【ᠲᠠᠪᠤᠨ ᠵᠢᠱᠢᠶ᠎ᠡ ᠦᠵᠡᠭᠦᠯᠬᠦ ᠰᠢᠶᠠᠨ ᠤ ᠪᠦᠲᠦᠭᠡᠨ ᠪᠠᠶᠢᠭᠤᠯᠤᠯᠲᠠ】 ᠯᠢᠶᠡᠩᠴᠧᠩ ᠰᠢᠶᠠᠨ ᠤ ᠤᠳᠤ ᠦᠶ᠎ᠡ ᠶᠢᠨ ᠰᠦ ᠶᠢᠨ ᠦᠢᠯᠡᠰ ᠤᠨ ᠰᠠᠭᠤᠷᠢᠨ ᠭᠠᠵᠠᠷ ᠤᠨ ᠲᠦᠷᠦᠯ ᠵᠦᠢᠯ ᠤᠨ ᠡᠮᠦᠨ᠎ᠡ ᠨᠢᠭᠡᠳᠦᠭᠡᠷ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠱᠠᠯᠠᠪᠳᠠᠨ ᠬᠢᠵᠤ ᠪᠠᠶᠢᠨ᠎ᠠ
ᠨᠡᠶᠢᠲᠡᠯᠡᠭᠰᠡᠨ ᠴᠠᠭ᠄
2023/5/19
    ᠯᠢᠶᠡᠩᠴᠧᠩ ᠰᠢᠶᠠᠨ ᠤ ᠬᠢᠨ ᠲᠤᠬᠠᠢ ᠶᠢᠨ ᠭᠠᠵᠠᠷ ᠤᠨ ᠡᠬᠢ ᠪᠠᠶᠠᠯᠢᠭ ᠪᠣᠯᠣᠨ ᠣᠷᠣᠨ ᠪᠠᠶᠢᠷᠢ ᠶᠢᠨ ᠳᠠᠪᠠᠭᠤᠯᠢᠭ ᠲᠠᠭᠠᠨ ᠲᠦᠰᠢᠭᠯᠡᠨ᠂ ᠠᠵᠠ ᠲᠣᠬᠢᠶᠠᠯ ᠢ ᠠᠮᠵᠢᠵᠤ᠂ ᠴᠢᠨᠠᠷ ᠰᠠᠶᠢᠲᠠᠢ ᠰᠦ ᠶᠢᠨ ᠢᠷᠡᠯᠲᠡ ᠶᠢᠨ ᠰᠠᠭᠤᠷᠢᠨ ᠤ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠪᠣᠬᠢᠷᠲᠤᠯ ᠦᠭᠡᠢ ᠣᠷᠭᠠᠨᠢᠭ  ᠰᠦ  ᠶᠢᠨ ᠦᠢᠯᠡᠰ ᠤᠨ ᠲᠦᠷᠦᠯ ᠲᠡᠮᠳᠡᠭ ᠢ ᠡᠭᠦᠳᠴᠦ᠂ ᠪᠣᠬᠢᠷᠲᠤᠯ ᠦᠭᠡᠢ ᠴᠢᠨᠠᠷ ᠰᠠᠶᠢᠲᠠᠢ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢ ᠪᠦᠷᠢᠯᠳᠦᠭᠦᠯᠵᠦ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠰᠢᠶᠠᠨ ᠢ ᠪᠦᠬᠦ ᠬᠦᠴᠦᠨ ᠢᠶᠠᠷ ᠢᠶᠠᠨ ᠴᠣᠭᠴᠠᠯᠠᠪᠡ᠃     ᠣᠳᠣᠬᠠᠨ ᠳᠤ᠂ ᠯᠢᠶᠡᠩᠴᠧᠩ ᠰᠢᠶᠠᠨ ᠤ ᠣᠲᠣ ᠦᠶ᠎ᠡ ᠶᠢᠨ ᠰᠦ ᠶᠢᠨ ᠦᠢᠯᠡᠰ ᠤᠨ ᠰᠠᠭᠤᠷᠢᠨ ᠭᠠᠵᠠᠷ ᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠤᠨ ᠡᠮᠦᠨ᠎ᠡ ᠨᠢᠭᠡᠳᠦᠭᠡᠷ ᠲᠣᠭᠤᠷᠢᠭ ᠤᠨ ᠨᠢᠭᠡᠳᠦᠭᠡᠷ ᠬᠤᠭᠤᠴᠠᠭᠠᠨ ᠤ ᠪᠦᠲᠦᠭᠡᠨ ᠪᠠᠶᠢᠭᠤᠯᠤᠯᠲᠠ ᠶᠢ ᠶᠠᠭ ᠬᠢᠵᠦ ᠪᠠᠶᠢᠨ᠎ᠠ᠃ ᠲᠥᠷᠥᠯ ᠵᠦᠢᠯ ᠤᠨ ᠲᠥᠯᠦᠪᠵᠢᠭᠦᠯᠭᠡ ᠶᠢᠨ ᠶᠡᠷᠦᠩᠬᠡᠢ ᠪᠡᠯᠡ ᠣᠷᠣᠭᠤᠯᠤᠯᠲᠠ 22.4 ᠳ᠋ᠦᠩᠰᠢᠭᠤᠷ ᠲᠥᠭᠦᠷᠢᠭ ᠲᠤ ᠬᠦᠷᠴᠦ᠂ ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠬᠤᠯᠠᠨᠳ᠋ ᠤᠨ 6000 ᠰᠠᠭᠠᠯᠢ ᠶᠢᠨ ᠦᠨᠢᠶ᠎ᠡ ᠶᠢ ᠲᠡᠵᠢᠭᠡᠵᠦ᠂ ᠡᠳᠦᠷ ᠲᠤ 240 ᠲᠣᠨ ᠰᠢᠨ᠎ᠡ ᠰᠦ ᠦᠢᠯᠡᠳᠪᠦᠷᠢᠯᠡᠵᠦ᠂ ᠵᠢᠯ ᠳᠤ 85000 ᠭᠠᠷᠤᠢ ᠲᠣᠨ ᠰᠢᠨ᠎ᠡ ᠰᠦ ᠦᠢᠯᠡᠳᠪᠦᠷᠢᠯᠡᠵᠦ᠂ 200 ᠭᠠᠷᠤᠢ ᠠᠵᠢᠯ ᠤᠨ ᠪᠠᠶᠢᠷᠢ ᠬᠠᠩᠭᠠᠵᠤ ᠪᠣᠯᠣᠨ᠎ᠠ᠃ ᠣᠶᠢᠯᠠᠭᠠᠭᠰᠠᠨ ᠢᠶᠠᠷ᠂ ᠲᠣᠰ ᠲᠥᠷᠥᠯ ᠵᠦᠢᠯ ᠢ 10 ᠰᠠᠷ᠎ᠠ ᠶᠢᠨ ᠣᠷᠴᠢᠮ ᠢᠶᠠᠷ ᠪᠠᠶᠢᠭᠤᠯᠵᠤ ᠳᠠᠭᠤᠰᠬᠠᠬᠤ ᠪᠠᠷ ᠵᠢᠱᠢᠵᠦ ᠪᠣᠶ᠃                             ᠤᠷᠴᠢᠭᠤᠯᠤᠭᠴᠢ᠄ ᠬᠦᠰᠡᠯ                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2