| | ᠬᠥᠷᠥᠰᠥ ᠰᠢᠷᠣᠢ ᠶᠢᠨ ᠬᠦᠴᠢᠯᠵᠢᠬᠦ ᠪᠠᠶᠢᠳᠠᠯ ᠢ ᠪᠦᠲᠦᠮᠵᠢᠲᠡᠢ ᠰᠠᠶᠢᠵᠢᠷᠠᠭᠤᠯᠵᠤ᠂ ᠭᠠᠵᠠᠷ ᠤᠨ ᠰᠢᠮ᠎ᠡ ᠶᠢ | ᠳᠡᠭᠡᠭᠰᠢᠯᠡᠭᠦᠯᠦᠨ᠂ ᠯᠢᠶᠡᠩᠴᠧᠩ ᠤᠨ ᠳᠠᠭ᠎ᠠ ᠶᠢᠨ ᠨᠠᠭᠤᠷ ᠤᠨ ᠰᠠᠪᠠ ᠭᠠᠵᠠᠷ ᠤᠨ ᠲᠠᠷᠢᠶᠠᠨ ᠭᠠᠵᠠᠷ ᠤᠨ ᠶᠠᠰᠤ | ᠴᠢᠨᠠᠷ ᠢ ᠳᠡᠭᠡᠭᠰᠢᠯᠡᠭᠦᠯᠵᠦ᠂ ᠠᠮᠤ ᠪᠤᠳᠠᠭᠠᠨ ᠤ ᠤᠨᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ ᠶᠢ | ᠠᠬᠢᠭᠤᠯᠬᠤ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠥᠪᠥᠷ ᠮᠣᠩᠭᠤᠯ ᠤᠨ ᠯᠢᠶᠡᠩᠴᠧᠩ ᠰᠢᠶᠠᠨ ᠤ ᠬᠢᠨ | ᠪᠥᠬᠦ ᠰᠢᠶᠠᠨ ᠤ 6 ᠰᠢᠶᠠᠩ ᠪᠠᠯᠭᠠᠰᠤ᠂ 42 ᠵᠠᠰᠠᠭ ᠵᠠᠬᠢᠷᠭᠠᠨ ᠤ ᠲᠣᠰᠬᠤᠨ ᠳᠤ ᠰᠦᠢᠳᠬᠡᠯ ᠬᠤᠷᠢᠶᠠᠬᠤ | ᠦᠭᠡᠢ ᠪᠠᠷ ᠣᠷᠭᠠᠨᠢᠭ ᠪᠣᠷᠳᠣᠭᠤᠷ ᠲᠦᠭᠡᠭᠡᠨ ᠥᠭᠴᠦ᠂ ︽ᠪᠣᠬᠢᠷᠲᠤᠯ ᠦᠭᠡᠢ ᠬᠠᠪᠤᠷ ᠤᠨ ᠲᠠᠷᠢᠶᠠᠯᠠᠭ᠎ᠠ︾ ᠳᠤ | ᠬᠦᠴᠦᠨ ᠨᠡᠮᠡᠷᠢᠯᠡᠵᠦ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠲᠦᠯᠬᠢᠨ ᠠᠬᠢᠭᠤᠯᠵᠤ ᠪᠠᠶᠢᠨ᠎ᠠ᠃ | ᠡᠨᠡ ᠵᠢᠯ᠂ ᠯᠢᠶᠡᠩᠴᠧᠩ ᠰᠢᠶᠠᠨ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠲᠥᠷᠥᠯ ᠵᠦᠢᠯ ᠢ | ᠦᠷᠭᠦᠯᠵᠢᠯᠡᠨ ᠬᠡᠷᠡᠭᠵᠢᠭᠦᠯᠵᠦ᠂ 3 ᠲᠦᠮᠡᠨ ᠲᠣᠨ ᠣᠷᠭᠠᠨᠢᠭ ᠪᠣᠷᠳᠣᠭᠤᠷ ᠨᠡᠮᠡᠵᠦ ᠣᠷᠣᠭᠤᠯᠬᠤ ᠪᠠᠷ ᠲᠥᠯᠥᠪᠯᠡᠵᠦ | ᠪᠣᠶ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷ ᠳᠡᠮᠵᠢᠨ᠂ 4 ᠰᠠᠷ᠎ᠠ ᠶᠢᠨ 13 ᠤ ᠡᠳᠦᠷ ᠠᠴᠠ ᠡᠬᠢᠯᠡᠨ | ᠪᠣᠷᠳᠣᠭᠤᠷ ᠬᠠᠩᠭᠠᠵᠤ᠂ ᠣᠳᠣᠬᠠᠨ ᠳᠤ ᠨᠢᠭᠡᠨᠲᠡ ᠪᠦᠬᠦᠨ ᠢ ᠲᠦᠭᠡᠭᠡᠪᠡ᠃ ᠡᠨᠡᠬᠦ ᠲᠦᠷᠦᠯ ᠵᠦᠢᠯ ᠢ | ᠬᠡᠷᠡᠭᠵᠢᠭᠦᠯᠬᠦ ᠪᠠᠷ ᠲᠠᠮᠵᠢᠨ᠂ ᠪᠤᠷᠳᠤᠭᠤᠷ ᠢ ᠪᠠᠭᠠᠰᠬᠠᠵᠤ ᠠᠮᠤ ᠪᠤᠳᠠᠭ᠎ᠠ ᠶᠢ ᠨᠡᠮᠡᠭᠳᠡᠭᠦᠯᠵᠤ᠂ ᠭᠠᠵᠠᠷ ᠤᠨ ᠥᠩ | ᠰᠢᠮ᠎ᠡ ᠶᠢ ᠨᠡᠮᠡᠭᠳᠡᠭᠦᠯᠵᠤ᠂ ᠲᠠᠷᠢᠶᠠᠯᠠᠩ ᠤᠨ ᠤᠯᠠᠨ ᠡᠬᠢᠲᠦ ᠪᠣᠬᠢᠷᠲᠤᠯ ᠢ ᠪᠠᠭᠠᠰᠬᠠᠵᠤ᠂ ᠳᠠᠭ᠎ᠠ ᠶᠢᠨ ᠨᠠᠭᠤᠷ ᠢ | ᠬᠠᠮᠠᠭᠠᠯᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠵᠤ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ | ᠵᠣᠷᠢᠯᠭ᠎ᠠ ᠳᠤ ᠬᠦᠷᠦᠭᠰᠡᠨ ᠪᠠᠶᠢᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |