ᠮᠠᠨ ᠤ ᠬᠤᠲᠠ ᠰᠢᠦᠢ ᠶᠠᠩ ᠪᠦᠯᠦᠭᠯᠡᠯ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2023/5/18
  5 ᠰᠠᠷ᠎ᠠ ᠶᠢᠨ 17 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠰᠢᠦᠢ ᠶᠠᠩ ᠪᠦᠯᠦᠭᠯᠡᠯ ᠤᠨ ᠬᠡᠷᠡᠭ ᠮᠡᠳᠡᠭᠴᠢᠳ ᠤᠨ ᠳᠠᠷᠤᠭ᠎ᠠ ᠶᠠᠩ ᠰᠢᠤᠸᠠᠢ ᠭᠠᠩ ᠨᠠᠷ ᠲᠠᠢ ᠶᠠᠷᠢᠯᠴᠠᠵᠤ᠂ ᠬᠤᠶᠠᠷ ᠲᠠᠯ᠎ᠠ ᠪᠠᠷ ᠢᠶᠠᠨ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠠᠮᠲᠤᠷᠠᠯᠴᠠᠭᠠᠨ ᠤ ᠬᠦᠷᠢᠶ᠎ᠡ ᠬᠡᠪᠴᠢᠶ᠎ᠡ ᠶᠢ ᠥᠷᠭᠡᠳᠬᠡᠬᠦ ᠵᠡᠷᠭᠡ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠭᠰᠠᠨ ᠪᠥᠭᠡᠳ ᠬᠠᠮᠲᠤ ᠶᠢᠨ ᠲᠠᠨᠢᠯᠲᠠ ᠲᠠᠢ ᠪᠣᠯᠪᠠ᠃       ᠶᠠᠷᠢᠯᠴᠠᠬᠤ ᠬᠤᠷᠠᠯ ᠳᠡᠭᠡᠷ᠎ᠡ᠂ ᠠᠵᠤ ᠠᠬᠤᠶᠢᠯᠠᠯ ᠤᠨ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠰᠦᠢ ᠸᠧᠢ ᠵᠢᠶᠦ᠋ᠨ ᠨᠢᠭᠡᠳ ᠨᠢᠭᠡ ᠪᠠᠷ ᠬᠠᠷᠢᠭᠤ ᠥᠭᠴᠦ᠂ ᠲᠤᠬᠠᠢ ᠶᠢᠨ ᠲᠠᠯᠠᠪᠤᠷ ᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠲᠥᠷᠥᠯ ᠵᠦᠢᠯ ᠤᠨ ᠭᠠᠵᠠᠷ ᠰᠣᠩᠭᠤᠬᠤ᠂ ᠴᠠᠬᠢᠯᠭᠠᠨ ᠬᠡᠷᠡᠭᠯᠡᠬᠦ ᠵᠡᠷᠭᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠭᠦᠯᠪᠡ᠃ ᠰᠦᠢ ᠸᠧᠢ ᠵᠢᠶᠦ᠋ᠨ ᠬᠡᠯᠡᠬᠦ ᠳᠡᠭᠡᠨ᠂ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠪᠢᠯᠢᠭ ᠲᠤᠶᠢᠯ ᠤᠨ ᠮᠠᠲ᠋ᠧᠷᠢᠶᠠᠯ ᠤᠨ ᠠᠵᠤ  ᠦᠢᠯᠡᠰ ᠤᠨ ᠬᠥᠭᠵᠢᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠪᠢᠯᠢᠭ ᠲᠤᠶᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠶᠡᠬᠡᠪᠡᠷ ᠠᠬᠢᠭᠤᠯᠵᠤ ᠪᠠᠶᠢᠨ᠎ᠠ᠃ ᠰᠢᠦᠢ ᠶᠠᠩ ᠪᠦᠯᠦᠭᠯᠡᠯ ᠤᠨ ᠬᠢᠨ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠪᠠᠨ ᠦᠷᠭᠦᠯᠵᠢᠯᠡᠨ ᠴᠢᠩᠭᠠᠳᠬᠠᠵᠤ᠂ ᠬᠦᠴᠦᠨ ᠢᠶᠠᠨ ᠲᠥᠪᠯᠡᠷᠡᠭᠦᠯᠦᠨ ᠪᠦᠬᠦ ᠠᠵᠢᠯ ᠤᠨ ᠲᠡᠰ ᠳᠠᠷᠠᠭᠠᠯᠠᠯ ᠢᠶᠠᠷ ᠳᠠᠪᠲᠠᠨ ᠲᠡᠰ ᠳᠡᠪᠰᠢᠭᠦᠯᠬᠦ᠂ ᠪᠦᠬᠦ ᠠᠵᠤ ᠦᠢᠯᠡᠰ ᠤᠨ ᠬᠡᠯᠬᠢᠶ᠎ᠡ ᠪᠠᠷ ᠲᠡᠰ ᠳᠡᠪᠰᠢᠭᠦᠯᠬᠦ᠂ ᠲᠣᠭᠠᠴᠢᠯᠠᠭᠰᠠᠨ ᠡᠨᠧᠷᠭᠢ ᠣᠯᠭᠤᠵᠤ ᠲᠡᠰ ᠳᠡᠪᠰᠢᠭᠦᠯᠬᠦ᠂ ᠪᠣᠬᠢᠷᠲᠤᠯ ᠦᠭᠡᠢ ᠡᠨᠧᠷᠭᠢ ᠪᠠᠷ ᠣᠷᠣᠯᠠᠭᠤᠯᠤᠨ ᠲᠡᠰ ᠳᠡᠪᠰᠢᠭᠦᠯᠬᠦ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠶᠢᠯᠠᠯ ᠤᠨ ᠭᠤᠣᠯᠯᠠᠭᠴᠢ ᠥᠷᠢᠰᠦᠯᠳᠦᠬᠦ ᠬᠦᠴᠦᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠳᠦᠷᠦᠯ ᠵᠦᠢᠯ ᠢ ᠪᠦᠬᠦ ᠤᠯᠤᠰ ᠤᠨ ᠪᠢᠯᠢᠭ  ᠲᠤᠶᠢᠯ ᠤᠨ ᠮᠠᠲ᠋ᠧᠷᠢᠶᠠᠯ ᠤᠨ ᠵᠢᠱᠢᠶ᠎ᠡ ᠦᠵᠡᠭᠦᠯᠬᠦ ᠳᠦᠷᠦᠯ ᠵᠦᠢᠯ᠂ ᠬᠡᠪ ᠳᠠᠭᠤᠷᠢᠶᠠᠯ ᠤᠨ ᠳᠦᠷᠦᠯ ᠵᠦᠢᠯ ᠪᠣᠯᠭᠠᠨ ᠪᠦᠲᠦᠭᠡᠨ ᠪᠠᠶᠢᠭᠤᠯᠬᠤ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠬᠤᠳᠠ ᠶᠢᠨ ᠬᠢᠨ ᠬᠤᠳᠠᠯᠳᠤᠭ᠎ᠠ ᠡᠷᠬᠢᠯᠡᠬᠦ ᠣᠷᠴᠢᠨ ᠨᠦᠬᠦᠴᠡᠯ ᠢᠶᠠᠨ ᠦᠷᠭᠦᠯᠵᠢᠯᠡᠨ ᠰᠢᠯᠢᠳᠡᠭᠵᠢᠭᠦᠯᠵᠦ᠂ ᠴᠢᠬᠤᠯᠠ ᠡᠯᠧᠮᠧᠨ᠋ᠲ ᠤᠨ ᠪᠠᠲᠤᠯᠠᠭ᠎ᠠ ᠶᠢ ᠰᠠᠶᠢᠲᠤᠷ ᠬᠢᠵᠦ᠂ ᠲᠦᠷᠦᠯ ᠵᠦᠢᠯ ᠢ ᠡᠷᠲᠡᠬᠡᠨ ᠪᠠᠶᠢᠭᠤᠯᠵᠤ ᠦᠢᠯᠡᠳᠪᠦᠷᠢᠯᠡᠯ ᠳᠤ ᠣᠷᠣᠭᠤᠯᠬᠤ ᠳᠤ ᠬᠦᠴᠦ ᠨᠡᠮᠡᠷᠢᠯᠡᠬᠦ ᠪᠠᠷ ᠪᠠᠶᠢᠨ᠎ᠠ ᠭᠡᠵᠡᠢ᠃       ᠶᠠᠩ ᠰᠢᠤᠸᠠᠢ ᠭᠠᠩ ᠬᠤᠲᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠬᠠᠯᠠᠮᠵᠢᠯᠠᠯ ᠪᠠ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠵᠦ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠠᠯ᠎ᠠ ᠪᠠᠷ ᠨᠠᠩ ᠣᠯᠠᠨ ᠳᠡᠮᠵᠢᠯᠭᠡ ᠪᠠ  ᠬᠠᠪᠰᠤᠷᠤᠯᠭ᠎ᠠ ᠣᠯᠵᠤ᠂ ᠲᠥᠷᠥᠯ ᠵᠦᠢᠯ ᠤᠨ ᠡᠷᠲᠡᠬᠡᠨ ᠪᠠᠶᠢᠭᠤᠯᠤᠭᠳᠠᠬᠤ᠂ ᠡᠷᠲᠡᠬᠡᠨ ᠠᠰᠢᠭᠯᠠᠯᠲᠠ ᠳᠤ  ᠣᠷᠣᠬᠤ ᠶᠢ ᠠᠬᠢᠭᠤᠯᠵᠤ᠂ ᠤᠯᠠᠭᠠᠨᠴᠠᠪ ᠤᠨ ᠪᠢᠯᠢᠭ ᠲᠤᠶᠢᠯ ᠤᠨ ᠮᠠᠲ᠋ᠧᠷᠢᠶᠠᠯ ᠤᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠡᠢ᠃       ᠶᠦᠨ ᠫᠧᠩ ᠭᠠᠩ᠂ ᠹᠠᠩ ᠽᠧ ᠣᠷᠣᠯᠴᠠᠪᠠ᠃                                                                       ᠣᠷᠴᠢᠭᠤᠯᠤᠭᠴᠢ᠄ ᠭᠤᠸ᠎ᠠ                                                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2