ᠰᠢᠩ ᠾᠧ ᠰᠢᠶᠠᠨ ᠤ ᠬᠢᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠳᠤ ᠬᠦᠴᠦ ᠨᠡᠮᠡᠷᠢᠯᠡᠪᠡ
ᠨᠡᠶᠢᠲᠡᠯᠡᠭᠰᠡᠨ ᠴᠠᠭ᠄
2023/5/19
    ᠬᠤᠷᠢᠶᠠᠯᠲᠠ ᠶᠢ ᠲᠣᠭᠲᠠᠪᠤᠷᠢᠵᠢᠭᠤᠯᠤᠨ ᠤᠨᠠᠯᠲᠠ ᠶᠢ ᠨᠡᠮᠡᠭᠳᠡᠭᠦᠯᠬᠦ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠪᠡᠶᠡᠯᠡᠭᠦᠯᠬᠦ ᠶᠢᠨ ᠲᠥᠯᠥᠭᠡ᠂ ᠰᠢᠩ ᠾᠧ  ᠰᠢᠶᠠᠨ ︽ᠡᠷᠲᠡ︾ ᠶᠢ ᠪᠡᠶᠡᠯᠡᠭᠦᠯᠬᠦ ᠳᠤ ᠰᠠᠭᠤᠷᠢᠯᠠᠵᠤ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠰᠠᠶᠢᠲᠤᠷ ᠬᠢᠵᠦ᠂ ᠦᠢᠯᠡᠳᠪᠦᠷᠢᠯᠡᠯ ᠢ ᠡᠷᠲᠡ ᠠᠴᠠ ᠲᠥᠯᠥᠪᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠢ ᠡᠷᠲᠡ ᠠᠴᠠ ᠬᠢᠵᠦ᠂ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠢ ᠡᠷᠲᠡ ᠠᠴᠠ ᠪᠡᠯᠡᠳᠬᠡᠬᠦ ᠶᠢ ᠪᠡᠶᠡᠯᠡᠭᠦᠯᠵᠡᠢ᠃ ᠬᠠᠪᠤᠷ ᠤᠨ ᠲᠠᠷᠢᠶᠠᠯᠠᠭ᠎ᠠ ᠶᠢ ᠰᠠᠶᠢᠨ ᠡᠬᠢᠯᠡᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠬᠦᠴᠦᠯᠡᠨ ᠪᠠᠲᠤᠯᠠᠵᠤ᠂ ᠬᠥᠳᠡᠭᠡ ᠠᠵᠤ ᠠᠬᠤᠢ ᠶᠢᠨ ᠦᠢᠯᠡᠳᠪᠦᠷᠢᠯᠡᠯ ᠤᠨ ᠰᠠᠶᠢᠨ ᠡᠬᠢᠯᠡᠯᠲᠡ ᠲᠠᠢ ᠪᠣᠯᠬᠤ ᠳᠤ ᠬᠦᠴᠦ ᠨᠡᠮᠡᠷᠢᠯᠡᠪᠡ᠃     ᠨᠢᠭᠡ ᠳᠤ ᠦᠢᠯᠡᠳᠪᠦᠷᠢᠯᠡᠯ ᠤᠨ ᠲᠥᠯᠥᠪᠯᠡᠭᠡ ᠶᠢ ᠡᠷᠲᠡᠬᠡᠨ ᠲᠣᠬᠢᠷᠠᠭᠤᠯᠪᠡ᠃ ᠰᠢᠩ ᠾᠧ ᠰᠢᠶᠠᠨ ᠤ ᠬᠢᠨ ᠲᠥᠪ᠂ ᠮᠤᠵᠢ ᠪᠣᠯᠣᠨ ᠬᠤᠳᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠤᠯᠠᠨ ᠤᠳᠠᠭ᠎ᠠ ᠬᠤᠷᠠᠯ ᠬᠤᠷᠠᠯᠳᠤᠭᠤᠯᠵᠤ᠂ ᠠᠮᠤ ᠪᠤᠳᠠᠭᠠᠨ ᠤ ᠠᠮᠤᠷ ᠲᠦᠪᠰᠢᠨ ᠤ ᠠᠵᠢᠯ ᠪᠣᠯᠣᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠬᠠᠷᠠᠯᠲᠠ ᠡᠭᠦᠷᠭᠡ ᠶᠢ ᠲᠣᠳᠣᠷᠬᠠᠶᠢᠯᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠪᠠ᠃ 2023 ᠣᠨ ᠳᠤ ᠵᠢᠱᠢᠯᠲᠡ ᠪᠠᠷ ᠳᠠᠷᠢᠬᠤ ᠲᠠᠯᠠᠪᠠᠶ ᠶᠢ 148 ᠲᠦᠮᠡᠨ ᠮᠦ ᠳᠤ ᠬᠦᠷᠭᠡᠨ᠎ᠡ᠃ ᠠᠮᠤ ᠪᠤᠳᠠᠭᠠᠨ ᠤ ᠲᠠᠷᠢᠮᠠᠯ ᠢ ᠵᠢᠱᠢᠯᠲᠡ ᠪᠠᠷ 95.9 ᠲᠦᠮᠡᠨ ᠮᠦ ᠳᠠᠷᠢᠵᠤ᠂ ᠠᠵᠤ ᠠᠬᠤᠢ ᠶᠢᠨ ᠲᠠᠷᠢᠮᠠᠯ ᠢ 52.1 ᠲᠦᠮᠡᠨ ᠮᠦ ᠳᠠᠷᠢᠨ᠎ᠠ᠃     ᠬᠤᠶᠠᠷ ᠲᠤ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠠᠭᠤᠷᠮᠠᠭ ᠲᠤ ᠴᠣᠬᠢᠯᠲᠠ ᠥᠭᠬᠦ ᠠᠵᠢᠯᠯᠠᠭ᠎ᠠ ᠶᠢ ᠬᠠᠪᠤᠷ ᠤᠨ ᠤᠯᠠᠷᠢᠯ ᠤᠨ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠬᠤᠳᠠᠯ ᠬᠠᠭᠤᠷᠮᠠᠭ ᠦᠢᠯᠡᠳᠬᠦᠨ ᠳᠤ ᠴᠣᠬᠢᠯᠲᠠ ᠥᠭᠬᠦ ᠲᠤᠰᠬᠠᠢ ᠪᠦᠬᠦ ᠰᠢᠶᠠᠨ ᠳᠤ ᠦᠷ᠎ᠡ᠂ ᠲᠠᠷᠢᠶᠠᠨ ᠡᠮ᠂ ᠪᠣᠷᠳᠣᠭᠤᠷ᠂ ᠮᠠᠯ ᠤᠨ ᠡᠮ ︵ᠤᠰᠤᠨ ᠭᠠᠷᠤᠯᠳᠠ ᠳᠤ ᠬᠡᠷᠡᠭᠯᠡᠬᠦ ᠮᠠᠯ ᠤᠨ ᠡᠮ︶᠂ ᠲᠡᠵᠢᠭᠡᠯ ᠪᠣᠷᠳᠤᠭ᠎ᠠ ᠪᠠ ᠲᠡᠵᠢᠭᠡᠯ ᠪᠣᠷᠳᠣᠭᠠᠨ ᠤ ᠨᠡᠮᠡᠯᠲᠡ ᠡᠳ᠋᠂ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠲᠠᠷᠢᠶᠠᠯᠠᠩ ᠤᠨ ᠮᠠᠰᠢᠨ ᠵᠡᠷᠭᠡ 7 ᠲᠥᠷᠥᠯ ᠤᠨ ᠭᠤᠣᠯᠳᠠᠯᠭ᠎ᠠ ᠲᠠᠢ ᠡᠭᠦᠯᠳᠡᠷ ᠢ ᠥᠷᠨᠢᠭᠦᠯᠪᠡ᠃ ᠬᠠᠤᠯᠢ ᠲᠣᠭᠲᠠᠭᠠᠯ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠥᠷᠨᠢᠭᠦᠯᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠤ ᠲᠠᠸᠠᠷ ᠤᠨ ᠲᠡᠮᠳᠡᠭ ᠤᠨ ᠡᠷᠬᠡ ᠳᠤ ᠬᠠᠯᠳᠠᠬᠤ᠂ ᠬᠤᠳᠠᠯ ᠬᠠᠭᠤᠷᠮᠠᠭ ᠤᠬᠠᠭᠤᠯᠭ᠎ᠠ ᠬᠢᠬᠦ᠂ ᠠᠭᠤᠯᠤᠭᠳᠠᠴᠠ ᠪᠠᠷ ᠭᠦᠢᠴᠡᠳ ᠦᠭᠡᠢ᠂ ᠬᠤᠳᠠᠯ ᠬᠠᠭᠤᠷᠮᠠᠭ ᠶᠠᠭᠤᠮ᠎ᠠ ᠬᠤᠯᠢᠬᠤ᠂ ᠮᠠᠭᠤ ᠪᠠᠷ ᠰᠠᠶᠢᠨ ᠢ ᠣᠷᠣᠯᠠᠭᠤᠯᠬᠤ ᠪᠠ ᠦᠨᠡᠮᠯᠡᠯ ᠦᠭᠡᠢ ᠪᠠᠷ ᠦᠢᠯᠡᠳᠪᠦᠷᠢᠯᠡᠬᠦ ᠵᠡᠷᠭᠡ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠤᠨ ᠡᠵᠡᠩᠨᠡᠯᠲᠡ ᠶᠢᠨ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ᠲᠠᠷᠢᠶᠠᠴᠢᠳ ᠢ ᠬᠢᠬᠠᠵᠤ ᠬᠤᠬᠢᠷᠠᠭᠤᠯᠬᠤ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠪᠡ᠃ 45 ᠭᠠᠷᠤᠢ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠳᠡᠯᠭᠡᠭᠦᠷ ᠢ ᠪᠠᠶᠢᠴᠠᠭᠠᠵᠤ᠂ 130 ᠭᠠᠷᠤᠢ ᠪᠦᠯᠦᠭ ᠤᠳᠠᠭ᠎ᠠ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠪᠦᠲᠦᠭᠡᠭᠳᠡᠬᠦᠨ ᠢ ᠪᠠᠶᠢᠴᠠᠭᠠᠵᠤ᠂ 100 ᠭᠠᠷᠤᠢ ᠬᠥᠮᠥᠨ ᠤᠳᠠᠭ᠎ᠠ ᠬᠠᠤᠯᠢ ᠬᠡᠷᠡᠭᠵᠢᠭᠦᠯᠬᠦ ᠠᠵᠢᠯᠲᠠᠨ ᠢ ᠬᠥᠳᠡᠯᠭᠡᠪᠡ᠃     ᠭᠤᠷᠪᠠ ᠳᠤ ᠬᠠᠪᠤᠷ ᠤᠨ ᠲᠠᠷᠢᠶᠠᠯᠠᠭ᠎ᠠ ᠶᠢᠨ ᠡᠳ᠋ ᠪᠣᠳᠠᠰ ᠢ ᠡᠷᠲᠡᠬᠡᠨ ᠪᠡᠯᠡᠳᠬᠡᠪᠡ᠃ ᠡᠯ᠎ᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠡᠵᠡᠩᠨᠡᠯᠲᠡ ᠶᠢᠨ ᠨᠢᠭᠡᠴᠢ ᠵᠢᠴᠢ ᠬᠤᠪᠢ ᠶᠢᠨ ᠡᠷᠦᠭᠡ ᠶᠢ ᠢᠳᠡᠪᠬᠢᠲᠡᠢ ᠪᠠᠷ ᠵᠣᠬᠢᠴᠠᠭᠤᠯᠵᠤ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠳᠤ ᠬᠡᠷᠡᠭᠰᠡᠬᠦ ᠬᠢᠮᠢ ᠶᠢᠨ ᠪᠣᠷᠳᠣᠭᠤᠷ᠂ ᠲᠠᠷᠢᠶᠠᠨ ᠡᠮ᠂ ᠦᠷ᠎ᠡ᠂ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠲᠠᠷᠢᠶᠠᠯᠠᠩ ᠤᠨ ᠮᠠᠰᠢᠨ ᠵᠡᠷᠭᠡ ᠡᠳ᠋ ᠪᠣᠳᠠᠰ ᠢ ᠢᠳᠡᠪᠬᠢᠲᠡᠢ ᠪᠠᠷ ᠰᠢᠯᠵᠢᠭᠦᠯᠦᠨ ᠵᠥᠭᠡᠭᠡᠪᠦᠷᠢᠯᠡᠪᠡ᠃ ᠣᠲᠣ ᠪᠣᠯᠲᠠᠯ᠎ᠠ᠂ ᠬᠢᠮᠢ ᠶᠢᠨ ᠪᠣᠷᠳᠣᠭᠤᠷ ᠤᠨ ᠬᠠᠳᠠᠭᠠᠯᠠᠭᠳᠠᠴᠠ ︵ᠴᠡᠪᠡᠷ ᠬᠡᠮᠵᠢᠶ᠎ᠡ ᠪᠠᠷ ᠨᠤᠭᠤᠯᠤᠨ ᠪᠤᠳᠤᠬᠤ︶ 8949 ᠲᠣᠨ᠂ ᠬᠤᠶᠠᠷ ᠠᠮᠮᠤᠨᠢ 6815 ᠲᠣᠨ᠂ ᠨᠡᠶᠢᠯᠡᠮᠡᠯ ᠪᠣᠷᠳᠣᠭᠤᠷ 2134 ᠲᠣᠨ᠂ ᠰᠦᠯᠢᠶᠥᠦ ᠪᠦᠷᠬᠦᠪᠴᠢ 1025 ᠲᠣᠨ᠂ ᠲᠠᠷᠢᠶᠠᠨ ᠡᠮ 54 ᠲᠣᠨ ᠬᠡᠷᠡᠭᠰᠡᠵᠦ᠂ ᠬᠥᠮᠥᠷᠭᠡ ᠶᠢᠨ ᠬᠠᠳᠠᠭᠠᠯᠠᠮᠵᠢ ᠭᠦᠢᠴᠡᠳ ᠪᠠᠶᠢᠨ᠎ᠠ᠃ ᠪᠦᠬᠦ ᠰᠢᠶᠠᠨ ᠳᠤ ᠨᠡᠶᠢᠳᠡ 7004 ᠰᠠᠭᠤᠷᠢ ᠲᠠᠷᠢᠶᠠᠯᠠᠩ ᠤᠨ ᠮᠠᠰᠢᠨ ︵ᠲᠷᠠᠺᠲ᠋ᠣᠷ ᠵᠢᠴᠢ ᠢᠵᠢ ᠪᠦᠷᠢᠳᠦᠭᠦᠯᠬᠦ ᠮᠠᠰᠢᠨ ᠪᠠᠭᠠᠵᠢ︶ ᠲᠠᠢ ᠪᠠᠶᠢᠵᠤ᠂ ᠶᠡᠷᠦᠩᠬᠡᠢ ᠬᠥᠳᠡᠯᠭᠡᠬᠦ ᠬᠦᠴᠦᠨ ᠨᠢ 26.4 ᠲᠦᠮᠡᠨ ᠺᠢᠯᠣᠸᠠᠲ ᠠᠴᠠ ᠳᠡᠭᠡᠭᠰᠢ ᠳᠤ ᠬᠦᠷᠴᠡᠢ᠃                              ᠤᠷᠴᠢᠭᠤᠯᠤᠭᠴᠢ᠄ ᠬᠦᠰᠡᠯ                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2