| | ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠤᠭᠤᠯᠤᠯᠲᠠ ᠨᠢ 1.48 ᠳ᠋ᠦᠩᠰᠢᠭᠤᠷ ᠲᠥᠭᠦᠷᠢᠭ ᠪᠠᠶᠢᠵᠤ᠂ | ᠪᠡᠯᠡ ᠮᠥᠩᠭᠦ ᠶᠢᠨ ᠢᠷᠡᠯᠲᠡ ᠨᠢ ᠪᠠᠩᠬᠢ ᠶᠢᠨ ᠪᠡᠯᠡ ᠲᠣᠬᠢᠷᠠᠭᠤᠯᠭ᠎ᠠ 1.1 ᠳ᠋ᠦᠩᠰᠢᠭᠤᠷ ᠲᠥᠭᠦᠷᠢᠭ ᠪᠠᠶᠢᠵᠤ᠂ | ᠠᠵᠤ ᠠᠬᠤᠶᠢᠯᠠᠯ ᠥᠪᠡᠰᠦᠪᠡᠨ 0.38 ᠳ᠋ᠦᠩᠰᠢᠭᠤᠷ ᠲᠥᠭᠦᠷᠢᠭ ᠴᠤᠭᠯᠠᠭᠤᠯᠪᠠ᠃ ᠭᠤᠣᠯ ᠪᠣᠯᠬᠤ ᠪᠦᠲᠦᠭᠡᠨ | ᠪᠠᠶᠢᠭᠤᠯᠤᠯᠲᠠ ᠶᠢᠨ ᠠᠭᠤᠯᠭ᠎ᠠ ᠳᠤ ᠪᠥᠬᠦ ᠬᠤᠰᠢᠭᠤᠨ ᠤ 8 ᠰᠢᠶᠠᠩ ᠪᠠᠯᠭᠠᠰᠤ᠂ 16 ᠵᠠᠰᠠᠭ ᠵᠠᠬᠢᠷᠭᠠᠨ ᠤ | ᠲᠣᠰᠬᠤᠨ᠂ 20 ᠠᠶᠢᠯ ᠲᠣᠰᠬᠤᠨ ᠢ ᠪᠠᠭᠲᠠᠭᠠᠵᠤ᠂ 490 ᠬᠤᠨᠢᠨ ᠤ ᠰᠠᠷᠠᠪᠴᠢ ᠪᠠ 490 ᠨᠣᠭᠤᠭᠠᠨ | ᠳᠠᠷᠤᠰᠢᠨ ᠤ ᠵᠣᠭᠤᠷᠢ ᠰᠢᠨ᠎ᠡ ᠪᠠᠷ ᠪᠠᠶᠢᠭᠤᠯᠬᠤ ᠵᠢᠴᠢ ᠬᠥᠯᠳᠡᠭᠡᠬᠦ ᠲᠥᠬᠦᠭᠡᠷᠦᠮᠵᠢ ᠵᠢᠴᠢ ᠬᠥᠯᠳᠡᠭᠡᠵᠦ | ᠬᠡᠯᠬᠢᠶᠡᠵᠢᠭᠦᠯᠬᠦ ᠮᠠᠰᠢᠨ ᠲᠡᠷᠭᠡ ᠬᠤᠳᠠᠯᠳᠤᠨ ᠠᠪᠬᠤ ᠵᠡᠷᠭᠡ ᠠᠭᠤᠯᠭ᠎ᠠ ᠶᠢ ᠪᠠᠭᠲᠠᠭᠠᠨ᠎ᠠ᠃ | 5 ᠰᠠᠷ᠎ᠠ ᠶᠢᠨ 10 ᠤ ᠡᠳᠦᠷ ᠪᠣᠯᠲᠠᠯ᠎ᠠ᠂ ᠲᠣᠰ ᠲᠥᠷᠥᠯ ᠵᠦᠢᠯ ᠨᠢ ᠨᠢᠭᠡᠨᠲᠡ ᠲᠥᠷᠥᠯ ᠵᠦᠢᠯ ᠲᠣᠭᠲᠠᠭᠠᠬᠤ | ᠂ ᠨᠡᠶᠢᠭᠡᠮ ᠤᠨ ᠲᠣᠭᠲᠠᠭᠤᠨ ᠪᠠᠶᠢᠳᠠᠯ ᠤᠨ ᠲᠦᠭᠰᠢᠭᠦᠷᠢ ᠶᠢᠨ ᠦᠨᠡᠯᠡᠯᠲᠡ᠂ ᠣᠷᠴᠢᠨ ᠲᠣᠭᠤᠷᠢᠨ ᠤ ᠨᠥᠯᠥᠭᠡᠯᠡᠯ ᠤᠨ | ᠦᠨᠡᠯᠡᠯᠲᠡ᠂ ᠳᠠᠷᠤᠵᠤ ᠬᠥᠷᠪᠡᠭᠦᠯᠦᠭᠰᠡᠨ ᠠᠭᠤᠷᠬᠠᠢ ᠶᠢ ᠪᠠᠶᠢᠴᠠᠭᠠᠨ ᠯᠠᠪᠯᠠᠬᠤ᠂ ᠬᠠᠶᠢᠨ ᠬᠡᠮᠵᠢᠵᠦ ᠵᠠᠭᠠᠭ | ᠲᠣᠭᠲᠠᠭᠠᠬᠤ᠂ ᠦᠨᠳᠦᠰᠦᠨ ᠲᠠᠷᠢᠶᠠᠨ ᠭᠠᠵᠠᠷ ᠢ ᠪᠠᠶᠢᠴᠠᠭᠠᠨ ᠯᠠᠪᠯᠠᠬᠤ᠂ ᠭᠠᠯ ᠤᠨᠲᠠᠷᠠᠭᠠᠬᠤ᠂ ᠳᠦᠬᠦᠬᠡᠷᠦᠮᠵᠢᠳᠦ | ᠲᠠᠷᠢᠶᠠᠯᠠᠩ ᠳᠤ ᠬᠡᠷᠡᠭᠯᠡᠬᠦ ᠭᠠᠵᠠᠷ ᠢ ᠳᠠᠩᠰᠠᠯᠠᠭᠤᠯᠤᠨ ᠬᠥᠮᠥᠷᠭᠡ ᠳᠤ ᠣᠷᠣᠭᠤᠯᠬᠤ ᠪᠠ 20 ᠲᠣᠰᠬᠤᠨ ᠤ ᠬᠥᠳᠡᠭᠡ | ᠲᠣᠰᠬᠤᠨ ᠤ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠵᠥᠪᠰᠢᠶᠡᠷᠡᠯ ᠤᠨ ᠦᠨᠡᠮᠯᠡᠯ ᠵᠡᠷᠭᠡ ᠡᠮᠦᠨᠡᠬᠢ | ᠬᠤᠭᠤᠴᠠᠭᠠᠨ ᠤ ᠭᠠᠷ ᠭᠦᠢᠴᠡᠳᠬᠡᠯ ᠢ ᠵᠠᠯᠭᠠᠭᠠᠪᠡᠷ ᠪᠡᠶᠡᠯᠡᠭᠦᠯᠦᠭᠰᠡᠨ ᠪᠠᠶᠢᠨ᠎ᠠ᠃ ᠲᠠᠷᠢᠶᠠᠯᠠᠩ ᠤᠨ ᠲᠠᠷᠬᠠᠭᠠᠯᠲᠠ ᠶᠢᠨ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠪᠢᠶᠠᠷᠢ ᠪᠠᠩᠬᠢ ᠨᠢᠭᠡᠨᠲᠡ ᠲᠥᠷᠥᠯ ᠵᠦᠢᠯ ᠤᠨ ᠪᠡᠯᠡ | ᠲᠣᠬᠢᠷᠠᠭᠤᠯᠭ᠎ᠠ ᠶᠢᠨ ᠵᠢᠭᠡᠯᠡᠯᠭᠡ ᠶᠢᠨ ᠬᠢᠨᠠᠯᠲᠠ ᠶᠢ ᠥᠩᠭᠡᠷᠡᠭᠡᠭᠰᠡᠨ ᠪᠥᠭᠡᠳ ᠡᠬᠢ ᠪᠠᠶᠠᠯᠢᠭ ᠤᠨ ᠺᠣᠮᠫᠠᠨᠢ ᠨᠢ ᠶᠠᠭ | ᠲᠥᠷᠥᠯ ᠵᠦᠢᠯ ᠳᠤ ᠬᠤᠯᠪᠣᠭᠳᠠᠭᠰᠠᠨ 20 ᠲᠣᠰᠬᠤᠨ ᠤ ᠭᠠᠵᠠᠷ ᠰᠣᠩᠭᠤᠬᠤ ᠳᠤ ᠭᠠᠵᠠᠷ ᠰᠢᠨᠵᠢᠯᠡᠭᠡᠨ ᠤ ᠬᠠᠶᠢᠨ | ᠰᠢᠨᠵᠢᠯᠡᠯᠲᠡ ᠬᠢᠵᠦ᠂ ᠲᠥᠷᠥᠯ ᠵᠦᠢᠯ ᠤᠨ ᠡᠷᠲᠡᠬᠡᠨ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠦᠨᠡᠨᠬᠦ | ᠪᠠᠲᠤᠯᠠᠵᠤ ᠪᠣᠶ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |