【ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠤᠨ᠎ᠠ】 ᠯᠢᠶᠡᠩᠴᠧᠩ ᠰᠢᠶᠠᠨ ᠬᠥᠬᠡᠮᠳᠦᠭ ᠨᠣᠭᠤᠭᠠᠨ ᠠᠭᠤᠯᠠ ᠤᠰᠤ ᠪᠠᠨ ᠰᠠᠬᠢᠨ ᠬᠠᠮᠠᠭᠠᠯᠠᠵᠤ ᠤᠮᠠᠷᠠᠲᠤ ᠬᠢᠯᠢ ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠲᠤ ᠴᠣᠭᠴᠠᠯᠠᠨ᠎ᠠ
ᠨᠡᠶᠢᠲᠡᠯᠡᠭᠰᠡᠨ ᠴᠠᠭ᠄
2023/5/22
   ᠣᠶᠢᠷ᠎ᠠ ᠶᠢᠨ ᠵᠢᠯ ᠠᠴᠠ᠂ ᠯᠢᠶᠡᠩᠴᠧᠩ ᠰᠢᠶᠠᠨ ᠤ ᠬᠢᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ ᠰᠡᠷᠭᠦᠭᠡᠬᠦ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢ ᠪᠦᠬᠦ ᠬᠦᠴᠦᠨ ᠢᠶᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠠᠮᠢ ᠠᠬᠤᠢ ᠶᠢᠨ ᠶᠠᠰᠤ ᠴᠢᠨᠠᠷ ᠢ ᠤᠯᠠᠮ ᠰᠠᠶᠢᠨ ᠪᠣᠯᠭᠠᠵᠠᠢ᠃    ᠯᠢᠶᠡᠩᠴᠧᠩ ᠰᠢᠶᠠᠨ ᠤ ᠵᠠᠩ ᠸᠠᠩ ᠭᠧᠦ ᠶᠢᠨ ᠵᠢᠵᠢᠭ ᠰᠠᠪᠠ ᠭᠠᠵᠠᠷ ᠤᠨ ᠵᠠᠰᠠᠯᠲᠠ ᠶᠢᠨ ᠣᠷᠣᠨ ᠳᠤ᠂ ᠨᠢᠮᠪᠡᠭᠡ᠂ ᠵᠢᠭᠠᠷᠲᠤ ᠨᠠᠷᠠᠰᠤ ᠵᠡᠷᠭᠡ ᠭᠠᠩ ᠬᠠᠭᠰᠠᠷᠠᠭᠠᠨ ᠵᠢᠴᠢ ᠬᠤᠵᠢᠷ ᠲᠤ ᠲᠡᠰᠪᠦᠷᠢᠲᠡᠢ ᠤᠷᠭᠤᠮᠠᠯ ᠢ ᠶᠠᠬᠡᠪᠡᠷ ᠲᠠᠷᠢᠵᠦ᠂ ᠲᠡᠭᠦᠨ ᠯᠦᠭᠡ ᠢᠵᠢ ᠪᠦᠷᠢᠳᠦᠭᠰᠡᠨ ᠤᠰᠤᠯᠠᠯᠲᠠ ᠶᠢᠨ ᠢᠨᠵᠧᠨᠧᠷᠢᠩ᠂ ᠣᠷᠣᠨ ᠪᠦᠰᠡ ᠬᠤᠪᠢᠶᠠᠨ ᠵᠠᠰᠠᠬᠤ ᠠᠷᠭ᠎ᠠ ᠬᠡᠮᠵᠢᠶ᠎ᠡ ᠶᠢ ᠵᠡᠷᠬᠡᠪᠡᠷ ᠶᠠᠪᠤᠭᠳᠠᠭᠤᠯᠪᠠ᠃ ᠵᠢᠱᠢᠯᠲᠡ ᠪᠠᠷ ᠲᠤᠰ ᠢᠨᠵᠧᠨᠧᠷᠢᠩ ᠢ ᠳᠠᠭᠤᠰᠬᠠᠭᠰᠠᠨ ᠤ ᠳᠠᠷᠠᠭ᠎ᠠ᠂ ᠬᠠᠲᠤᠨ ᠭᠤᠣᠯ ᠤᠨ ᠰᠠᠪᠠ ᠭᠠᠵᠠᠷ ᠤᠨ ᠬᠥᠷᠥᠰᠥ ᠰᠢᠷᠣᠢ ᠶᠢᠨ ᠡᠬᠢ ᠪᠠᠶᠠᠯᠢᠭ ᠢ ᠪᠦᠲᠦᠮᠵᠢᠲᠡᠶ ᠬᠠᠮᠠᠭᠠᠯᠠᠵᠤ᠂ ᠬᠥᠷᠥᠰᠥ ᠰᠢᠷᠣᠢ ᠶᠢᠨ ᠢᠳᠡᠭᠳᠡᠯ ᠢ ᠬᠢᠵᠠᠭᠠᠷᠯᠠᠨ᠂ ᠭᠤᠣᠯ ᠳᠤ ᠴᠢᠳᠬᠤᠬᠤ ᠡᠯᠡᠰᠦ ᠰᠢᠪᠠᠷ ᠢ ᠪᠠᠭᠠᠰᠬᠠᠵᠤ ᠴᠢᠳᠠᠨ᠎ᠠ᠃ ᠲᠣᠰ ᠲᠥᠷᠥᠯ ᠵᠦᠢᠯ ᠤᠨ ᠣᠷᠣᠨ ᠤ ᠶᠡᠷᠦᠩᠬᠡᠢ ᠲᠠᠯᠠᠪᠠᠶ ᠨᠢ 23.98 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠡᠭᠦᠨ ᠳᠤ᠂ ᠬᠥᠷᠥᠰᠥ ᠰᠢᠷᠣᠢ ᠶᠢᠨ ᠢᠳᠡᠭᠳᠡᠯ ᠤᠨ ᠲᠠᠯᠠᠪᠠᠶ ᠨᠢ 22.78 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠲᠣᠰ ᠤᠳᠠᠭᠠᠨ ᠤ ᠬᠥᠷᠥᠰᠥ ᠰᠢᠷᠣᠢ ᠶᠢᠨ ᠬᠠᠮᠠᠭᠠᠯᠠᠯᠲᠠ ᠶᠢᠨ ᠶᠡᠷᠦᠩᠬᠡᠶᠢᠯᠡᠨ ᠵᠠᠰᠠᠬᠤ ᠲᠠᠯᠠᠪᠠᠶ ᠨᠢ 20 ᠲᠡᠭᠰᠢ ᠳᠥᠷᠪᠡᠯᠵᠢᠨ ᠺᠢᠯᠣᠮᠧᠲᠷ ᠪᠣᠯᠣᠨ᠎ᠠ᠃ 4 ᠰᠠᠷ᠎ᠠ ᠶᠢᠨ ᠳᠤᠮᠳᠠᠴᠢ ᠪᠠᠷ ᠪᠠᠷᠢᠯᠭ᠎ᠠ ᠡᠬᠢᠯᠡᠭᠰᠡᠨ ᠠᠴᠠ ᠨᠠᠰᠢ᠂ 5 ᠰᠠᠷ᠎ᠠ ᠶᠢᠨ 19 ᠤ ᠡᠳᠦᠷ ᠪᠣᠯᠲᠠᠯ᠎ᠠ ᠨᠢᠭᠡᠨᠲᠡ ᠪᠠᠷᠢᠯᠭ᠎ᠠ  ᠶᠢᠨ 15% ᠶᠢ ᠪᠡᠶᠡᠯᠡᠭᠦᠯᠵᠡᠢ᠂ ᠲᠣᠰ ᠤᠳᠠᠭᠠᠨ ᠤ ᠵᠠᠰᠠᠯᠲᠠ ᠨᠢ ᠮᠠᠩᠬᠠᠨ ᠪᠠᠯᠭᠠᠰᠤᠨ ᠤ ᠵᠥᠩ ᠭᠧᠦ ᠵᠠᠰᠠᠭ ᠵᠠᠬᠢᠷᠭᠠᠨ ᠤ ᠲᠣᠰᠬᠤᠨ ᠵᠡᠷᠭᠡ 5 ᠠᠶᠢᠯ ᠲᠣᠰᠬᠤᠨ ᠳᠤ ᠬᠤᠯᠪᠣᠭᠳᠠᠵᠤ᠂ ᠬᠥᠷᠥᠰᠥ ᠰᠢᠷᠣᠢ ᠶᠢᠨ ᠢᠳᠡᠭᠳᠡᠯ ᠢ ᠪᠦᠲᠦᠮᠵᠢᠲᠡᠶ ᠬᠢᠵᠠᠭᠠᠷᠯᠠᠵᠤ᠂ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠠᠬᠢᠴᠠ ᠶᠢ ᠲᠦᠯᠬᠢᠨ ᠠᠬᠢᠭᠤᠯᠬᠤ ᠪᠣᠯᠣᠨ᠎ᠠ᠃ ᠡᠭᠦᠨ ᠤ ᠬᠠᠮᠲᠤ᠂ ᠨᠣᠭᠤᠭᠠᠷᠠᠭᠤᠯᠤᠯᠲᠠ ᠶᠢᠨ ᠦᠵᠡᠮᠵᠢ ᠶᠢᠨ ᠦᠷ᠎ᠡ ᠪᠦᠲᠦᠮᠵᠢ ᠶᠢ ᠨᠠᠩ ᠰᠠᠶᠢᠨ ᠳᠡᠭᠡᠭᠰᠢᠯᠡᠭᠦᠯᠬᠦ ᠶᠢᠨ ᠲᠥᠯᠥᠭᠡ᠂ ᠯᠢᠶᠡᠩᠴᠧᠩ ᠰᠢᠶᠠᠨ ᠤ ᠬᠢᠨ ᠵᠣᠨ ᠤ ᠡᠬᠢᠨ ᠤ ᠨᠣᠭᠤᠭᠠᠷᠠᠭᠤᠯᠤᠯᠲᠠ ᠠᠷᠠᠴᠢᠯᠠᠯᠲᠠ ᠶᠢᠨ ᠠᠰᠢᠭᠲᠠᠢ ᠴᠠᠭ ᠲᠣᠬᠢᠶᠠᠯ ᠢ ᠴᠢᠩᠭ᠎ᠠ ᠠᠳᠬᠤᠨ᠂ ᠴᠢᠬᠤᠯᠠ ᠭᠤᠣᠯ ᠱᠤᠭᠤᠮ ᠵᠢᠴᠢ ᠬᠤᠲᠠ ᠬᠥᠳᠡᠭᠡ ᠶᠢᠨ ᠵᠠᠮ ᠤᠨ ᠬᠤᠶᠠᠷ ᠬᠠᠵᠠᠭᠤ ᠪᠠᠷ ᠨᠣᠭᠤᠭᠠᠷᠠᠭᠤᠯᠤᠯᠲᠠ ᠶᠢᠨ ᠨᠥᠬᠦᠵᠦ ᠤᠷᠭᠤᠭᠤᠯᠬᠤ ᠠᠵᠢᠯ ᠢ ᠢᠳᠡᠪᠬᠢᠲᠡᠢ ᠥᠷᠨᠢᠭᠦᠯᠵᠦ᠂ ᠥᠷᠭᠡᠨ ᠣᠯᠠᠨ ᠲᠦᠮᠡᠨ ᠳᠤ ᠶᠠᠪᠤᠵᠤ ᠰᠠᠭᠤᠬᠤ ᠰᠠᠶᠢᠨ ᠰᠠᠶᠢᠬᠠᠨ ᠣᠷᠴᠢᠨ ᠨᠥᠬᠦᠴᠡᠯ ᠢ ᠪᠣᠶ ᠪᠣᠯᠭᠠᠵᠤ ᠥᠭᠴᠡᠢ᠃    ᠲᠣᠰ ᠤᠳᠠᠭᠠᠨ ᠤ ᠨᠥᠬᠦᠵᠦ ᠳᠠᠷᠢᠬᠤ ᠳᠤ ᠲᠣᠰᠣᠯᠢᠭ ᠨᠠᠷᠠᠰᠤ᠂ ᠵᠢᠭᠠᠷᠲᠤ ᠨᠠᠷᠠᠰᠤ᠂ ᠲᠤᠭᠤᠷ᠂ ᠬᠠᠶᠢᠯᠠᠰᠤᠨ ᠭᠦᠢᠯᠡᠰᠦ᠂ ᠭᠤᠣᠯᠲᠤ ᠪᠣᠷᠣ ᠵᠡᠷᠭᠡ ᠨᠡᠶᠢᠳᠡ 14800 ᠰᠠᠭᠤᠷᠢ ᠮᠣᠳᠣ ᠲᠠᠷᠢᠬᠤ ᠪᠠᠷ ᠪᠤᠢ᠂ ᠤᠳᠤ ᠨᠢᠭᠡᠨᠲᠡ 12500 ᠰᠠᠭᠤᠷᠢ ᠮᠣᠳᠣ ᠳᠠᠷᠢᠵᠤ᠂ ᠵᠢᠱᠢᠯᠲᠡ ᠪᠠᠷ 5 ᠰᠠᠷ᠎ᠠ ᠶᠢᠨ ᠰᠡᠭᠦᠯᠴᠢ ᠪᠠᠷ ᠨᠥᠬᠦᠵᠦ ᠳᠠᠷᠢᠬᠤ ᠡᠭᠦᠷᠭᠡ ᠪᠠᠨ ᠪᠦᠬᠦᠨ ᠢ ᠪᠡᠶᠡᠯᠡᠭᠦᠯᠬᠦ ᠪᠣᠯᠣᠨ᠎ᠠ᠃                                                                                                 ᠤᠷᠴᠢᠭᠤᠯᠤᠭᠴᠢ᠄ ᠢᠷᠭᠤᠢ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠡᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2