ᠯᠢᠶᠡᠩᠴᠧᠩ ᠰᠢᠶᠠᠨ ᠤ ᠵᠢᠷᠭᠤᠳᠤᠭᠠᠷ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠣᠯᠣᠨ ᠱᠧᠩ ᠴᠢᠤᠸᠠᠨ ᠱᠠᠨ ᠵᠤᠸᠠᠩ ᠠᠮᠠᠷᠠᠯᠲᠠ ᠶᠢᠨ ᠬᠢᠵᠠᠭᠠᠷᠲᠤ ᠺᠣᠮᠫᠠᠨᠢ ᠰᠤᠶᠤᠯ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠬᠠᠮᠲᠤᠷᠠᠯᠴᠠᠭᠠᠨ ᠤ ᠭᠡᠷ᠎ᠡ ᠲᠣᠭᠲᠠᠬᠤ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/5/17
    5 ᠰᠠᠷ᠎ᠠ ᠶᠢᠨ 15 ᠤ ᠡᠳᠦᠷ᠂ ᠯᠢᠶᠡᠩᠴᠧᠩ ᠰᠢᠶᠠᠨ ᠤ ᠵᠢᠷᠭᠤᠳᠤᠭᠠᠷ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠯᠢᠶᠡᠩᠴᠧᠩ ᠰᠢᠶᠠᠨ ᠤ ᠱᠧᠩ ᠴᠢᠤᠸᠠᠨ ᠱᠠᠨ ᠵᠤᠸᠠᠩ ᠤᠨ ᠠᠮᠠᠷᠠᠯᠲᠠ ᠶᠢᠨ ᠬᠢᠵᠠᠭᠠᠷᠲᠤ ᠺᠣᠮᠫᠠᠨᠢ ᠲᠠᠢ ᠰᠤᠶᠤᠯ ᠵᠢᠭᠤᠯᠴᠢᠯᠠᠯ ᠤᠨ ᠪᠡᠯᠡ ᠣᠷᠤᠭᠤᠯᠤᠯᠲᠠ ᠶᠢᠨ ᠬᠠᠮᠲᠤᠷᠠᠯᠴᠠᠭᠠᠨ ᠤ ᠭᠠᠷ ᠤᠨ ᠥᠰᠥᠭ ᠵᠢᠷᠤᠬᠤ ᠶᠣᠰᠣᠯᠠᠯ ᠶᠠᠪᠤᠭᠤᠯᠪᠠ᠃ ᠭᠠᠷ ᠤᠨ ᠦᠰᠦᠭ ᠵᠢᠷᠤᠬᠤ ᠶᠣᠰᠣᠯᠠᠯ ᠳᠡᠭᠡᠷ᠎ᠡ᠂ ᠭᠠᠷ ᠤᠨ ᠦᠰᠦᠭ ᠵᠢᠷᠤᠭᠰᠠᠨ ᠬᠤᠶᠠᠷ ᠲᠠᠯ᠎ᠠ ᠪᠠᠷ ᠢᠶᠠᠨ ᠬᠠᠮᠲᠤᠷᠠᠯᠴᠠᠭᠠᠨ ᠤ ᠲᠦᠷᠦᠯ ᠵᠦᠢᠯ ᠤᠨ ᠲᠤᠬᠠᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠭᠰᠠᠨ ᠪᠥᠭᠡᠳ ᠪᠡᠯᠡ ᠣᠷᠤᠭᠤᠯᠤᠯᠲᠠ ᠶᠢᠨ ᠬᠠᠮᠲᠤᠷᠠᠯᠴᠠᠭᠠᠨ ᠤ ᠵᠥᠪᠯᠡᠯᠴᠡᠭᠡᠷ ᠲᠤ ᠭᠠᠷ ᠤᠨ ᠦᠰᠦᠭ ᠵᠢᠷᠤᠵᠠᠢ᠃     ᠯᠢᠶᠡᠩᠴᠧᠩ ᠰᠢᠶᠠᠨ ᠤ ᠱᠧᠩ ᠴᠢᠤᠸᠠᠨ ᠱᠠᠨ ᠵᠤᠸᠠᠩ ᠤᠨ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠠᠮᠠᠷᠠᠯᠲᠠ ᠶᠢᠨ ᠬᠢᠵᠠᠭᠠᠷᠲᠤ ᠺᠣᠮᠫᠠᠨᠢ 2015 ᠣᠨ ᠤ 3 ᠰᠠᠷ᠎ᠠ ᠶᠢᠨ 16 ᠤ ᠡᠳᠦᠷ ᠪᠠᠶᠢᠭᠤᠯᠤᠭᠳᠠᠵᠤ᠂ ᠭᠤᠣᠯᠳᠠᠭᠤ ᠢᠳᠡᠭᠡᠨ ᠤᠮᠳᠠᠭᠠᠨ᠂ ᠵᠢᠭᠠᠰᠤ ᠭᠥᠬᠢᠳᠡᠬᠦ᠂ ᠦᠵᠡᠮᠵᠢ ᠰᠣᠨᠢᠷᠬᠠᠬᠤ ᠵᠡᠷᠭᠡ ᠵᠢᠭᠤᠯᠴᠢᠯᠠᠯ ᠤᠨ ᠵᠦᠢᠯᠡᠰ ᠢ ᠡᠵᠡᠩᠨᠡᠵᠦ ᠪᠣᠶ᠃ ᠵᠢᠷᠭᠤᠳᠤᠭᠠᠷ ᠰᠤᠮᠤᠨ ᠤ ᠵᠧᠨ ᠴᠢᠤᠸᠠᠨ ᠽᠢ ᠭᠧᠦ ᠲᠣᠰᠬᠤᠨ ᠳᠤ ᠪᠡᠯᠡ ᠣᠷᠣᠭᠤᠯᠤᠨ ᠪᠦᠲᠦᠭᠡᠨ ᠪᠠᠶᠢᠭᠤᠯᠤᠭᠰᠠᠨ ᠱᠧᠩ ᠴᠢᠤᠸᠠᠨ ᠱᠠᠨ ᠵᠤᠸᠠᠩ ᠤᠨ ᠠᠷᠠᠳ ᠤᠨ ᠣᠷᠣᠨ ᠰᠠᠭᠤᠴᠠ ᠶᠢᠨ ᠵᠢᠭᠤᠯᠴᠢᠯᠠᠯ ᠤᠨ ᠲᠥᠷᠥᠯ ᠵᠦᠢᠯ ᠳᠤ ᠨᠡᠶᠢᠲᠡ 2000 ᠲᠦᠮᠡᠨ ᠲᠥᠭᠦᠷᠢᠭ ᠤᠨ ᠪᠡᠯᠡ ᠣᠷᠣᠭᠤᠯᠵᠤ᠂ ᠡᠨᠡ ᠵᠢᠯ ᠬᠡᠦᠬᠡᠳ ᠤᠨ ᠴᠡᠩᠭᠡᠯ ᠤᠨ ᠣᠷᠣᠨ᠂ ᠵᠢᠭᠠᠰᠤ ᠭᠥᠬᠢᠳᠡᠬᠦ ᠣᠷᠣᠨ᠂ ᠠᠷᠠᠳ ᠤᠨ ᠣᠷᠣᠨ ᠰᠠᠭᠤᠴᠠ᠂ ᠵᠤᠭ᠎ᠠ ᠴᠡᠩᠭᠡᠯ ᠤᠨ ᠣᠷᠣᠨ ᠵᠡᠷᠭᠡ ᠶᠢ ᠪᠠᠶᠢᠭᠤᠯᠬᠤ ᠪᠠᠷ ᠲᠥᠯᠥᠪᠯᠡᠵᠦ᠂ 1200 ᠲᠦᠮᠡᠨ ᠲᠥᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠪᠣᠶ᠃     ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠲᠤᠬᠠᠢ ᠶᠢᠨ ᠭᠠᠵᠠᠷ ᠤᠨ ᠣᠯᠠᠨ ᠲᠦᠮᠡᠨ ᠳᠤ ᠠᠵᠢᠯ ᠤᠨ ᠪᠠᠶᠢᠷᠢ ᠬᠠᠩᠭᠠᠵᠤ᠂ ᠲᠤᠬᠠᠢ ᠶᠢᠨ ᠭᠠᠵᠠᠷ ᠤᠨ ᠲᠠᠷᠢᠶᠠᠴᠢᠳ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠶᠢ ᠳᠠᠶᠢᠴᠢᠯᠠᠨ᠂ ᠲᠣᠰᠬᠤᠨ ᠤ ᠠᠷᠠᠳ ᠤᠨ ᠣᠷᠣᠯᠭ᠎ᠠ ᠪᠠᠨ ᠨᠡᠮᠡᠭᠳᠡᠭᠦᠯᠦᠨ ᠴᠢᠨᠡᠭᠡᠯᠢᠭᠵᠢᠬᠦ ᠶᠢ ᠠᠬᠢᠭᠤᠯᠤᠨ᠎ᠡ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2