ᠬᠤᠸᠠᠳᠧ ᠰᠢᠶᠠᠨ ᠤ ᠤᠯᠠᠭᠠᠨᠮᠥ᠋ᠴᠢᠷ ᠦᠨᠳᠦᠰᠦᠨ ᠱᠠᠲᠤᠨ ᠳᠤ ᠭᠦᠨᠵᠡᠭᠡᠶᠢᠷᠡᠵᠦ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠪᠠ
ᠨᠡᠶᠢᠲᠡᠯᠡᠭᠰᠡᠨ ᠴᠠᠭ᠄
2023/5/26
   ᠤᠶᠢᠷ᠎ᠠ ᠳᠤ᠂ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ — ᠬᠤᠸᠠᠳᠧ ᠰᠢᠶᠠᠨ ᠤ ᠤᠯᠠᠭᠠᠨᠮᠥ᠋ᠴᠢᠷ ᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠤᠬᠠᠭᠤᠯᠬᠤ ᠦᠨᠳᠦᠰᠦᠨ ᠱᠠᠲᠤᠨ ᠤ ᠦᠢᠯᠡᠴᠢᠯᠡᠭᠡᠨ ᠤ ᠠᠵᠢᠯᠯᠠᠭ᠎ᠠ︾ ᠭᠡᠬᠦ ᠲᠣᠭᠯᠠᠯᠲᠠ ᠬᠥᠩ ᠯᠡ ᠬᠤ᠋ ᠳ᠋ᠦᠩ ᠰᠢᠶᠠᠩ ᠤᠨ ᠮᠢᠨ ᠵᠤ᠋ ᠲᠣᠰᠬᠤᠨ ᠳᠤ ᠶᠠᠪᠤᠭᠳᠠᠵᠤ᠂ ᠨᠤᠲᠤᠭ ᠤᠨ ᠠᠬ᠎ᠠ ᠳᠡᠭᠦᠦ ᠨᠡᠷ ᠲᠤ ᠰᠣᠶᠣᠯ ᠵᠣᠷᠢᠭ ᠰᠠᠨᠠᠭᠠᠨ ᠤ ᠭᠤᠶᠢᠳᠠ ᠰᠠᠶᠢᠬᠠᠨ ᠦᠪᠡᠳᠡᠭᠰᠢ ᠨᠠᠶᠢᠷ ᠢ ᠬᠦᠷᠭᠡᠪᠡ᠃     ︽ᠲᠠ ᠨᠠᠮ ᠤᠨ ᠲᠤᠭ ᠤᠨ ᠨᠠᠮᠢᠷᠠᠭᠰᠠᠨ ᠴᠢᠭᠯᠡᠯ ᠢ ᠬᠠᠷᠠᠭᠠᠴᠢ᠂ ᠮᠢᠨᠦ ᠴᠤᠷ ᠤᠨ ᠭᠠᠭᠴᠠ ᠪᠠᠲᠤ ᠢᠲᠡᠭᠡᠯ ᠪᠢᠰᠢᠷᠡᠯ ᠪᠤᠯᠤᠨ᠎ᠡ᠂ ᠬᠠᠪᠤᠷ ᠤᠨ ᠤᠯᠠᠷᠢᠯ ᠳᠤ ᠪᠦᠬᠦ ᠬᠦᠴᠦᠨ ᠢᠶᠠᠷ ᠢᠶᠠᠨ ᠤᠷᠤᠭᠰᠢᠯᠠᠬᠤ ᠬᠦᠰᠡᠯ ᠵᠡᠭᠦᠳᠦ ᠲᠠᠢ᠂ ᠳᠠᠷᠳᠠᠩ ᠵᠠᠮ ᠢᠶᠠᠷ ᠰᠢᠨ᠎ᠡ ᠥᠷ ᠤᠨ ᠲᠤᠶᠠᠭ᠎ᠠ ᠶᠢ ᠤᠭᠲᠤᠨ᠎ᠠ ᠁︾ ᠭᠡᠵᠦ ᠪᠠᠶᠠᠷᠲᠤ ᠳᠠᠭᠤᠤ ᠪᠥᠵᠢᠭ ᠤᠨ ᠠᠶ᠎ᠠ ᠪᠣᠯᠤᠨ ᠬᠠᠯᠠᠭᠤᠨ ᠠᠯᠠᠭ᠎ᠠ ᠲᠠᠰᠢᠯᠳᠠ ᠶᠢᠨ ᠲᠠᠭᠤᠨ ᠭᠦᠩ ᠯᠠ ᠬᠤ᠋ ᠳ᠋ᠦᠩ ᠰᠢᠶᠠᠩ ᠤᠨ ᠮᠢᠨ ᠵᠤ᠋ ᠲᠣᠰᠬᠤᠨ ᠤ ᠰᠣᠶᠣᠯ ᠤᠨ ᠠᠭᠤᠳᠠᠮ ᠲᠠᠯᠠᠪᠠᠢ ᠳᠤ ᠲᠠᠰᠤᠷᠠᠯᠳᠡ ᠦᠭᠡᠢ ᠬᠠᠩᠭᠢᠨᠠᠨ ᠴᠤᠤᠷᠢᠶᠠᠲᠤᠨ᠎ᠠ᠃ ︽ᠨᠠᠮ ᠤᠨ ᠠᠴᠢ ᠶᠢ ᠮᠡᠳᠡᠷᠡᠬᠦ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠬᠤᠸᠠᠳᠧ ᠰᠢᠶᠠᠨ ᠤ ᠬᠥᠪᠡᠭᠦᠳ ᠥᠬᠢᠳ ᠤᠨ ᠦᠨᠡᠨ ᠰᠡᠳᠬᠢᠯ ᠠᠴᠠ ᠪᠠᠨ ᠨᠠᠮ ᠤᠨ ᠠᠴᠢ ᠶᠢ ᠮᠡᠳᠡᠷᠡᠬᠦ᠂ ᠡᠷᠡᠰ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠬᠤ᠂ ᠡᠷᠡᠰ ᠭᠤᠶᠢᠪᠢᠰᠢ ᠦᠭᠡᠢ ᠪᠠᠷ ᠨᠠᠮ ᠢᠶᠠᠨ ᠳᠠᠭᠠᠬᠤ ᠢᠲᠡᠭᠡᠯ ᠵᠣᠷᠢᠭ ᠢ ᠢᠯᠡᠷᠡᠭᠦᠯᠪᠡ᠃     ᠲᠤᠰ ᠤᠳᠠᠭᠠᠨ ᠤ ᠠᠵᠢᠯᠯᠠᠭ᠎ᠠ ᠨᠢ ︽ᠨᠠᠮ ᠤᠨ ᠠᠴᠢ ᠶᠢ ᠮᠡᠳᠡᠷᠡᠵᠦ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠬᠤ︾ ᠪᠠᠷ ᠭᠤᠣᠯ ᠰᠡᠳᠦᠪ ᠪᠣᠯᠭᠠᠵᠤ᠂ ᠤᠳᠬ᠎ᠠ ᠤᠷᠠᠯᠢᠭ ᠤᠨ ᠬᠡᠯᠪᠡᠷᠢ ᠪᠠᠷ ᠳᠠᠮᠵᠢᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠳᠤᠭᠤᠰᠢᠯᠠᠭᠤᠯᠬᠤ ᠶᠢ ᠠᠵᠢᠯᠯᠠᠭ᠎ᠠ ᠶᠢᠨ ᠪᠦᠬᠦ ᠶᠠᠪᠤᠴᠠ ᠳᠤ  ᠳᠤᠭᠤᠰᠢᠯᠠᠭᠤᠯᠵᠤ᠂ ᠨᠠᠮ ᠤᠨ ᠲᠠᠭᠤᠨ ᠪᠣᠯᠤᠨ ᠠᠷᠠᠳ ᠤᠯᠠᠨ ᠢ ᠬᠠᠯᠠᠮᠵᠢᠯᠠᠵᠤ ᠪᠠᠶᠢᠬᠤ ᠶᠢ ᠳᠠᠮᠵᠢᠭᠤᠯᠵᠤ᠂ ᠨᠠᠮ ᠤᠨ ᠭᠡᠰᠢᠭᠦᠨ ᠺᠠᠳ᠋ᠷ ᠤᠯᠠᠨ ᠲᠦᠮᠡᠨ ᠢ ᠬᠦᠳᠦᠯᠦᠨ ᠵᠢᠯᠣᠭᠤᠳᠴᠤ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠵᠤ᠂ ᠤᠬ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤᠳᠬᠠᠵᠤ᠂ ᠨᠠᠮ ᠤᠨ ᠤᠳᠤᠷᠢᠳᠤᠯᠭ᠎ᠠ ᠶᠢ ᠡᠷᠡᠰ ᠬᠦᠷᠢᠶᠡᠯᠡᠵᠦ᠂ ᠨᠠᠮ ᠤᠨ ᠦᠢᠯᠡᠰ ᠲᠤ ᠢᠳᠡᠪᠬᠢᠲᠡᠢ  ᠤᠷᠤᠯᠴᠠᠭᠤᠯᠤᠨ᠎ᠡ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2