ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠬᠤᠪᠢ ᠬᠥᠮᠥᠨ ᠢ ᠬᠥᠬᠢᠭᠦᠯᠦᠨ ᠰᠠᠶᠢᠰᠢᠶᠠᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2023/5/16
   5 ᠰᠠᠷ᠎ᠠ ᠶᠢᠨ 12 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠯᠠᠭᠠᠨᠴᠠᠪ ᠬᠤᠲᠠ ᠶᠢᠨ ᠲᠥᠮᠥᠰᠥᠨ ᠤ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠦᠲᠦᠭᠡᠨ ᠪᠠᠶᠢᠭᠤᠯᠤᠯᠲᠠ ᠶᠢᠨ ᠲᠥᠰᠥᠯ︾ ᠢ ᠬᠢᠨᠠᠨ ᠶᠠᠷᠢᠯᠴᠠᠵᠤ᠂ ᠪᠥᠬᠦ ᠬᠤᠲᠠ ᠶᠢᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠡᠶᠢᠲᠡ ᠪᠠ ᠵᠢᠱᠢᠶᠡᠴᠢ ᠬᠤᠪᠢ ᠬᠥᠮᠥᠨ ᠢ ᠲᠠᠨᠢᠯᠴᠠᠭᠤᠯᠵᠤ ᠰᠢᠯᠭᠠᠷᠠᠭᠤᠯᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ︽ᠭᠤᠷᠪᠠᠨ ᠲᠥᠪ᠂ ᠭᠤᠷᠪᠠᠨ ᠰᠠᠭᠤᠷᠢᠨ᠂ ᠭᠤᠷᠪᠠᠨ ᠠᠵᠤ ᠦᠢᠯᠡᠰ ᠤᠨ ᠬᠦᠷᠢᠶᠡᠯᠡᠩ᠂ ᠭᠤᠷᠪᠠᠨ ᠲᠥᠪᠯᠡᠷᠡᠭᠰᠡᠨ ᠣᠷᠣᠨ᠂ ᠲᠠᠪᠤᠨ ᠲᠠᠷᠢᠮᠠᠯ ᠤᠨ ᠵᠢᠱᠢᠶ᠎ᠡ ᠦᠵᠡᠭᠦᠯᠬᠦ ᠪᠦᠰᠡ︾ ᠶᠢ ᠪᠦᠲᠦᠭᠡᠨ ᠪᠠᠶᠢᠭᠤᠯᠬᠤ ᠶᠡᠷᠦᠩᠬᠡᠢ ᠬᠠᠷᠠᠯᠲᠠ ᠶᠢᠨ ᠲᠣᠭᠤᠷᠢᠨ ᠳᠤ᠂ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠦᠵᠡᠯ ᠰᠠᠨᠠᠭ᠎ᠠ ᠶᠢ ᠪᠤᠢ ᠪᠣᠯᠭᠠᠵᠤ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠲᠠᠷᠢᠮᠠᠯ ᠤᠨ ᠪᠦᠲᠦᠴᠡ ᠶᠢ ᠰᠢᠯᠢᠳᠡᠭᠵᠢᠭᠦᠯᠵᠦ᠂ ᠲᠠᠷᠢᠮᠠᠯ ᠤᠨ ᠲᠠᠯᠠᠪᠠᠢ ᠶᠢ ᠲᠣᠭᠲᠠᠪᠤᠷᠢᠵᠢᠭᠤᠯᠵᠤ᠂ ᠰᠢᠨ᠎ᠡ ᠰᠣᠷᠭᠤᠭ ᠲᠥᠮᠥᠰᠥ ᠶᠢᠨ ᠤᠨᠠᠯᠲᠠ ᠶᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠲᠥᠮᠥᠰᠥ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠢ ᠪᠦᠬᠦ ᠲᠠᠯ᠎ᠠ ᠪᠠᠷ ᠴᠣᠭᠴᠠᠯᠠᠬᠤ ᠬᠡᠷᠡᠭᠲᠡᠢ᠃ ᠢᠯᠡ ᠲᠣᠳᠣ ᠡᠷᠬᠡ ᠲᠡᠭᠰᠢ ᠲᠥᠪ ᠭᠤᠣᠯᠴᠢ ᠪᠠᠶᠢᠬᠤ ᠵᠠᠷᠴᠢᠮ ᠢ ᠪᠠᠷᠢᠮᠲᠠᠯᠠᠵᠤ᠂ ᠲᠡᠷᠢᠭᠦᠨ ᠤ ᠨᠡᠶᠢᠲᠡᠯᠢᠭ ᠵᠢᠱᠢᠶ᠎ᠡ ᠶᠢ ᠭᠦᠨᠵᠡᠭᠡᠢ ᠠᠭᠤᠳᠠᠯᠤᠨ ᠰᠠᠶᠢᠰᠢᠶᠠᠵᠤ᠂ ᠪᠦᠬᠦ ᠬᠤᠳᠠ ᠶᠢᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠤ ᠡᠷᠬᠢᠮ ᠳᠡᠭᠡᠳᠦ ᠢᠷᠠᠭᠤ ᠠᠯᠳᠠᠷ ᠢ ᠦᠨᠡᠨᠬᠦ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃                                                      ᠣᠷᠴᠢᠭᠤᠯᠤᠭᠴᠢ᠄ ᠭᠤᠸ᠎ᠠ                                                      ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2