ᠳᠤᠮᠳᠠᠳᠤ ᠡᠸᠦ᠋ᠷᠦᠫᠡ ᠵᠢᠰᠢᠶᠠᠨ ᠤ ᠭᠠᠯᠳᠤ ᠳᠡᠷᠬᠡᠨ ᠳᠤ ᠰᠠᠭᠤᠬᠤ    ᠪᠤᠭᠤᠳᠠᠢ ᠶᠢᠨ ᠬᠡᠪᠡᠭ ᠤᠨ ᠮᠥᠬᠦᠯᠢᠭ ᠠᠴᠢᠭᠰᠠᠨ ᠺᠠᠽᠠᠭᠰᠲ᠋ᠠᠨ ᠠᠴᠠ ᠪᠤᠴᠠᠬᠤ ᠭᠠᠯᠲᠤ ᠲᠡᠷᠭᠡ ᠠᠩᠬ᠎ᠠ ᠤᠳᠠᠭ᠎ᠠ ᠳᠣᠯᠣᠳᠤᠭᠠᠷ ᠰᠤᠮᠤᠨ ᠤ ᠠᠵᠤ ᠦᠢᠯᠡᠰ ᠤᠨ ᠬᠦᠷᠢᠶᠡᠯᠡᠩ ᠳᠤ ᠬᠦᠷᠪᠡ
ᠨᠡᠶᠢᠲᠡᠯᠡᠭᠰᠡᠨ ᠴᠠᠭ᠄
2023/5/11
    2 ᠰᠠᠷ᠎ᠠ ᠶᠢᠨ 28  ᠤ ᠦᠳᠡ ᠶᠢᠨ ᠬᠤᠶᠢᠨᠠᠬᠢ 3 ᠴᠠᠭ 40 ᠮᠢᠨᠦ᠋ᠲ ᠲᠤ᠂ ᠺᠠᠽᠠᠭᠰᠲ᠋ᠠᠨ ᠠᠴᠠ ᠢᠷᠡᠭᠰᠡᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ᠂ 62 ᠴᠢᠩᠭᠡᠯᠢᠭ ᠤᠨ ᠪᠤᠭᠤᠳᠠᠢ ᠶᠢᠨ ᠬᠡᠪᠡᠭ ᠤᠨ ᠮᠥᠬᠦᠯᠢᠭ ᠳᠦᠭᠦᠷᠴᠦ᠂ ᠳᠣᠯᠣᠳᠤᠭᠠᠷ ᠰᠤᠮᠤᠨ ᠤ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠠᠵᠤ ᠦᠢᠯᠡᠰ ᠤᠨ ᠬᠦᠷᠢᠶᠡᠯᠡᠩ ᠤᠨ ᠲᠡᠮᠦᠷ ᠵᠠᠮ ᠤᠨ ᠪᠠᠷᠠᠭᠠᠨ ᠤ ᠭᠦᠢᠯᠭᠡᠭᠡᠨ ᠤ ᠲᠥᠪ ᠲᠤ ᠯᠠᠪᠳᠠᠭᠤᠨ ᠲᠣᠭᠲᠠᠭᠤᠨ ᠢᠶᠠᠷ ᠵᠣᠭᠰᠣᠪᠠ᠃ ᠡᠨᠡ ᠪᠣᠯ ᠮᠠᠨ ᠤ ᠬᠤᠳᠠ ᠶᠢᠨ ᠳᠤᠮᠳᠠᠳᠤ ᠡᠸᠦ᠋ᠷᠦᠫᠡ ᠶᠢᠨ ᠵᠢᠰᠢᠶᠠᠨ ᠤ ᠭᠠᠯᠲᠤ ᠲᠡᠷᠭᠡ ᠶᠢ ᠨᠡᠪᠲᠡᠷᠡᠭᠦᠯᠦᠭᠰᠡᠨ ᠠᠴᠠ ᠨᠠᠰᠢ᠂ ᠠᠩᠬ᠎ᠠ ᠤᠳᠠᠭ᠎ᠠ ᠳᠤᠮᠳᠠᠳᠤ ᠠᠽᠢᠶ᠎ᠠ ᠶᠢᠨ ᠴᠢᠭᠯᠡᠯ ᠳᠤ ᠪᠤᠭᠤᠳᠠᠢ ᠶᠢᠨ ᠬᠡᠪᠡᠭ ᠤᠨ ᠮᠥᠬᠦᠯᠢᠭ ᠳᠦᠭᠦᠷᠡᠩ ᠠᠴᠢᠭᠰᠠᠨ ᠪᠤᠴᠠᠬᠤ ᠵᠢᠰᠢᠶᠠᠨ ᠤ ᠭᠠᠯᠲᠤ ᠲᠡᠷᠭᠡ ᠪᠣᠯᠣᠨ᠎ᠠ᠂ ᠡᠨᠡ ᠨᠢ ᠮᠠᠨ ᠤ ᠬᠤᠳᠠ ᠶᠢᠨ ᠭᠠᠳᠠᠭᠠᠳᠤ ᠣᠷᠣᠭᠤᠯᠤᠯᠲᠠ ᠶᠢᠨ ᠠᠷᠠᠯᠵᠢᠶ᠎ᠠ ᠶᠢ ᠠᠬᠢᠭᠤᠯᠵᠤ ᠰᠢᠨ᠎ᠡ ᠶᠢ ᠡᠭᠦᠳᠬᠦ ᠵᠢᠱᠢᠶ᠎ᠡ ᠦᠵᠡᠭᠦᠯᠬᠦ ᠣᠷᠣᠨ ᠤ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2