ᠰᠢᠩ ᠾᠧ ᠰᠢᠶᠠᠨ 2023 ᠣᠨ ᠤ ᠬᠤᠶᠠᠳᠤᠭᠠᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2023/5/15
    ᠶᠠᠳᠠᠭᠤ ᠠᠴᠠ ᠠᠩᠭᠢᠵᠢᠷᠠᠭᠤᠯᠬᠤ ᠠᠷᠭ᠎ᠠ ᠬᠡᠮᠵᠢᠶ᠎ᠡ ᠶᠢ ᠴᠢᠨᠠᠭᠰᠢᠳᠠ ᠪᠠᠬᠢᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠳᠡᠭᠡᠭᠰᠢᠯᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠬᠦ ᠶᠢᠨ ᠲᠥᠯᠥᠭᠡ᠂ 5 ᠰᠠᠷ᠎ᠠ ᠶᠢᠨ 13  ᠤ ᠡᠳᠦᠷ᠂ ᠰᠢᠩ ᠾᠧ ᠰᠢᠶᠠᠨ 2023 ᠣᠨ ᠤ ᠬᠤᠶᠠᠳᠤᠭᠠᠷ ᠤᠯᠠᠷᠢᠯ ᠤᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠲᠤᠰᠬᠠᠢ ᠰᠡᠳᠦᠪᠲᠦ ᠪᠣᠯᠪᠠᠰᠤᠷᠠᠭᠤᠯᠤᠯ ᠤᠨ ᠬᠤᠷᠠᠯ ᠢ ᠡᠷᠬᠢᠯᠡᠪᠡ᠃     ᠬᠤᠷᠠᠯ ᠠᠴᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠣᠨ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾  ᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠬᠡᠷᠡᠭᠲᠡᠢ᠃ ᠡᠭᠦᠷᠭᠡ ᠶᠢᠨ ᠨᠠᠷᠢᠨ ᠲᠠᠩᠰᠠ ᠪᠠᠶᠢᠭᠤᠯᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠬᠠᠪᠰᠤᠷᠤᠨ ᠲᠡᠳᠬᠦᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ᠂ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠲᠠᠩᠰᠠ ᠡᠪᠬᠡᠮᠡᠯ ᠤᠨ ᠮᠠᠲ᠋ᠧᠷᠢᠶᠠᠯ ᠢ ᠡᠮᠬᠢᠯᠡᠬᠦ ᠵᠡᠷᠭᠡ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠴᠢᠩᠭ᠎ᠠ ᠠᠳᠬᠤᠨ ᠪᠣᠳᠠᠲᠠᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠠᠵᠢᠯ ᠤᠨ ᠪᠣᠳᠠᠲᠤ ᠦᠷ᠎ᠡ ᠪᠦᠲᠦᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠡᠲᠡᠭᠡᠳ ᠲᠤ ᠠᠩᠬᠠᠷᠤᠯ ᠢᠶᠠᠨ ᠲᠥᠪᠯᠡᠷᠡᠭᠦᠯᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠢ ᠴᠢᠩᠭᠠᠳᠬᠠᠵᠤ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠢ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠬᠡ ᠲᠠᠩᠰᠠ ᠶᠢᠨ ᠮᠠᠲ᠋ᠧᠷᠢᠶᠠᠯ ᠢ ᠪᠠᠶᠢᠭᠤᠯᠤᠨ ᠲᠡᠭᠦᠯᠳᠡᠷᠵᠢᠭᠦᠯᠵᠦ᠂ ᠤᠯᠠᠨ ᠲᠦᠮᠡᠨ ᠤ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠬᠢᠨᠠᠨ ᠬᠡᠮᠵᠢᠯᠲᠡ ᠶᠢᠨ ᠵᠥᠪ ᠣᠨᠣᠪᠴᠢᠲᠠᠢ᠂ ᠬᠠᠪᠰᠤᠷᠤᠨ ᠲᠡᠳᠬᠦᠬᠦ ᠶᠢᠨ ᠤᠨᠢᠨ ᠳᠡᠭᠡᠷ᠎ᠡ ᠨᠢ ᠪᠠᠶᠢᠬᠤ ᠶᠢ ᠪᠠᠲᠤᠯᠠᠵᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠦᠷᠭᠦᠯᠵᠢᠯᠡᠨ ᠠᠬᠢᠭᠤᠯᠵᠤ ᠲᠣᠭᠲᠠᠭᠤᠨ ᠢᠶᠠᠷ ᠤᠷᠤᠭᠰᠢᠯᠠᠭᠤᠯᠬᠤ ᠬᠡᠷᠡᠭᠲᠡᠢ ᠭᠡᠵᠤ ᠴᠢᠬᠤᠯᠠᠴᠢᠯᠠᠪᠠ᠃                                    ᠤᠷᠴᠢᠭᠤᠯᠤᠭᠴᠢ᠄ ᠬᠦᠰᠡᠯ                                    ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2