ᠳᠥᠷᠪᠡᠳ ᠬᠤᠰᠢᠭᠤᠨ ᠤ ᠪᠠᠰᠠ ᠨᠢᠭᠡᠨ ᠠᠷᠠᠳ ᠤᠨ ᠠᠮᠢᠳᠤᠷᠠᠯ ᠤᠨ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠪᠠᠷ ᠪᠠᠶᠢᠨ᠎ᠠ
ᠨᠡᠶᠢᠲᠡᠯᠡᠭᠰᠡᠨ ᠴᠠᠭ᠄
2023/5/10
      ᠱᠠᠩ ᠳ᠋ᠧ ᠦᠨᠳᠦᠰᠦᠲᠡᠨ ᠤ ᠬᠡᠤᠬᠡᠳ ᠤᠨ ᠴᠡᠴᠡᠷᠯᠢᠭ ᠪᠣᠯ ᠳᠥᠷᠪᠡᠳ ᠬᠤᠰᠢᠭᠤᠨ ᠤ 2023 ᠣᠨ ᠤ ᠭᠤᠤᠯᠳᠠᠯᠭ᠎ᠠ ᠲᠠᠢ ᠳᠥᠯᠭᠢᠨ ᠠᠬᠢᠭᠤᠯᠬᠤ ᠲᠥᠷᠥᠯ ᠵᠦᠶᠯ ᠤᠨ ᠨᠢᠭᠡ ᠪᠣᠯᠤᠨ᠎ᠠ᠂ ᠲᠣᠰ ᠲᠥᠷᠥᠯ ᠵᠦᠶᠯ ᠨᠢ 1.35 ᠲᠦᠮᠡᠨ ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠪᠠᠷᠢᠯᠭ᠎ᠠ ᠶᠢᠨ ᠲᠠᠯᠠᠪᠠᠶ ᠨᠢ 4900.6 ᠲᠡᠭᠰᠢ ᠳᠥᠷᠪᠡᠯᠵᠢᠨ ᠮᠧᠲᠷ᠂ ᠭᠤᠷᠪᠠᠨ ᠳᠠᠪᠬᠤᠷ ᠬᠦᠷᠢᠶᠡᠲᠦ ᠪᠦᠲᠦᠴᠡ ᠲᠠᠢ᠂ ᠨᠡᠶᠢᠲᠡ 1977 ᠲᠦᠮᠡᠨ ᠲᠥᠭᠦᠷᠢᠭ ᠤᠨ ᠪᠠᠯᠠ ᠣᠷᠣᠭᠤᠯᠤᠭᠰᠠᠨ ᠪᠠᠶᠢᠨ᠎ᠠ᠃ ᠲᠣᠰ ᠬᠡᠤᠬᠡᠳ ᠤᠨ ᠴᠡᠴᠡᠷᠯᠢᠭ 12 ᠵᠢᠭᠠᠨ ᠰᠤᠷᠭᠠᠯᠲᠠ ᠶᠢᠨ ᠠᠩᠭᠢ ᠲᠠᠢ᠂ ᠪᠠᠶᠢᠭᠤᠯᠵᠤ ᠳᠠᠭᠤᠰᠤᠭᠰᠠᠨ ᠤ ᠳᠠᠷᠠᠭ᠎ᠠ 360 ᠰᠤᠷᠬᠤ ᠨᠠᠰᠤᠨ ᠤ ᠬᠡᠤᠬᠡᠳ ᠢ ᠴᠡᠴᠡᠷᠯᠢᠭ ᠲᠤ ᠣᠷᠣᠭᠤᠯᠵᠤ ᠪᠣᠯᠤᠨ᠎ᠠ᠃ ᠡᠭᠦᠨ ᠤ ᠬᠠᠮᠲᠤ ᠠᠯᠪᠠᠨ ᠠᠴᠠ ᠡᠷᠬᠢᠯᠡᠭᠰᠡᠨ ᠡᠷᠳᠡᠮ ᠤᠨ ᠴᠣᠯᠠ ᠶᠢ 360 ᠨᠡᠮᠡᠭᠳᠡᠭᠦᠯᠦᠨ᠎ᠡ᠃ 5 ᠰᠠᠷ᠎ᠠ ᠶᠢᠨ 8 ᠤ ᠡᠳᠦᠷ ᠪᠣᠯᠲᠠᠯ᠎ᠠ᠂ ᠨᠢᠭᠡᠨᠲᠡ ᠰᠤᠷᠤᠯᠭ᠎ᠠ ᠡᠬᠢᠯᠡᠬᠦ ᠴᠢᠳᠠᠪᠤᠷᠢ ᠲᠠᠢ ᠪᠣᠯᠵᠣ᠂ ᠵᠢᠱᠢᠯᠲᠡ ᠪᠠᠷ 8 ᠰᠠᠷ᠎ᠠ ᠶᠢᠨ 30 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠣᠵᠤ᠂ ᠠᠩᠬᠠᠨ ᠤ ᠪᠦᠯᠦᠭ ᠰᠣᠷᠣᠭᠴᠢ ᠪᠠᠨ ᠤᠭᠲᠤᠬᠤ ᠪᠣᠯᠤᠨ᠎ᠠ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2