ᠮᠠᠨ ᠤ ᠬᠤᠲᠠ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠵᠢᠴᠢ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢᠯᠡᠯᠲᠡ ᠶᠢᠨ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2023/5/22
  5 ᠰᠠᠷ᠎ᠠ ᠶᠢᠨ 19 ᠤ ᠡᠳᠦᠷ᠂ ᠮᠠᠨ ᠤ ᠬᠤᠲᠠ ᠶᠢᠨ 2023 ᠣᠨ ᠤ ︽ᠳᠤᠮᠳᠠᠳᠤ ᠤᠯᠤᠰ ᠤᠨ ᠵᠢᠭᠤᠯᠴᠢᠯᠠᠯ ᠤᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠵᠢᠴᠢ ᠬᠥᠳᠡᠭᠡ ᠲᠣᠰᠬᠤᠨ ᠤ ᠵᠢᠭᠤᠯᠴᠢᠯᠠᠯ ᠤᠨ ᠡᠬᠢᠯᠡᠯᠲᠡ ᠶᠢᠨ ᠶᠣᠰᠣᠯᠠᠯ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠨᠠᠨ ᠽᠦᠨ ᠲᠣᠰᠬᠤᠨ ᠳᠤ ᠶᠠᠪᠤᠭᠳᠠᠵᠤ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠮ · ᠳᠠᠷᠤᠢ ᠤᠯᠠᠭᠠᠨᠴᠠᠪ︾ ᠵᠢᠭᠤᠯᠴᠢᠯᠠᠯ ᠤᠨ ᠨᠠᠷᠠᠲᠤ  ᠲᠡᠮᠳᠡᠭ ᠤᠨ ᠳᠦᠷᠢ ᠲᠥᠷᠬᠦ ᠶᠢ ᠤᠯᠠᠮ ᠨᠢᠭᠡ ᠠᠯᠬᠤᠮ ᠳᠡᠯᠭᠡᠨ ᠦᠵᠡᠭᠦᠯᠪᠡ᠃       ᠬᠤᠲᠠ ᠶᠢᠨ ᠳᠡᠳ᠋ ᠳᠠᠷᠤᠭ᠎ᠠ ᠹᠠᠩ ᠽᠧ ᠠᠵᠢᠯᠯᠠᠭ᠎ᠠ ᠳᠤ ᠣᠷᠣᠯᠴᠠᠪᠠ᠃       ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠳᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ  ᠲᠣᠪᠴᠢᠶ᠎ᠠ ︽ᠪᠣᠬᠢᠷᠲᠤᠯ ᠦᠭᠡᠢ ᠢᠳᠡᠭᠡᠨ ᠢ ᠠᠮᠲᠠᠯᠠᠵᠤ᠂ ᠬᠥᠳᠡᠭᠡ ᠲᠣᠰᠬᠤᠨ ᠤ ᠠᠮᠢᠳᠤᠷᠠᠯ ᠳᠤ ᠰᠣᠭᠲᠣᠭᠤᠷᠠᠨ᠎ᠠ  ︾ ᠭᠡᠬᠦ ᠬᠥᠳᠡᠭᠡ ᠲᠣᠰᠬᠤᠨ ᠤ ᠵᠤᠭᠠᠴᠠᠯ᠂ ︽ᠬᠥᠳᠡᠭᠡ ᠶᠢᠨ ᠳᠠᠭᠤᠤ ᠬᠡᠭᠡᠷ᠎ᠡ ᠲᠠᠯ᠎ᠠ ᠶᠢᠨ ᠥᠷᠥᠴᠡᠨ ᠳᠤ᠂ ᠲᠠᠯ᠎ᠠ ᠨᠤᠲᠤᠭ ᠤᠨ ᠦᠵᠡᠮᠵᠢ ᠶᠢ ᠪᠡᠶᠡᠴᠢᠯᠡᠨ ᠣᠶᠢᠯᠠᠭᠠᠬᠤ︾ ᠠᠷᠠᠳ ᠤᠨ ᠣᠷᠣᠨ ᠰᠠᠭᠤᠴᠠ ᠶᠢᠨ ᠵᠤᠭᠠᠴᠠᠯ ᠵᠡᠷᠭᠡ 5  ᠵᠤᠷᠪᠤᠰ ᠵᠤᠭᠠᠴᠠᠯ ᠤᠨ ᠰᠣᠳᠣᠨ ᠪᠦᠲᠦᠭᠡᠯ ᠤᠨ ᠵᠠᠮ ᠱᠤᠭᠤᠮ ᠢ ᠨᠡᠶᠢᠲᠡᠯᠡᠪᠡ᠃ ᠬᠤᠷᠠᠯ ᠳᠤ ᠣᠷᠣᠯᠴᠠᠭᠰᠠᠨ  ᠤᠳᠤᠷᠢᠳᠤᠯᠭ᠎ᠠ ᠠᠴᠠ ᠡᠮᠴᠢ ᠰᠤᠪᠢᠯᠠᠭᠴᠢ᠂ ᠬᠥᠳᠡᠯᠮᠦᠷᠢ ᠶᠢᠨ ᠵᠢᠱᠢᠶᠡᠴᠢ᠂ ᠲᠦᠷᠭᠡᠨ ᠬᠦᠷᠭᠡᠭᠴᠢ᠂ ᠰᠢᠯᠢᠳᠡᠭ  ᠴᠡᠷᠢᠭ ᠠᠴᠠ ᠬᠠᠯᠠᠭᠳᠠᠭᠰᠠᠳ ᠵᠡᠷᠭᠡ ᠬᠥᠮᠥᠰ ᠲᠤ ᠦᠵᠡᠮᠵᠢ ᠶᠢᠨ ᠣᠷᠣᠨ ᠤ ᠡᠭᠦᠳᠡᠨ ᠪᠢᠯᠧᠲ ᠪᠡᠯᠡᠭᠯᠡᠭᠰᠡᠨ  ᠪᠥᠭᠡᠳ ᠮᠤᠵᠢ ᠶᠢᠨ ᠲᠡᠰ ᠤᠨ ᠪᠣᠯᠪᠠᠰᠤᠨ ᠵᠤᠭᠠᠴᠠᠯ ᠤᠨ ᠵᠢᠱᠢᠶ᠎ᠡ ᠦᠵᠡᠭᠦᠯᠬᠦ ᠨᠢᠭᠡᠴᠢ ᠪᠣᠯᠣᠨ ᠥᠪᠡᠷᠲᠡᠭᠡᠨ  ᠵᠠᠰᠠᠬᠤ ᠣᠷᠣᠨ ᠤ ᠬᠥᠳᠡᠭᠡ ᠲᠣᠰᠬᠤᠨ ᠤ ᠵᠤᠭᠠᠴᠠᠯ ᠤᠨ ᠭᠤᠣᠯᠳᠠᠯᠭ᠎ᠠ ᠲᠠᠢ ᠲᠣᠰᠬᠤᠨ ᠳᠤ ᠫᠠᠶᠢᠰᠠ ᠣᠯᠭᠤᠵᠠᠢ᠃ ᠡᠨᠡ ᠬᠤᠭᠤᠴᠠᠭᠠᠨ ᠳᠤ᠂ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠣᠨᠴᠠᠯᠢᠭᠲᠤ  ᠦᠵᠡᠮᠵᠢ ᠶᠢᠨ ᠣᠷᠣᠨ ᠪᠠ ᠰᠣᠶᠣᠯ ᠤᠨ ᠵᠢᠭᠤᠯᠴᠢᠯᠠᠯ ᠤᠨ ᠪᠦᠲᠦᠭᠡᠭᠳᠡᠬᠦᠨ ᠤ ᠤᠬᠠᠭᠤᠯᠭ᠎ᠠ ᠲᠠᠨᠢᠯᠴᠠᠭᠤᠯᠭ᠎ᠠ᠂  ᠤᠯᠠᠭᠠᠨᠮᠥ᠋ᠴᠢᠷ ᠤᠨ ᠣᠨᠴᠠᠯᠢᠭᠲᠤ ᠤᠷᠠᠨ ᠰᠠᠶᠢᠬᠠᠨ ᠤ ᠲᠣᠭᠯᠠᠯᠲᠠ ᠪᠠ ᠱᠠᠩᠨᠠᠯ ᠰᠤᠭᠤᠯᠬᠤ ᠠᠵᠢᠯᠯᠠᠭ᠎ᠠ ᠶᠢ ᠬᠠᠷᠢᠯᠴᠠᠨ ᠤᠶᠠᠯᠳᠤᠭᠤᠯᠵᠤ᠂ ᠵᠢᠭᠤᠯᠴᠢᠯᠠᠭᠴᠢᠳ ᠲᠤ ᠵᠢᠭᠤᠯᠴᠢᠯᠠᠯ ᠤᠨ ᠡᠳᠦᠷ ᠤᠨ ︽ᠠᠮᠲᠠᠲᠤ ᠬᠤᠭᠤᠯᠠ︾ ᠶᠢ ᠬᠦᠷᠲᠡᠭᠡᠬᠦ ᠪᠣᠯᠣᠨ᠎ᠠ᠃                                                                                ᠣᠷᠴᠢᠭᠤᠯᠤᠭᠴᠢ᠄ ᠭᠤᠸ᠎ᠠ                                                                      ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2