ᠰᠢᠩ ᠾᠧ ᠰᠢᠶᠠᠨ ᠦᠢᠯᠡᠰ ᠪᠤᠰᠬᠠᠬᠤ ᠪᠠᠲᠤᠯᠠᠭᠠᠳᠤ ᠵᠢᠭᠡᠯᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/25
   ᠣᠶᠢᠷ᠎ᠠ ᠳᠤ᠂ ᠰᠢᠩ ᠾᠧ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠨᠢ ᠰᠢᠶᠠᠨ ᠤ ᠵᠡᠮᠳᠡᠭᠴᠦᠳ ᠤᠨ ᠬᠤᠯᠪᠣᠭᠠᠲᠤ ᠵᠦᠪᠯᠡᠯ ᠲᠠᠢ ᠬᠠᠮᠳᠤᠷᠠᠵᠤ᠂ ᠰᠢᠨ ᠱᠢ ᠵᠢᠢ ᠠᠭᠤᠳᠠᠮ ᠲᠠᠯᠠᠪᠠᠶ ᠳᠤ ᠦᠢᠯᠡᠰ ᠪᠤᠰᠬᠠᠬᠤ ᠪᠠᠲᠤᠯᠠᠭᠠᠳᠤ ᠵᠢᠭᠡᠯᠡᠯᠭᠡ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠠᠵᠢᠯᠯᠠᠭ᠎ᠠ ᠶᠢᠨ ᠵᠣᠷᠢᠯᠭ᠎ᠠ  ᠨᠢ ᠠᠳᠠᠯ ᠦᠢᠯᠡᠰ ᠪᠤᠰᠬᠠᠬᠤ ᠪᠠᠲᠤᠯᠠᠭᠠᠳᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢᠨ ᠣᠶᠢᠯᠠᠭᠠᠬᠤ ᠬᠡᠮᠵᠢᠶ᠎ᠡ ᠪᠠ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠳᠠᠯ ᠦᠢᠯᠡᠰ ᠪᠤᠰᠬᠠᠬᠤ ᠶᠢ ᠵᠣᠷᠢᠭᠵᠢᠭᠤᠯᠬᠤ ᠪᠠ ᠠᠳᠠᠯ ᠦᠢᠯᠡᠰ ᠪᠤᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠤᠷᠴᠢᠨ ᠠᠬᠤᠢ ᠶᠢ ᠪᠣᠶ ᠪᠣᠯᠭᠠᠵᠤ᠂ ᠪᠥᠬᠦ ᠰᠢᠶᠠᠨ ᠤ ᠠᠵᠢᠯ ᠣᠯᠭᠤᠬᠤ ᠪᠠ ᠠᠳᠠᠯ ᠦᠢᠯᠡᠰ ᠪᠤᠰᠬᠠᠬᠤ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠳᠠᠯ ᠦᠢᠯᠡᠰ ᠪᠤᠰᠬᠠᠬᠤ ᠪᠠᠲᠤᠯᠠᠭᠠᠳᠤ ᠵᠢᠭᠡᠯᠡᠯᠭᠡ ᠶᠢ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢ ᠲᠣᠭᠲᠠᠪᠤᠷᠢᠵᠢᠭᠤᠯᠬᠤ ᠴᠢᠬᠤᠯᠠ ᠠᠬᠢᠭᠤᠯᠤᠭᠴᠢ ᠪᠣᠯᠭᠠᠬᠤ ᠶᠢᠨ ᠲᠥᠯᠥᠭᠡ ᠶᠤᠮ᠃    ᠠᠵᠢᠯᠯᠠᠭ᠎ᠠ ᠶᠢᠨ ᠠᠬᠤᠢ ᠳᠠᠯᠠᠪᠠᠢ ᠳᠤ᠂ ᠤᠬᠠᠭᠤᠯᠭ᠎ᠠ ᠶᠢᠨ ᠦᠵᠡᠭᠦᠯᠦᠯᠭᠡ ᠶᠢᠨ ᠰᠠᠮᠪᠠᠷ᠎ᠠ ᠭᠠᠷᠭᠠᠬᠤ᠂ ᠡᠯᠭᠦᠭᠡ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠠᠳᠠᠯ ᠦᠢᠯᠡᠰ ᠪᠤᠰᠬᠠᠬᠤ ᠪᠠᠲᠤᠯᠠᠭᠠᠳᠤ ᠵᠢᠭᠡᠯᠡᠯᠭᠡ ᠭᠤᠶᠤᠴᠢᠯᠠᠬᠤ ᠡᠲᠡᠭᠡᠳ᠂ ᠶᠠᠪᠤᠴᠠ᠂ ᠬᠡᠷᠡᠭᠰᠡᠬᠦ ᠮᠠᠲ᠋ᠧᠷᠢᠶᠠᠯ᠂ ᠵᠢᠭᠡᠯᠡᠯᠭᠡ ᠶᠢᠨ ᠲᠤᠭ᠎ᠠ ᠬᠡᠮᠵᠢᠶ᠎ᠡ ᠵᠢᠴᠢ ᠳᠠᠮ ᠬᠦᠦ ᠵᠡᠷᠭᠡ ᠪᠥᠬᠦ ᠶᠠᠪᠤᠴᠠ ᠶᠢᠨ ᠠᠭᠤᠯᠭ᠎ᠠ ᠶᠢ ᠶᠡᠬᠡᠪᠡᠷ ᠤᠬᠠᠭᠤᠯᠪᠠ᠃ ᠡᠭᠦᠨ ᠤ ᠬᠠᠮᠲᠤ᠂ ᠠᠰᠠᠭᠤᠨ ᠯᠠᠪᠯᠠᠬᠤ ᠦᠢᠯᠡᠴᠢᠯᠡᠭᠡᠨ ᠤ ᠲᠠᠪᠴᠠᠩ ᠭᠠᠷᠭᠠᠵᠤ᠂ ᠠᠵᠢᠯᠲᠠᠳ ᠲᠤᠬᠠᠢ ᠶᠢᠨ ᠭᠠᠵᠠᠷ  ᠲᠤᠨᠢ ᠣᠯᠠᠨ ᠲᠦᠮᠡᠨ ᠤ ᠬᠠᠮᠢᠶ᠎ᠠ ᠪᠦᠬᠦᠢ ᠠᠰᠠᠭᠤᠳᠠᠯ ᠢ ᠬᠠᠷᠢᠭᠤᠯᠵᠤ᠂ ᠠᠳᠠᠯ ᠪᠣᠰᠬᠠᠭᠴᠢᠳ ᠲᠤ ᠪᠡᠯᠡ ᠮᠥᠩᠭᠦᠨ ᠤ ᠬᠦᠴᠢᠷ ᠠᠰᠠᠭᠤᠳᠠᠯ ᠢ ᠰᠢᠢᠳᠪᠦᠷᠢᠯᠡᠵᠦ ᠥᠭᠪᠡ᠃ ᠲᠣᠰ ᠤᠳᠠᠭᠠᠨ ᠤ ᠠᠵᠢᠯᠯᠠᠭ᠎ᠠ ᠳᠤ ᠠᠳᠠᠯ ᠦᠢᠯᠡᠰ ᠪᠤᠰᠬᠠᠬᠤ ᠪᠠᠲᠤᠯᠠᠭᠠᠳᠤ ᠵᠢᠭᠡᠯᠡᠯᠭᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ ᠨᠡᠶᠢᠲᠡ 600 ᠭᠠᠷᠤᠢ ᠬᠤᠪᠢ ᠲᠠᠷᠬᠠᠭᠠᠵᠤ᠂ ᠲᠤᠬᠠᠢ ᠶᠢᠨ ᠲᠠᠯᠠᠪᠤᠷ ᠲᠤ ᠣᠯᠠᠨ ᠲᠦᠮᠡᠨ ᠤ ᠲᠤᠬᠠᠶᠢᠯᠠᠭᠰᠠᠨ ᠠᠵᠢᠯ ᠤᠨ ᠯᠠᠪᠯᠠᠯᠭ᠎ᠠ ᠶᠢ 120 ᠭᠠᠷᠤᠢ ᠬᠥᠮᠥᠨ ᠤᠳᠠᠭ᠎ᠠ ᠭᠥᠯᠢᠶᠡᠨ ᠠᠪᠴᠠᠢ᠃    ᠳᠠᠷᠠᠭᠠᠴᠢ ᠶᠢᠨ ᠠᠯᠬᠤᠮ ᠳᠤ᠂ ᠰᠢᠩ ᠾᠧ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ  ᠬᠢᠨ ᠦᠢᠯᠡᠰ ᠪᠣᠰᠬᠠᠬᠤ ᠪᠠᠲᠤᠯᠠᠭᠠᠲᠤ ᠵᠢᠭᠡᠯᠡᠯᠭᠡ ᠶᠢᠨ ᠲᠥᠷᠥ ᠶᠢᠨ ᠪᠣᠳᠣᠯᠭ᠎ᠠ ᠶᠢ ᠤᠬᠠᠭᠤᠯᠬᠤ ᠡᠷᠴᠢᠮ ᠢᠶᠠᠨ ᠦᠷᠬᠦᠯᠵᠢᠯᠡᠨ ᠴᠢᠩᠭᠠᠳᠬᠠᠵᠤ᠂ ᠳᠡᠭᠡᠳᠦ ᠱᠠᠲᠤᠨ ᠤ ᠪᠠᠭᠤᠯᠭᠠᠭᠰᠠᠨ ᠬᠤᠯᠪᠣᠭᠳᠠᠯ ᠪᠦᠬᠦᠢ ᠠᠵᠢᠯ ᠤᠨ ᠡᠭᠦᠷᠭᠡ ᠪᠠ ᠪᠥᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠤᠨ᠂ ᠠᠳᠠᠯ ᠦᠢᠯᠡᠰ ᠪᠤᠰᠬᠠᠬᠤ ᠪᠠᠲᠤᠯᠠᠭᠠᠳᠤ ᠵᠢᠭᠡᠯᠡᠯᠭᠡ ᠶᠢᠨ ᠡᠯ᠎ᠡ ᠵᠦᠢᠯ ᠤᠨ ᠠᠵᠢᠯ ᠢ ᠥᠨᠳᠥᠷ ᠪᠦᠲᠦᠮᠵᠢᠲᠡᠶ ᠪᠠᠷ ᠥᠷᠨᠢᠭᠦᠯᠵᠦ᠂ ᠠᠳᠠᠯ ᠦᠢᠯᠡᠰ ᠪᠤᠰᠬᠠᠬᠤ ᠠᠵᠢᠯ ᠣᠯᠭᠤᠬᠤ ᠶᠢ ᠳᠡᠮᠵᠢᠬᠦ ᠪᠠ ᠠᠵᠤ ᠠᠬᠤᠢ ᠨᠡᠶᠢᠭᠡᠮ ᠤᠨ ᠲᠣᠭᠲᠠᠭᠤᠨ ᠬᠥᠭᠵᠢᠯᠲᠡ ᠶᠢ ᠲᠦᠯᠬᠢᠨ ᠠᠬᠢᠭᠤᠯᠬᠤ ᠳᠤ ᠦᠵᠡᠭᠦᠯᠬᠦ ᠮᠥᠩᠭᠦᠨ ᠭᠦᠢᠯᠭᠡᠭᠡᠨ ᠤ ᠳᠡᠮᠵᠢᠯᠭᠡ ᠶᠢᠨ ᠦᠢᠯᠡᠳᠦᠯ ᠢ ᠢᠳᠡᠪᠬᠢᠲᠡᠢ ᠪᠠᠳᠠᠷᠠᠭᠤᠯᠤᠨ᠎ᠠ᠃                                                                                          ᠤᠷᠴᠢᠭᠤᠯᠤᠭᠴᠢ᠄ ᠢᠷᠭᠤᠢ                                          ᠬᠢᠨᠠᠭᠴᠢ  ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2