᠭᠠᠬᠤ ᠮᠠᠰᠢᠨ ᠴᠣᠭᠴᠠᠯᠠᠪᠤᠷᠢ ᠶᠢᠨ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠴᠠᠬᠢᠯᠭᠠᠨ | ᠡᠭᠦᠰᠬᠡᠭᠴᠢ ᠶᠢ ᠰᠢᠯᠵᠢᠭᠦᠯᠬᠦ ᠠᠵᠢᠯ ᠢ ᠡᠮᠬᠢ ᠵᠢᠷᠤᠮ ᠲᠠᠢ ᠰᠠᠶᠢᠲᠤᠷ ᠬᠢᠵᠦ᠂ ᠲᠤᠶᠢᠯ ᠤᠨ ᠬᠦᠨᠳᠦ ᠪᠠᠶᠢᠳᠠᠯ | ᠳᠣᠣᠷᠠᠬᠢ ᠴᠠᠬᠢᠯᠭᠠᠨ ᠬᠦᠴᠦᠨ ᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠴᠢᠳᠠᠪᠤᠷᠢ ᠶᠢ | ᠳᠡᠭᠡᠭᠰᠢᠯᠡᠭᠦᠯᠦᠨ᠎ᠡ᠃ ᠠᠷᠢᠭᠤᠨ ᠴᠡᠪᠡᠷ ᠢᠯᠴᠢ ᠴᠠᠬᠢᠯᠭᠠᠨ ᠢ ᠬᠠᠮᠲᠤᠷᠠᠨ ᠦᠢᠯᠡᠳᠪᠦᠷᠢᠯᠡᠵᠦ ᠲᠥᠪᠯᠡᠷᠡᠭᠦᠯᠦᠨ | ᠢᠯᠴᠢ ᠬᠠᠩᠭᠠᠬᠤ ᠶᠢ ᠢᠳᠡᠪᠬᠢᠲᠡᠢ ᠪᠠᠷ ᠬᠥᠭᠵᠢᠭᠦᠯᠵᠦ᠂ ᠠᠷᠢᠭᠤᠨ ᠴᠡᠪᠡᠷ ᠳᠤᠯᠠᠭᠠᠯᠠᠭ᠎ᠠ ᠪᠠᠷ ᠵᠠᠬ᠎ᠠ ᠬᠢᠵᠠᠭᠠᠷ | ᠣᠷᠣᠨ ᠤ ᠢᠯᠴᠢ ᠬᠠᠩᠭᠠᠬᠤ ᠵᠢᠵᠢᠭ ᠮᠠᠰᠢᠨ ᠴᠣᠭᠴᠠᠯᠠᠪᠤᠷᠢ ᠶᠢ ᠣᠷᠣᠯᠠᠭᠤᠯᠤᠨ᠎ᠠ᠃ ︵ᠲᠦᠷᠦᠭᠦᠯᠡᠬᠦ ᠰᠠᠯᠠᠭ᠎ᠠ | ᠮᠥᠴᠢᠷ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︶ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠨᠢᠭᠡ ᠳᠤ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠰᠢᠶᠠᠨ ᠬᠤᠲᠠ | ᠲᠣᠭᠤᠷᠢᠭ ᠨᠢ ᠤᠯᠤᠰ ᠲᠥᠷᠥ ᠶᠢᠨ ᠵᠣᠭᠰᠣᠴᠠ ᠪᠠᠨ ᠦᠨᠡᠨᠬᠦ ᠳᠡᠭᠡᠭᠰᠢᠯᠡᠭᠦᠯᠵᠦ᠂ ᠳᠡᠭᠡᠳᠦ ᠬᠡᠮᠵᠢᠶᠡᠨ ᠤ ᠤᠯᠤᠰ | ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠᠷ ᠠᠵᠢᠯ ᠤᠨ ᠨᠠᠶᠢᠳᠠᠪᠤᠷᠢᠵᠢᠭᠤᠯᠤᠯᠲᠠ ᠪᠠᠨ ᠴᠢᠩᠭᠠᠳᠬᠠᠵᠤ᠂ | ᠬᠡᠷᠡᠭᠵᠢᠭᠦᠯᠬᠦ ᠶᠠᠪᠤᠴᠠ ᠳᠤ ᠲᠤᠯᠭᠠᠷᠠᠭᠰᠠᠨ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠡᠯ᠎ᠡ ᠵᠦᠢᠯ ᠤᠨ ᠠᠵᠢᠯ ᠢᠶᠠᠨ | ᠦᠷᠭᠦᠯᠵᠢᠯᠡᠨ ᠭᠦᠨᠵᠡᠭᠡᠢ ᠯᠠᠪᠳᠠᠭᠤᠨ ᠪᠠᠲᠤᠲᠠᠢ ᠬᠢᠵᠦ ᠪᠣᠳᠠᠲᠠᠶᠢᠵᠢᠭᠤᠯᠤᠨ᠎ᠠ᠃ ᠡᠯ᠎ᠡ ᠬᠤᠯᠪᠣᠭᠳᠠᠯ ᠪᠦᠬᠦᠢ | ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ ᠤᠳ ᠶᠡᠭᠡ ᠲᠠᠯ᠎ᠠ ᠶᠢᠨ ᠦᠵᠡᠯ ᠤᠬᠠᠮᠰᠠᠷ ᠢᠶᠠᠨ ᠴᠢᠩᠭᠠᠳᠬᠠᠵᠤ᠂ | ᠠᠵᠢᠯ ᠬᠤᠪᠢᠶᠠᠷᠢᠯᠠᠨ ᠬᠠᠮᠵᠢᠯᠴᠠᠬᠤ ᠪᠠ ᠨᠡᠪᠲᠡᠷᠡᠯᠴᠡᠨ ᠬᠠᠮᠵᠢᠯᠴᠠᠬᠤ ᠪᠠᠨ ᠴᠢᠩᠭᠠᠳᠬᠠᠵᠤ᠂ ᠨᠡᠶᠢᠯᠡᠮᠡᠯ ᠬᠦᠴᠦᠨ ᠢ | ᠪᠦᠷᠢᠯᠳᠦᠭᠦᠯᠦᠨ᠂ ᠠᠵᠤ ᠦᠢᠯᠡᠳᠪᠦᠷᠢ ᠶᠢᠨ ᠬᠦᠷᠢᠶᠡᠨ ᠳᠠᠬᠢ ᠣᠷᠴᠢᠯ ᠠᠵᠤ ᠠᠬᠤᠢ ᠶᠢᠨ ᠠᠵᠤ ᠦᠢᠯᠡᠰ ᠤᠨ ᠡᠯ᠎ᠡ | ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠬᠠᠮᠲᠤᠪᠠᠷ ᠲᠦᠯᠬᠢᠨ ᠠᠬᠢᠭᠤᠯᠤᠨ᠎ᠠ᠃ | ᠬᠤᠶᠠᠷ ᠲᠤ ᠢᠵᠢ ᠪᠦᠷᠢᠳᠦᠭᠦᠯᠬᠦ ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ᠤᠯᠤᠰ᠂ | ᠥᠪᠡᠷᠲᠡᠭᠡᠨ ᠵᠠᠰᠠᠬᠤ ᠣᠷᠣᠨ ᠤ ᠨᠢᠭᠡᠨᠲᠡ ᠨᠡᠶᠢᠲᠡᠯᠡᠭᠰᠡᠨ ᠠᠵᠤ ᠦᠢᠯᠡᠰ᠂ ᠡᠳ᠋ ᠤᠨ ᠵᠠᠰᠠᠭ᠂ ᠭᠠᠶᠢᠯᠢ ᠲᠠᠲᠠᠪᠤᠷᠢ᠂ | ᠪᠡᠯᠡ ᠣᠷᠤᠭᠤᠯᠤᠯᠲᠠ᠂ ᠮᠥᠩᠭᠦᠨ ᠭᠦᠢᠯᠭᠡᠭᠡᠨ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠲᠥᠷᠥ ᠶᠢᠨ | ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠤᠰ᠂ ᠥᠪᠡᠷᠲᠡᠭᠡᠨ ᠵᠠᠰᠠᠬᠤ | ᠣᠷᠣᠨ ᠤ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠦᠢᠯᠡᠳᠬᠦᠨ ᠵᠢᠴᠢ ᠬᠥᠳᠡᠯᠮᠦᠷᠢ ᠦᠢᠯᠡᠴᠢᠯᠡᠭᠡᠨ ᠤ ᠲᠤᠬᠠᠢ | ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠨᠡᠨᠬᠦ ᠬᠡᠷᠡᠭᠵᠢᠭᠦᠯᠦᠨ᠎ᠡ᠃ ᠥᠪᠡᠷᠲᠡᠭᠡᠨ | ᠵᠠᠰᠠᠬᠤ ᠣᠷᠣᠨ ᠤ ᠠᠵᠢᠯ ᠲᠥᠷᠥᠯ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠰᠢᠯᠢᠳᠡᠭᠵᠢᠭᠦᠯᠬᠦ ᠪᠠ ᠠᠵᠤ | ᠠᠬᠤᠶᠢᠯᠠᠯ ᠤᠨ ᠬᠢᠷᠢ ᠴᠢᠳᠠᠮᠵᠢ ᠶᠢ ᠬᠢᠨᠠᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠡᠨᠧᠷᠭᠢ ᠠᠷᠪᠢᠯᠠᠬᠤ᠂ ᠣᠷᠴᠢᠨ | ᠲᠣᠭᠤᠷᠢᠨ ᠢ ᠬᠠᠮᠠᠭᠠᠯᠠᠬᠤ᠂ ᠡᠬᠢ ᠪᠠᠶᠠᠯᠢᠭ ᠤᠨ ᠭᠠᠷᠭᠠᠯᠲᠠ᠂ ᠪᠡᠯᠡ ᠣᠷᠤᠭᠤᠯᠤᠯᠲᠠ ᠶᠢᠨ ᠬᠡᠪᠴᠢᠶ᠎ᠡ᠂ ᠠᠵᠤ | ᠦᠢᠯᠡᠰ ᠤᠨ ᠤᠳᠤᠷᠢᠳᠤᠮᠵᠢ ᠵᠡᠷᠭᠡ ᠲᠠᠯ᠎ᠠ ᠪᠠᠷ᠂ ᠤᠯᠤᠰ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ | ᠲᠥᠷᠥ ᠶᠢᠨ ᠪᠣᠳᠣᠯᠭ᠎ᠠ ᠪᠠ ᠪᠡᠯᠡ ᠣᠷᠤᠭᠤᠯᠤᠯᠲᠠ ᠶᠢᠨ ᠬᠠᠮᠢᠶᠠᠷᠤᠯᠲᠠ ᠶᠢᠨ ᠲᠣᠭᠲᠠᠭᠠᠯ ᠳᠤ ᠨᠡᠶᠢᠴᠡᠭᠰᠡᠨ ᠣᠷᠴᠢᠯ | ᠠᠵᠤ ᠠᠬᠤᠢ ᠶᠢᠨ ᠲᠥᠷᠥᠯ ᠵᠦᠢᠯ ᠢ ᠨᠠᠶᠢᠳᠠᠪᠤᠷᠢᠵᠢᠭᠤᠯᠬᠤ ᠶᠢ ᠤᠷᠢᠳᠠᠪᠠᠷ ᠪᠠᠲᠤᠯᠠᠨ᠎ᠠ᠃ | ᠭᠤᠷᠪᠠ ᠳᠤ ᠪᠡᠯᠡ ᠮᠥᠩᠭᠦ ᠶᠢ ᠲᠡᠮᠡᠴᠡᠨ ᠣᠯᠬᠤ ᠪᠠ ᠳᠡᠮᠵᠢᠬᠦ ᠡᠷᠴᠢᠮ ᠢᠶᠠᠨ ᠴᠢᠩᠭᠠᠷᠠᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠤᠳᠤ ᠪᠠᠶᠢᠭ᠎ᠠ ᠲᠤᠰᠬᠠᠢ ᠵᠦᠢᠯ ᠤᠨ ᠪᠡᠯᠡ ᠮᠥᠩᠭᠦ ᠪᠠᠷ ᠣᠷᠴᠢᠯ ᠠᠵᠤ | ᠠᠬᠤᠢ ᠶᠢᠨ ᠴᠢᠬᠤᠯᠠ ᠶᠡᠭᠡ ᠢᠨᠵᠧᠨᠧᠷᠢᠩ᠂ ᠭᠤᠣᠯᠳᠠᠯᠭ᠎ᠠ ᠲᠠᠢ ᠲᠥᠷᠥᠯ ᠵᠦᠢᠯ ᠬᠢᠭᠡᠳ ᠴᠢᠳᠠᠪᠤᠷᠢ ᠶᠢᠨ ᠪᠦᠲᠦᠭᠡᠨ | ᠪᠠᠶᠢᠭᠤᠯᠤᠯᠲᠠ ᠶᠢ ᠳᠡᠮᠵᠢᠭᠦᠯᠬᠦ ᠪᠠᠷ ᠢᠳᠡᠪᠬᠢᠯᠡᠨ ᠴᠢᠷᠮᠠᠶᠢᠵᠤ᠂ ᠣᠷᠴᠢᠯ ᠠᠵᠤ ᠠᠬᠤᠢ ᠶᠢᠨ ᠬᠥᠭᠵᠢᠯᠲᠡ ᠶᠢᠨ | ᠬᠦᠷᠢᠶᠡᠨ ᠳᠤ ᠨᠡᠶᠢᠭᠡᠮ ᠤᠨ ᠬᠥᠷᠥᠩᠭᠡ ᠶᠢ ᠲᠥᠪ ᠤᠨ ᠲᠥᠰᠥᠪ ᠲᠠᠬᠢ ᠪᠡᠯᠡ ᠣᠷᠤᠭᠤᠯᠤᠯᠲᠠ᠂ ᠲᠤᠰᠬᠠᠢ | ᠵᠦᠢᠯ ᠤᠨ ᠵᠢᠭᠡᠯᠡᠯᠭᠡ ᠶᠢᠨ ᠲᠡᠮᠳᠡᠭᠲᠦ᠂ ᠤᠯᠤᠰ ᠤᠨ ᠵᠢᠭᠡᠯᠡᠯᠭᠡ ᠶᠢᠨ ᠪᠡᠯᠡ ᠮᠥᠩᠭᠦ ᠵᠡᠷᠭᠡ ᠤᠯᠤᠰ ᠤᠨ ᠡᠳ᠋ ᠤᠨ | ᠵᠠᠰᠠᠭ ᠤᠨ ᠪᠡᠯᠡ ᠮᠥᠩᠭᠦ ᠪᠠᠷ ᠣᠷᠴᠢᠯ ᠠᠵᠤ ᠠᠬᠤᠢ ᠶᠢᠨ ᠬᠥᠭᠵᠢᠯᠲᠡ ᠶᠢ ᠳᠡᠮᠵᠢᠭᠦᠯᠬᠦ ᠪᠠᠷ ᠢᠳᠡᠪᠬᠢᠲᠡᠢ | ᠴᠢᠷᠮᠠᠶᠢᠨ᠎ᠠ᠃ ᠵᠦᠢ ᠶᠣᠰᠣᠨ ᠤ ᠮᠥᠩᠭᠦᠨ ᠭᠦᠢᠯᠭᠡᠭᠡᠨ ᠢ ᠶᠡᠬᠡᠪᠡᠷ ᠬᠥᠭᠵᠢᠭᠦᠯᠵᠦ᠂ ᠣᠷᠴᠢᠯ ᠠᠵᠤ ᠠᠬᠤᠢ ᠶᠢᠨ | ᠬᠦᠷᠢᠶᠡᠨ ᠳᠠᠬᠢ ᠬᠠᠮᠢᠶ᠎ᠠ ᠪᠦᠬᠦᠢ ᠲᠥᠷᠥᠯ ᠵᠦᠢᠯ ᠳᠤ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠦᠵᠡᠭᠦᠯᠬᠦ | ᠡᠷᠴᠢᠮ ᠢᠶᠠᠨ ᠴᠢᠩᠭᠠᠷᠠᠭᠤᠯᠤᠨ᠎ᠠ᠃ ᠪᠡᠯᠡ ᠲᠣᠬᠢᠷᠠᠭᠤᠯᠭ᠎ᠠ ᠶᠢᠨ ᠵᠠᠭᠪᠤᠷ ᠤᠨ ᠰᠢᠨ᠎ᠡ ᠶᠢ ᠡᠭᠦᠳᠴᠦ᠂ ᠣᠷᠴᠢᠯ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠡᠯᠡ ᠮᠥᠩᠭᠦ ᠶᠢ ᠣᠯᠠᠨ ᠠᠷᠭ᠎ᠠ ᠵᠠᠮ ᠢᠶᠠᠷ ᠴᠤᠭᠯᠠᠭᠤᠯᠵᠤ᠂ ᠡᠯ᠎ᠡ | ᠲᠥᠷᠥᠯ ᠤᠨ ᠪᠡᠯᠡ ᠣᠷᠤᠭᠤᠯᠤᠯᠲᠠ ᠶᠢᠨ ᠭᠤᠣᠯ ᠴᠣᠭᠴᠠ ᠶᠢᠨ ᠣᠷᠴᠢᠯ ᠠᠵᠤ ᠠᠬᠤᠢ ᠶᠢᠨ ᠰᠠᠭᠤᠷᠢ ᠪᠦᠲᠦᠭᠡᠨ | ᠪᠠᠶᠢᠭᠤᠯᠤᠯᠲᠠ ᠳᠤ ᠣᠷᠣᠯᠴᠠᠬᠤ ᠶᠢ ᠳᠡᠮᠵᠢᠨ᠎ᠡ᠃ | ᠳᠥᠷᠪᠡ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠭᠤᠣᠯᠳᠠᠯᠭ᠎ᠠ ᠲᠠᠢ | ᠠᠵᠤ ᠠᠬᠤᠶᠢᠯᠠᠯ ᠪᠣᠯᠣᠨ ᠰᠢᠨᠵᠢᠯᠡᠬᠦ ᠤᠬᠠᠭᠠᠨ ᠤ ᠰᠤᠳᠤᠯᠤᠯ ᠤᠨ ᠬᠦᠷᠢᠶᠡᠯᠡᠩ ᠭᠠᠵᠠᠷ᠂ ᠳᠡᠭᠡᠳᠦ ᠵᠡᠷᠭᠡ ᠶᠢᠨ | ᠰᠤᠷᠭᠠᠭᠤᠯᠢ ᠶᠢᠨ ︽ᠦᠢᠯᠡᠳᠪᠦᠷᠢᠯᠡᠬᠦ ᠵᠢᠭᠠᠬᠤ ᠰᠤᠳᠤᠯᠬᠤ ᠬᠡᠷᠡᠭᠯᠡᠬᠦ︾ ᠬᠠᠮᠲᠤᠷᠠᠯᠴᠠᠭ᠎ᠠ ᠥᠷᠨᠢᠭᠦᠯᠬᠦ ᠶᠢ | ᠵᠣᠷᠢᠭᠵᠢᠭᠤᠯᠵᠤ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ | ᠶᠡᠭᠡ ᠰᠢᠨᠵᠢᠯᠡᠬᠦ ᠤᠬᠠᠭᠠᠨ ᠮᠡᠷᠭᠡᠵᠢᠯ ᠤᠨ ᠪᠣᠭᠤᠮᠲᠠ ᠰᠢᠪᠲᠤᠯᠬᠤ ᠡᠭᠦᠷᠭᠡ ᠶᠢ ᠡᠭᠦᠷᠭᠡᠯᠡᠬᠦ ᠶᠢ ᠳᠡᠮᠵᠢᠨ᠎ᠡ᠃ | ᠭᠤᠣᠯᠳᠠᠯᠭ᠎ᠠ ᠲᠠᠢ ᠠᠵᠤ ᠠᠬᠤᠶᠢᠯᠠᠯ ᠤᠨ ᠤᠯᠤᠰ ᠤᠨ ᠠᠵᠤ ᠠᠬᠤᠶᠢᠯᠠᠯ ᠤᠨ ᠮᠡᠷᠭᠡᠵᠢᠯ ᠤᠨ ᠲᠥᠪ ᠢ ᠮᠠᠭᠠᠳᠯᠠᠨ | ᠲᠣᠭᠲᠠᠭᠠᠬᠤ ᠠᠵᠢᠯ ᠳᠤ ᠣᠷᠣᠯᠴᠠᠬᠤ ᠶᠢ ᠲᠦᠷᠭᠡᠪᠴᠢᠯᠡᠨ ᠠᠬᠢᠭᠤᠯᠤᠨ᠎ᠠ᠃ ᠡᠯ᠎ᠡ ᠲᠥᠷᠥᠯ ᠤᠨ ᠰᠢᠨ᠎ᠡ ᠶᠢ ᠡᠭᠦᠳᠬᠦ | ᠭᠤᠣᠯ ᠴᠣᠭᠴᠠ ᠶᠢᠨ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ᠂ ᠡᠨᠧᠷᠭᠢ ᠶᠢ ᠱᠠᠲᠤᠯᠠᠨ ᠠᠰᠢᠭᠯᠠᠬᠤ᠂ | ᠤᠰᠤᠨ ᠤ ᠡᠬᠢ ᠪᠠᠶᠠᠯᠢᠭ ᠢ ᠥᠨᠳᠥᠷ ᠦᠷ᠎ᠡ ᠠᠰᠢᠭ ᠲᠠᠢ ᠠᠰᠢᠭᠯᠠᠬᠤ᠂ ᠠᠷᠢᠭᠤᠨ ᠴᠡᠪᠡᠷ ᠦᠢᠯᠡᠳᠪᠦᠷᠢᠯᠡᠬᠦ ᠵᠡᠷᠭᠡ | ᠬᠦᠷᠢᠶ᠎ᠡ ᠴᠠᠷᠠᠭ᠎ᠠ ᠶᠢᠨ ᠨᠡᠶᠢᠲᠡᠴᠢ ᠴᠢᠨᠠᠷᠲᠠᠢ ᠵᠠᠩᠭᠢᠯᠠᠭ᠎ᠠ ᠶᠢᠨ ᠮᠡᠷᠭᠡᠵᠢᠯ ᠢ ᠰᠤᠳᠤᠯᠤᠨ ᠨᠡᠭᠡᠭᠡᠬᠦ ᠶᠢ ᠵᠣᠷᠢᠭᠵᠢᠭᠤᠯᠵᠤ | ᠂ ᠡᠬᠢ ᠪᠠᠶᠠᠯᠢᠭ ᠢ ᠣᠷᠴᠢᠯᠳᠤᠭᠤᠯᠤᠨ ᠠᠰᠢᠭᠯᠠᠬᠤ ᠠᠵᠤ ᠦᠢᠯᠡᠰ ᠤᠨ ᠮᠡᠷᠭᠡᠵᠢᠯ ᠲᠣᠨᠣᠭᠯᠠᠯ ᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠲᠠᠪᠤ ᠳᠤ ᠱᠠᠩᠨᠠᠵᠤ ᠲᠣᠷᠭᠠᠬᠤ ᠬᠢᠨᠠᠨ ᠰᠢᠯᠭᠠᠬᠤ ᠶᠢ ᠴᠢᠩᠳᠠᠯᠠᠨ᠎ᠠ᠃ ᠥᠪᠡᠷᠲᠡᠭᠡᠨ ᠵᠠᠰᠠᠬᠤ ᠣᠷᠣᠨ ᠤ ᠳᠡᠭᠡᠳᠦ | ᠦᠵᠦᠭᠦᠷᠴᠢᠯᠡᠭᠰᠡᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠨᠠᠷᠢᠨ | ᠬᠠᠭᠤᠳᠠᠰᠤ ᠶᠢ ᠴᠢᠩᠭ᠎ᠠ ᠨᠠᠶᠢᠳᠠᠪᠤᠷᠢᠵᠢᠭᠤᠯᠵᠤ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ | ᠲᠠᠯ᠎ᠠ ᠪᠠᠷ 1 ᠲᠣᠨ ᠪᠠᠷᠢᠮᠵᠢᠶᠠᠲᠤ ᠨᠡᠭᠦᠷᠡᠰᠦ ᠠᠷᠪᠢᠯᠠᠬᠤ ᠪᠦᠷᠢ 200 ᠲᠥᠭᠦᠷᠢᠭ ᠤᠨ ᠨᠥᠬᠦᠪᠦᠷᠢ ᠣᠯᠭᠤᠵᠤ᠂ | ᠤᠰᠤ ᠠᠷᠪᠢᠯᠠᠬᠤ ᠲᠠᠯ᠎ᠠ ᠪᠠᠷ 1 ᠲᠣᠨ ᠤᠰᠤ ᠠᠷᠪᠢᠯᠠᠬᠤ ᠪᠦᠷᠢ 10 ᠲᠥᠭᠦᠷᠢᠭ ᠤᠨ ᠨᠥᠬᠦᠪᠦᠷᠢ ᠣᠯᠭᠤᠵᠤ᠂ | ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠲᠠᠯ᠎ᠠ ᠪᠠᠷ 1 ᠲᠣᠨ ᠬᠠᠲᠠᠭᠤ ᠪᠡᠶᠡᠲᠦ | ᠬᠠᠶᠠᠭᠳᠠᠮᠠᠯ ᠪᠣᠳᠠᠰ ᠪᠠ ᠳᠠᠬᠢᠯᠲᠠ ᠡᠬᠢ ᠪᠠᠶᠠᠯᠢᠭ ᠢ ᠠᠰᠢᠭᠯᠠᠬᠤ ᠪᠦᠷᠢ 10 ᠲᠥᠭᠦᠷᠢᠭ ᠤᠨ ᠨᠥᠬᠦᠪᠦᠷᠢ | ᠣᠯᠭᠤᠨ᠎ᠠ᠃ ᠥᠪᠡᠷᠲᠡᠭᠡᠨ ᠵᠠᠰᠠᠬᠤ ᠣᠷᠣᠨ ᠤ ᠲᠠᠰ ᠤᠨ ᠪᠣᠬᠢᠷᠲᠤᠯ ᠦᠭᠡᠢ ᠦᠢᠯᠡᠳᠪᠦᠷᠢ᠂ ᠪᠣᠬᠢᠷᠲᠤᠯ ᠦᠭᠡᠢ | ᠵᠢᠷᠤᠭᠯᠠᠨ ᠲᠥᠯᠥᠪᠯᠡᠭᠰᠡᠨ ᠦᠢᠯᠡᠳᠬᠦᠨ᠂ ᠪᠣᠬᠢᠷᠲᠤᠯ ᠦᠭᠡᠢ ᠬᠠᠩᠭᠠᠯᠭ᠎ᠠ ᠶᠢᠨ ᠬᠡᠯᠬᠢᠶ᠎ᠡ᠂ ᠡᠨᠧᠷᠭᠢ ᠶᠢᠨ | ᠠᠰᠢᠭᠯᠠᠮᠵᠢ ᠶᠢᠨ ᠳᠠᠭᠠᠭᠤᠯᠤᠭᠴᠢ᠂ ᠤᠰᠤᠨ ᠤ ᠠᠰᠢᠭᠯᠠᠮᠵᠢ ᠶᠢᠨ ᠳᠠᠭᠠᠭᠤᠯᠤᠭᠴᠢ ᠠᠵᠤ ᠠᠬᠤᠶᠢᠯᠠᠯ ᠳᠤ 50 | ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠣᠯᠭᠤᠨ᠎ᠠ᠃ ᠡᠭᠦᠨ ᠤ ᠬᠠᠮᠲᠤ ᠳᠡᠭᠡᠷ᠎ᠡ | ᠳᠤᠷᠠᠳᠤᠭᠰᠠᠨ ᠠᠭᠤᠯᠭ᠎ᠠ ᠶᠢ ᠭᠤᠶᠤᠴᠢᠯᠠᠨ ᠮᠡᠳᠡᠭᠦᠯᠵᠦ ᠪᠡᠶᠡᠯᠡᠭᠦᠯᠦᠭᠰᠡᠨ ᠪᠠᠶᠢᠳᠠᠯ ᠢ ︽ᠲᠠᠪᠤᠨ ᠶᠡᠭᠡ ᠡᠭᠦᠷᠭᠡ︾ | ᠳᠤ ᠵᠢᠭᠰᠠᠭᠠᠨ ᠣᠷᠣᠭᠤᠯᠵᠤ᠂ ︽ᠲᠠᠪᠤᠨ ᠶᠡᠭᠡ ᠡᠭᠦᠷᠭᠡ︾ ᠶᠢᠨ ᠰᠢᠯᠭᠠᠨ ᠬᠢᠨᠠᠬᠤ ᠱᠠᠭᠠᠷᠳᠠᠯᠭ᠎ᠠ ᠶᠣᠰᠣᠭᠠᠷ | ᠰᠢᠯᠭᠠᠨ ᠬᠢᠨᠠᠨ᠎ᠠ᠃ | | ᠬᠠᠭᠤᠯᠤᠨ ᠬᠦᠷᠭᠡᠬᠦ ᠨᠢ᠄ ᠬᠤᠲᠠ ᠶᠢᠨ ᠨᠠᠮ ᠤᠨ ᠬᠤᠷᠢᠶᠠᠨ ᠤ ᠠᠯᠪᠠᠨ ᠭᠡᠷ᠂ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠠᠯᠪᠠᠨ ᠭᠡᠷ᠂ ᠤᠯᠤᠰ ᠲᠥᠷᠥ ᠶᠢᠨ ᠵᠥᠪᠯᠡᠯᠭᠡᠨᠦ ᠠᠯᠪᠠᠨ ᠭᠡᠷ᠂ | ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠠᠯᠪᠠᠨ ᠭᠡᠷ | |