ᠬᠤᠸᠠᠳᠧ ᠰᠢᠶᠠᠨ ︽5·20 ᠳᠡᠯᠡᠬᠡᠢ ᠶᠢᠨ ᠬᠡᠮᠵᠢᠯᠲᠡ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/23
   5 ᠰᠠᠷ᠎ᠠ ᠶᠢᠨ 20 ᠤ ᠡᠳᠦᠷ ᠪᠣᠯ 24 ᠳ᠋ᠦ᠋ᠭᠡᠷ ︽ᠳᠡᠯᠡᠬᠡᠢ ᠶᠢᠨ ᠬᠡᠮᠵᠢᠯᠲᠡ ᠶᠢᠨ ᠡᠳᠦᠷ︾ ᠪᠣᠯᠣᠨ᠎ᠠ᠃ ᠡᠨᠡ ᠵᠢᠯ ᠤᠨ ︽ᠳᠡᠯᠡᠬᠡᠢ ᠶᠢᠨ ᠬᠡᠮᠵᠢᠯᠲᠡ ᠶᠢᠨ ᠡᠳᠦᠷ︾ ᠤᠨ ᠪᠦᠬᠦ ᠪᠥᠮᠪᠥᠷᠴᠡᠭ ᠤᠨ ᠭᠤᠣᠯ ᠰᠡᠳᠦᠪ ᠪᠣᠯ ︽ᠬᠡᠮᠵᠢᠯᠲᠡ ᠨᠢ ᠪᠦᠬᠦ ᠪᠥᠮᠪᠥᠷᠴᠡᠭ ᠤᠨ ᠠᠮᠤ ᠪᠤᠳᠠᠭᠠᠨ ᠤ ᠰᠢᠰᠲ᠋ᠧᠮ  ᠢ ᠲᠤᠯᠭᠠᠭᠤᠷᠢᠯᠠᠨ᠎ᠠ︾᠃ ᠳᠤᠮᠳᠠᠳᠤ ᠤᠯᠤᠰ ᠤᠨ ᠣᠨᠴᠠᠭᠠᠶ ᠭᠤᠣᠯ ᠰᠡᠳᠦᠪ ᠪᠣᠯ ︽ᠬᠡᠮᠵᠢᠯᠲᠡ ᠨᠢ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠨ ᠨᠡᠮᠡᠷᠢᠯᠡᠨ᠎ᠡ︾᠃    ᠲᠥᠷᠥ ᠶᠢᠨ ᠶᠠᠪᠤᠳᠠᠯ ᠤᠨ ᠬᠤᠷᠢᠶᠠᠨ ᠤ ︽ᠬᠡᠮᠵᠢᠯᠲᠡ ᠶᠢᠨ ᠬᠥᠭᠵᠢᠯᠲᠡ ᠶᠢᠨ ᠲᠥᠯᠦᠪᠵᠢᠭᠦᠯᠭᠡ ︵2021 ︱ 2035 ᠣᠨ︶︾ ᠶᠢ  ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠡᠮᠵᠢᠯᠲᠡ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢ ᠴᠢᠩᠭᠠᠳᠬᠠᠨ᠂ ᠪᠥᠬᠦ ᠨᠡᠶᠢᠭᠡᠮ ᠤᠨ ᠬᠡᠮᠵᠢᠯᠲᠡ ᠶᠢᠨ ᠦᠵᠡᠯ ᠤᠬᠠᠮᠰᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠰᠢᠶᠠᠨ ᠤ ᠰᠢᠯᠭᠠᠨ ᠪᠠᠶᠢᠴᠠᠭᠠᠵᠤ ᠪᠠᠶᠢᠴᠠᠭᠠᠨ ᠬᠡᠮᠵᠢᠬᠦ ᠲᠥᠪ ᠲᠠᠢ ᠬᠤᠯᠪᠤᠭᠠᠯᠠᠨ 2023 ᠣᠨ ᠤ ︽5 · 20 ᠳᠡᠯᠡᠬᠡᠢ ᠶᠢᠨ ᠬᠡᠮᠵᠢᠯᠲᠡ ᠶᠢᠨ ᠡᠳᠦᠷ︾ ᠤᠨ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠬᠤᠸᠠᠳᠧ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠲᠥᠪ ᠤᠨ ᠬᠥᠮᠥᠰ ᠡᠩ ᠲᠡᠷᠢᠭᠦᠨ ᠳᠤ ᠬᠠᠷᠢᠶ᠎ᠠ ᠣᠷᠣᠨ ᠤ ᠠᠷᠠᠳ ᠲᠤ ᠠᠰᠢᠭ ᠬᠦᠷᠳᠡᠭᠡᠬᠦ ᠬᠦᠷᠢᠶᠡᠯᠡᠩ ᠳᠤ ᠭᠦᠨᠵᠡᠭᠡᠶᠢᠷᠡᠵᠦ᠂ ᠬᠡᠮᠵᠢᠯᠲᠡ ᠶᠢᠨ ᠪᠠᠭᠠᠵᠢ ᠬᠡᠷᠡᠭᠰᠡᠯ ᠤᠨ ᠲᠤᠰᠬᠠᠢ ᠪᠠᠶᠢᠴᠠᠭᠠᠯᠲᠠ ᠶᠢ ᠲᠥᠪᠯᠡᠷᠡᠭᠦᠯᠦᠨ ᠥᠷᠨᠢᠭᠦᠯᠵᠦ᠂ ᠡᠯᠧᠺᠲᠷᠣᠨ ᠵᠢᠩᠯᠡᠭᠦᠷ ᠤᠨ ᠬᠡᠮᠵᠢᠶ᠎ᠡ ᠶᠢᠨ ᠵᠥᠪ ᠣᠨᠣᠪᠴᠢᠲᠠᠢ ᠪᠠᠶᠢᠬᠤ ᠡᠰᠡᠬᠦ᠂ ᠬᠡᠷᠡᠭᠯᠡᠭᠰᠡᠨ ᠬᠡᠮᠵᠢᠯᠲᠡ ᠶᠢᠨ ᠪᠠᠭᠠᠵᠢ ᠬᠡᠷᠡᠭᠰᠡᠯ ᠳᠤ ᠰᠢᠯᠭᠠᠨ ᠲᠣᠭᠲᠠᠭᠠᠯᠲᠠ ᠬᠢᠭᠰᠡᠨ ᠡᠰᠡᠬᠦ ᠵᠢᠴᠢ ᠡᠯᠧᠺᠲᠷᠣᠨ ᠵᠢᠩᠯᠡᠭᠦᠷ ᠢ ᠠᠰᠢᠭᠯᠠᠨ ᠭᠡᠮ ᠦᠢᠯᠡᠳᠦᠭᠰᠡᠨ ᠦᠵᠡᠭᠳᠡᠯ ᠣᠷᠣᠰᠢᠬᠤ ᠡᠰᠡᠬᠦ ᠵᠡᠷᠭᠡ ᠠᠰᠠᠭᠤᠳᠠᠯ ᠤᠨ ᠲᠤᠭᠤᠷᠢᠨ ᠳᠤ ᠭᠤᠣᠯᠳᠠᠯᠭ᠎ᠠ ᠲᠠᠢ ᠪᠠᠶᠢᠴᠠᠭᠠᠪᠠ᠃ᠳᠠᠷᠠᠭ᠎ᠠ ᠨᠢ᠂ ᠬᠤᠸᠠᠳᠧ ᠰᠢᠶᠠᠨ ᠤ ᠪᠦᠦ ᠳ᠋ᠣᠣ ᠨᠢᠳᠦᠨ ᠰᠢᠯ ᠤᠨ ᠳᠡᠯᠭᠡᠭᠦᠷ᠂ ᠳᠤᠮᠳᠠᠳᠤ ᠤᠯᠤᠰ ᠤᠨ ᠴᠢᠯᠠᠭᠤᠨ ᠲᠣᠰᠣ ᠬᠢᠮᠢ ᠶᠢᠨ ᠠᠵᠤ ᠦᠢᠯᠡᠳᠪᠦᠷᠢ ᠶᠢᠨ ᠲᠣᠰᠣ ᠨᠡᠮᠡᠬᠦ ᠦᠷᠲᠡᠭᠡ ᠪᠣᠯᠣᠨ ᠬᠤᠸᠠᠳᠧ ᠰᠢᠶᠠᠨ ᠤ ᠬᠤᠩ ᠳ᠋ᠧ ᠰᠢᠲᠠᠮᠠᠬᠠᠢ ᠬᠡᠢ ᠶᠢᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠤᠬᠠᠭᠤᠯᠭ᠎ᠠ ᠪᠠᠶᠢᠴᠠᠭᠠᠯᠲᠠ ᠬᠢᠵᠡᠢ᠃ ᠠᠵᠢᠯᠯᠠᠭ᠎ᠠ ᠶᠢᠨ ᠳᠤᠮᠳᠠ᠂ ᠰᠢᠶᠠᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠡᠵᠡᠩᠨᠡᠯᠲᠡ ᠪᠠᠷ ᠨᠡᠯᠢᠶᠡᠳ ᠰᠠᠶᠢᠨ ᠨᠢᠭᠡᠴᠢ ᠳᠤ ︽ᠦᠨᠡᠨᠴᠢ ᠢᠲᠡᠭᠡᠮᠵᠢ ᠶᠢᠨ ᠬᠡᠮᠵᠢᠯᠲᠡ ᠶᠢᠨ ᠵᠢᠱᠢᠶ᠎ᠡ ᠦᠵᠡᠭᠦᠯᠬᠦ ᠨᠢᠭᠡᠴᠢ︾ ᠭᠡᠬᠦ ᠫᠠᠶᠢᠰᠠ ᠣᠯᠭᠤᠪᠠ᠃    ᠲᠣᠰ ᠤᠳᠠᠭᠠᠨ ᠤ ᠠᠵᠢᠯᠯᠠᠭ᠎ᠠ ᠳᠤ 28 ᠬᠠᠤᠯᠢ ᠬᠡᠷᠡᠭᠵᠢᠭᠦᠯᠬᠦ ᠠᠵᠢᠯᠲᠠᠨ ᠤᠷᠤᠯᠴᠠᠵᠤ᠂ 500 ᠭᠠᠷᠤᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ᠂ 26 ᠤᠳᠠᠭ᠎ᠠ ᠰᠦᠢᠳᠬᠡᠯ ᠥᠯᠥ ᠬᠤᠷᠢᠶᠠᠬᠤ ᠬᠡᠮᠵᠢᠯᠲᠡ ᠶᠢᠨ ᠦᠢᠯᠡᠴᠢᠯᠡᠭᠡ ᠬᠠᠩᠭᠠᠪᠠ᠃ ᠡᠭᠦᠨ ᠤ ᠬᠠᠮᠲᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠢ ᠶᠢᠨ ᠲᠠᠯᠠᠪᠤᠷ ᠲᠤ ᠲᠠᠶᠢᠯᠤᠮᠵᠢ ᠬᠢᠬᠦ ᠪᠠ ᠮᠠᠳᠠᠭ ᠲᠠᠢ ᠠᠰᠠᠭᠤᠳᠠᠯ ᠢ ᠬᠠᠷᠢᠭᠤᠯᠬᠤ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ︽ᠬᠡᠮᠵᠢᠯᠲᠡ ᠶᠢᠨ ᠬᠠᠤᠯᠢ︾ ᠵᠡᠷᠭᠡ ᠬᠠᠤᠯᠢ ᠴᠠᠭᠠᠵᠠ ᠶᠢᠨ ᠮᠡᠳᠡᠯᠭᠡ ᠶᠢ ᠢᠳᠡᠪᠬᠢᠲᠡᠢ ᠤᠬᠠᠭᠤᠯᠵᠤ᠂ ᠰᠠᠶᠢᠨ ᠰᠠᠶᠢᠬᠠᠨ ᠤᠬᠠᠭᠤᠯᠭ᠎ᠠ ᠶᠢᠨ ᠦᠷ᠎ᠡ ᠪᠦᠲᠦᠮᠵᠢ ᠣᠯᠣᠭᠰᠠᠨ ᠪᠠᠶᠢᠨ᠎ᠠ᠃    ᠬᠡᠮᠵᠢᠯᠲᠡ ᠶᠢᠨ ᠡᠳᠦᠷ ᠤᠨ ᠠᠵᠢᠯᠯᠠᠭ᠎ᠠ ᠶᠢ ᠥᠷᠨᠢᠭᠦᠯᠬᠦ ᠪᠠᠷ ᠳᠠᠮᠵᠢᠭᠤᠯᠤᠨ᠂ ᠬᠡᠮᠵᠢᠯᠲᠡ ᠶᠢᠨ ᠡᠷᠡᠭᠦᠯ ᠮᠡᠨᠳᠦ ᠶᠢ ᠰᠠᠬᠢᠵᠤ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠪᠠᠶᠢᠭᠤᠯᠵᠤ᠂ ᠪᠥᠬᠦ ᠨᠡᠶᠢᠭᠡᠮ ᠢᠶᠠᠷ ᠢᠶᠠᠨ ᠬᠡᠮᠵᠢᠯᠲᠡ ᠶᠢ ᠠᠩᠬᠠᠷᠬᠤ᠂ ᠬᠡᠮᠵᠢᠯᠲᠡ ᠶᠢ ᠳᠡᠮᠵᠢᠬᠦ ᠪᠠ ᠬᠡᠮᠵᠢᠯᠲᠡ ᠶᠢ ᠴᠢᠬᠤᠯᠠᠴᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠨᠠᠩ ᠰᠠᠶᠢᠨ ᠪᠣᠶ ᠪᠣᠯᠭᠠᠬᠤ ᠳᠤ ᠠᠰᠢᠭᠲᠠᠢ ᠶᠤᠮ᠃ ᠳᠠᠷᠠᠭᠠᠴᠢ ᠶᠢᠨ ᠠᠯᠬᠤᠮ ᠳᠤ᠂ ᠲᠤᠰ ᠲᠣᠪᠴᠢᠶ᠎ᠠ ᠡᠨᠡ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠠᠵᠠ ᠲᠣᠬᠢᠶᠠᠯ ᠪᠣᠯᠭᠠᠵᠤ᠂ ᠪᠥᠬᠦ ᠰᠢᠶᠠᠨ ᠤ ᠬᠡᠪᠴᠢᠶᠡᠨ ᠳᠤ ︽ᠬᠡᠮᠵᠢᠯᠲᠡ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠲᠤ ᠣᠷᠣᠭᠤᠯᠬᠤ᠂ ᠴᠤᠭᠯᠠᠭ᠎ᠠ ᠮᠠᠶᠢᠮᠠᠢ ᠳᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ︾ ︽ᠬᠡᠮᠵᠢᠯᠲᠡ ᠶᠢᠨ ᠲᠤᠷᠰᠢᠯᠲᠠ ᠶᠢᠨ ᠲᠠᠰᠤᠭ ᠤᠨ ᠨᠡᠭᠡᠭᠡᠯᠲᠡ ᠶᠢᠨ ᠡᠳᠦᠷ︾ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠮᠵᠢᠯᠲᠡ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢᠨ ᠬᠠᠭᠤᠳᠠᠰᠤ ᠶᠢ ᠲᠠᠷᠬᠠᠭᠠᠬᠤ ᠵᠢᠴᠢ ᠠᠯᠢ ᠣᠯᠠᠨ ᠬᠡᠯᠪᠡᠷᠢ ᠮᠠᠶ᠋ᠢᠭ ᠣᠯᠠᠨ ᠶᠠᠩᠵᠤ ᠶᠢᠨ ᠭᠤᠣᠯ ᠰᠡᠳᠦᠪᠲᠦ ᠤᠬᠠᠭᠤᠯᠭ᠎ᠠ ᠶᠢᠨ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠥᠷᠨᠢᠭᠦᠯᠬᠦ ᠪᠠᠷ ᠪᠤᠢ᠃ ᠬᠦᠴᠦᠨ ᠢᠶᠠᠨ ᠲᠥᠪᠯᠡᠷᠡᠭᠦᠯᠦᠨ ᠠᠷᠠᠳ ᠤᠯᠠᠨ ᠤ ᠠᠩᠬᠠᠷᠴᠤ ᠪᠠᠶᠢᠭ᠎ᠠ ᠬᠡᠮᠵᠢᠯᠲᠡ ᠶᠢᠨ ᠬᠠᠯᠠᠮᠰᠢᠯ ᠠᠰᠠᠭᠤᠳᠠᠯ ᠬᠦᠴᠢᠷ ᠠᠰᠠᠭᠤᠳᠠᠯ ᠢ ᠪᠠᠶᠢᠴᠠᠭᠠᠨ ᠰᠤᠳᠤᠯᠵᠤ ᠡᠮᠬᠢᠯᠡᠬᠦ ᠪᠠ ᠰᠢᠢᠳᠪᠦᠷᠢᠯᠡᠬᠦ ᠶᠢ ᠠᠬᠢᠭᠤᠯᠵᠤ᠂ ᠬᠡᠮᠵᠢᠯᠲᠡ ᠪᠠᠷ ᠠᠷᠠᠳ ᠲᠤ ᠠᠰᠢᠭ ᠬᠦᠷᠲᠡᠭᠡᠬᠦ ᠠᠵᠢᠯ ᠢ ᠦᠨᠡᠨᠬᠦ ᠠᠬᠢᠭᠤᠯᠵᠤ᠂ ᠡᠷᠬᠡ ᠲᠡᠭᠰᠢ ᠲᠥᠪ ᠭᠤᠣᠯᠴᠢ᠂ ᠵᠢᠷᠤᠮᠵᠢᠯ ᠲᠠᠢ ᠡᠮᠬᠢ ᠵᠢᠷᠤᠮ ᠲᠠᠢ᠂ ᠰᠠᠨᠠᠭ᠎ᠠ ᠠᠮᠤᠷ ᠬᠡᠷᠡᠭᠯᠡᠭᠡ ᠬᠢᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠢ ᠪᠤᠢ ᠪᠣᠯᠭᠠᠨ᠎ᠠ᠃                                          ᠤᠷᠴᠢᠭᠤᠯᠤᠭᠴᠢ᠄ ᠢᠷᠭᠤᠢ                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
1
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2