ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠠᠷᠠᠯᠵᠢᠶᠠᠴᠢᠨ ᠤᠷᠢᠵᠤ ᠪᠡᠯᠡ  ᠣᠷᠣᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2023/5/29
  5 ᠰᠠᠷ᠎ᠠ ᠶᠢᠨ 26 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠰᠦᠢ ᠸᠧᠢ ᠵᠢᠶᠦ᠋ᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ ᠰᠢᠨᠵᠢᠯᠡᠨ ᠪᠠᠶᠢᠴᠠᠭᠠᠵᠤ ᠵᠣᠯᠭᠠᠭᠤᠯᠬᠤ ᠲᠦᠷᠦᠯ ᠵᠦᠢᠯ ᠢ ᠵᠣᠯᠭᠠᠭᠤᠯᠵᠤ᠂  ᠤᠯᠠᠭᠠᠨᠴᠠᠪ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠨ ᠠᠬᠢᠭᠤᠯᠬᠤ ᠳᠤ ᠬᠦᠴᠦᠨ ᠴᠢᠳᠠᠯ ᠬᠤᠷᠠᠮᠳᠤᠭᠤᠯᠵᠤ ᠥᠭᠴᠡᠢ᠃       360 ᠪᠦᠯᠦᠭᠯᠡᠯ ᠳᠤ᠂ ᠰᠦᠢ ᠸᠧᠢ ᠵᠢᠶᠦ᠋ᠨ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠵᠡᠷᠭᠡ ᠬᠠᠮᠢᠶ᠎ᠠ ᠪᠦᠬᠦᠢ ᠪᠠᠶᠢᠳᠠᠯ ᠢ ᠭᠦᠨᠵᠡᠭᠡᠢ ᠣᠶᠢᠯᠠᠭᠠᠭᠰᠠᠨ ᠪᠥᠭᠡᠳ  ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠶᠡᠷᠦᠩᠬᠡᠢ ᠵᠠᠬᠢᠷᠤᠭᠴᠢ ᠵᠠᠩ ᠪᠧᠢ ᠲᠠᠢ ᠶᠠᠷᠢᠯᠴᠠᠵᠤ ᠰᠠᠨᠠᠯ ᠢᠶᠠᠨ ᠰᠣᠯᠢᠯᠴᠠᠪᠠ᠃ ᠰᠦᠢ ᠸᠧᠢ ᠵᠢᠶᠦ᠋ᠨ ᠬᠡᠯᠡᠬᠦ ᠳᠡᠭᠡᠨ᠂ ᠤᠯᠠᠭᠠᠨᠴᠠᠪ ᠪᠣᠯ ᠪᠦᠬᠦ ᠤᠯᠤᠰ ᠤᠨ ᠨᠢᠭᠡ  ᠴᠣᠭᠴᠠᠵᠢᠭᠤᠯᠤᠭᠰᠠᠨ ᠪᠣᠳᠣᠯᠭ᠎ᠠ ᠶᠢᠨ ᠬᠦᠴᠦᠨ ᠤ ᠰᠦᠯᠵᠢᠶᠡᠨ ᠤ ᠤᠯᠤᠰ ᠤᠨ ᠬᠦᠢᠰᠦ ᠴᠡᠭ ᠪᠠᠶᠢᠵᠤ᠂  ᠲᠣᠭᠠᠴᠢᠯᠠᠭᠰᠠᠨ ᠠᠵᠤ ᠠᠬᠤᠢ ᠶᠢ ᠶᠡᠬᠡᠪᠡᠷ ᠬᠥᠭᠵᠢᠭᠦᠯᠵᠦ᠂ 360 ᠪᠦᠯᠦᠭᠯᠡᠯ ᠲᠠᠢ ᠮᠠᠰᠢ ᠥᠷᠭᠡᠨ ᠠᠭᠤᠳᠠᠮ ᠬᠠᠮᠲᠤᠷᠠᠯᠴᠠᠭᠠᠨ ᠤ ᠣᠷᠣᠨ ᠵᠠᠢ ᠲᠠᠢ ᠶᠤᠮ᠃ 360 ᠪᠦᠯᠦᠭᠯᠡᠯ ᠤᠨ ᠬᠢᠨ ᠴᠢᠳᠠᠪᠤᠷᠢᠲᠠᠨ᠂ ᠮᠡᠷᠭᠡᠵᠢᠯ ᠵᠡᠷᠭᠡ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠤᠯᠠᠭᠠᠨᠴᠠᠪ ᠯᠤᠭ᠎ᠠ ᠬᠤᠳᠠ ᠶᠢᠨ ᠰᠦᠯᠵᠢᠶᠡᠨ ᠤ ᠠᠮᠤᠷ ᠲᠦᠪᠰᠢᠨ᠂ ᠲᠣᠭᠠᠴᠢᠯᠠᠭᠰᠠᠨ ᠠᠵᠤ ᠦᠢᠯᠡᠰᠵᠢᠯᠲᠡ᠂ ᠠᠵᠤ ᠦᠢᠯᠡᠰ ᠤᠨ ᠲᠣᠭᠠᠴᠢᠯᠠᠬᠤ ᠵᠡᠷᠭᠡ ᠬᠦᠷᠢᠶᠡᠨ ᠳᠤ ᠬᠠᠮᠲᠤᠷᠠᠯᠴᠠᠭ᠎ᠠ ᠥᠷᠨᠢᠭᠦᠯᠵᠦ᠂ ᠨᠡᠩ ᠤᠯᠠᠨ ᠠᠵᠤ ᠦᠢᠯᠡᠰᠵᠢᠯᠲᠡ ᠶᠢᠨ ᠲᠦᠷᠦᠯ ᠵᠦᠢᠯ ᠢ ᠤᠯᠠᠭᠠᠨᠴᠠᠪ ᠲᠤ  ᠨᠠᠶᠢᠳᠠᠪᠤᠷᠢᠵᠢᠭᠤᠯᠬᠤ ᠶᠢ ᠬᠦᠰᠡᠵᠦ ᠪᠠᠶᠢᠨ᠎ᠠ᠃ ᠤᠯᠠᠭᠠᠨᠴᠠᠪ ᠵᠣᠯᠭᠠᠭᠤᠯᠬᠤ ᠦᠢᠯᠡᠴᠢᠯᠡᠭᠡ ᠶᠢ ᠪᠦᠬᠦ ᠲᠠᠯ᠎ᠠ ᠪᠠᠷ  ᠰᠠᠶᠢᠲᠤᠷ ᠬᠢᠵᠦ᠂ ᠬᠤᠶᠠᠷ ᠲᠠᠯ᠎ᠠ ᠶᠢᠨ ᠬᠠᠮᠲᠤᠷᠠᠯᠴᠠᠭ᠎ᠠ ᠶᠢᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂  ᠬᠠᠷᠢᠯᠴᠠᠨ ᠠᠰᠢᠭᠲᠠᠢ ᠬᠠᠮᠲᠤᠪᠠᠷ ᠠᠰᠢᠭ ᠬᠦᠷᠳᠡᠬᠦ ᠶᠢ ᠪᠡᠶᠡᠯᠡᠭᠦᠯᠦᠨ᠎ᠡ ᠭᠡᠵᠡᠢ᠃       ᠵᠠᠩ ᠪᠧᠢ ᠠᠵᠤ ᠠᠬᠤᠶᠢᠯᠠᠯ ᠤᠨ ᠪᠠᠶᠢᠳᠠᠯ ᠢᠶᠠᠨ ᠲᠠᠨᠢᠯᠴᠠᠭᠤᠯᠪᠠ᠃ ᠲᠡᠷᠡ᠂ ᠤᠯᠠᠭᠠᠨᠴᠠᠪ ᠤᠨ ᠠᠵᠤ ᠦᠢᠯᠡᠰ ᠤᠨ ᠰᠠᠭᠤᠷᠢ ᠰᠠᠶᠢᠨ᠂ ᠬᠥᠭᠵᠢᠯᠲᠡ ᠶᠢᠨ ᠳᠠᠪᠠᠭᠤᠯᠢᠭ ᠮᠡᠳᠡᠭᠳᠡᠮ᠎ᠡ ᠪᠠᠶᠢᠨ᠎ᠠ᠂ ᠪᠦᠯᠦᠭᠯᠡᠯ ᠤᠯᠠᠭᠠᠨᠴᠠᠪ ᠤᠨ ᠣᠨᠴᠠᠯᠢᠭ ᠲᠤ ᠰᠠᠭᠤᠷᠢᠯᠠᠵᠤ᠂ ᠤᠯᠠᠭᠠᠨᠴᠠᠪ ᠤᠨ ᠬᠡᠷᠡᠭᠴᠡᠭᠡ ᠶᠢ ᠴᠢᠩᠭ᠎ᠠ ᠠᠩᠬᠠᠷᠴᠤ᠂ ᠵᠣᠯᠭᠠᠯᠴᠠᠭ᠎ᠠ ᠰᠣᠯᠢᠯᠴᠠᠭ᠎ᠠ ᠶᠢ ᠴᠢᠨᠠᠭᠰᠢᠳᠠ ᠭᠦᠨᠵᠡᠭᠡᠶᠢᠷᠡᠭᠦᠯᠵᠦ᠂ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠦᠨ᠎ᠡ  ᠭᠡᠵᠦ ᠬᠡᠯᠡᠪᠡ᠃       ᠰᠦᠢ ᠸᠧᠢ ᠵᠢᠶᠦ᠋ᠨ ᠨᠠᠷ ᠪᠠᠰᠠ ᠵᠢᠶᠠ ᠵᠢᠦᠢ ᠪᠦᠯᠦᠭᠯᠡᠯ ᠳᠤ ᠬᠦᠷᠴᠦ᠂ ᠠᠵᠤ ᠠᠬᠤᠶᠢᠯᠠᠯ ᠤᠨ ᠦᠵᠡᠭᠦᠯᠦᠯᠭᠡ ᠶᠢᠨ ᠲᠢᠩᠬᠢᠮ ᠢ ᠲᠣᠭᠤᠷᠢᠨ ᠦᠵᠡᠵᠦ᠂ ᠰᠢᠨ᠎ᠡ ᠡᠨᠧᠷᠭᠢ ᠶᠢᠨ ᠲᠤᠨᠤᠭ ᠲᠥᠬᠦᠭᠡᠷᠦᠮᠵᠢ ᠦᠢᠯᠡᠳᠬᠦ  ᠵᠡᠷᠭᠡ ᠲᠠᠯ᠎ᠠ ᠪᠠᠷ ᠰᠠᠨᠠᠯ ᠢᠶᠠᠨ ᠭᠦᠨᠵᠡᠭᠡᠢ ᠰᠣᠯᠢᠯᠴᠠᠵᠠᠢ᠃       ᠼᠤᠤ ᡁᠢ᠂ ᠹᠠᠩ ᠽᠧ ᠣᠷᠣᠯᠴᠠᠵᠠᠢ᠃                                              ᠣᠷᠴᠢᠭᠤᠯᠤᠭᠴᠢ᠄ ᠭᠤᠸ᠎ᠠ                                                                                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2