【ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ】 ᠯᠢᠶᠡᠩᠴᠧᠩ ᠰᠢᠶᠠᠨ ᠤ ᠬᠢᠨ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ ᠨᠢᠭᠡᠨᠲᠡ 47.7 ᠲᠦᠮᠡᠨ ᠮᠦ ᠪᠡᠶᠡᠯᠡᠭᠦᠯᠪᠡ
ᠨᠡᠶᠢᠲᠡᠯᠡᠭᠰᠡᠨ ᠴᠠᠭ᠄
2023/5/16
  ᠴᠠᠭ ᠢ ᠠᠮᠵᠢᠵᠤ ᠲᠠᠷᠢᠶᠠᠯᠠᠩ ᠤᠨ ᠶᠠᠪᠤᠳᠠᠯ ᠢ ᠰᠠᠭᠠᠲᠠᠭᠠᠬᠤ ᠦᠭᠡᠢ᠂ ᠦᠢᠯᠡᠳᠪᠦᠷᠢᠯᠡᠯ ᠢᠶᠠᠨ ᠠᠬᠢᠭᠤᠯᠵᠤ ᠬᠠᠪᠤᠷ ᠤᠨ ᠴᠠᠭ ᠢ ᠬᠥᠰᠡᠷᠳᠡᠭᠦᠯᠬᠦ ᠦᠭᠡᠢ᠃ ᠯᠢᠶᠡᠩᠴᠧᠩ ᠰᠢᠶᠠᠨ ᠤ ᠲᠠᠷᠢᠶᠠᠯᠠᠩ ᠤᠨ ᠰᠠᠯᠠᠭ᠎ᠠ ᠮᠥᠴᠢᠷ ᠡᠷᠲᠡ ᠠᠴᠠ ᠪᠠᠶᠢᠷᠢᠯᠠᠭᠤᠯᠵᠤ᠂ ᠡᠷᠲᠡ ᠠᠴᠠ ᠲᠥᠯᠥᠪᠵᠢᠭᠦᠯᠵᠦ᠂ ᠡᠷᠲᠡ ᠠᠴᠠ ᠨᠠᠶᠢᠳᠠᠪᠤᠷᠢᠵᠢᠭᠤᠯᠵᠤ᠂ ᠴᠠᠭᠠᠨ ᠰᠠᠷ᠎ᠠ ᠥᠩᠭᠡᠷᠡᠭᠰᠡᠨ ᠤ ᠳᠠᠷᠠᠭ᠎ᠠ ᠪᠥᠬᠦ ᠰᠢᠶᠠᠨ ᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠪᠠᠶᠢᠷᠢᠯᠠᠭᠤᠯᠤᠯᠲᠠ ᠬᠢᠬᠦ ᠶᠢᠨ ᠬᠠᠮᠲᠤ ᠠᠵᠤ ᠦᠢᠯᠡᠰ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ 6 ᠲᠦᠮᠡᠨ ᠮᠦ ᠣᠷᠭᠠᠨᠢᠭ ᠬᠠᠭᠤᠷᠠᠢ ᠲᠠᠷᠢᠶᠠᠯᠠᠩ ᠢ ᠳᠠᠷᠢᠪᠠ᠃ ᠡᠨᠡ ᠵᠢᠯ᠂ ᠯᠢᠶᠡᠩᠴᠧᠩ ᠰᠢᠶᠠᠨ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ 73.55 ᠲᠦᠮᠡᠨ ᠮᠦ ᠳᠠᠷᠢᠬᠤ ᠪᠠᠷ ᠲᠥᠯᠥᠪᠯᠡᠵᠦ ᠪᠠᠶᠢᠨ᠎ᠠ᠂ ᠣᠲᠣ ᠪᠣᠯᠲᠠᠯ᠎ᠠ᠂ ᠠᠮᠤ ᠪᠤᠳᠠᠭᠠᠨ ᠤ ᠲᠠᠷᠢᠮᠠᠯ ᠤᠨ ᠲᠠᠯᠠᠪᠠᠶ ᠶᠢ ᠨᠢᠭᠡᠨᠲᠡ 47.7 ᠲᠦᠮᠡᠨ ᠮᠦ ᠳᠠᠷᠢᠵᠤ᠂ ᠡᠭᠦᠨ ᠤ ᠳᠣᠲᠣᠷ᠎ᠠ ᠡᠷᠳᠡᠨᠢ ᠰᠢᠰᠢ ᠶᠢ 25 ᠲᠦᠮᠡᠨ ᠮᠦ ᠳᠠᠷᠢᠵᠤ᠂ ᠠᠮᠤ ᠪᠤᠳᠠᠭ᠎ᠠ ᠶᠢ 10 ᠲᠦᠮᠡᠨ ᠮᠦ ᠳᠠᠷᠢᠵᠤ᠂ ᠰᠢᠰᠢ ᠶᠢ 10 ᠲᠦᠮᠡᠨ ᠮᠦ ᠳᠠᠷᠢᠵᠤ᠂ ᠰᠢᠯᠦᠬᠡᠢ ᠶᠢ 1.7 ᠲᠦᠮᠡᠨ ᠮᠦ ᠳᠠᠷᠢᠵᠤ᠂ ᠲᠥᠮᠥᠰᠥ ᠶᠢ 1 ᠲᠦᠮᠡᠨ ᠮᠦ ᠳᠠᠷᠢᠵᠤ᠂ ᠬᠠᠷᠠᠯᠲᠠ ᠶᠢᠨ ᠡᠭᠦᠷᠭᠡ ᠶᠢᠨ ᠢᠶᠠᠨ 64.9% ᠶᠢ ᠪᠡᠶᠡᠯᠡᠭᠦᠯᠬᠦ ᠶᠢᠨ ᠬᠠᠮᠲᠤ 2.8 ᠲᠦᠮᠡᠨ ᠲᠣᠨ ᠣᠷᠭᠠᠨᠢᠭ ᠪᠣᠷᠳᠣᠭᠤᠷ ᠲᠠᠷᠬᠠᠭᠠᠵᠠᠢ᠃                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2