ᠵᠢᠨᠢᠩ ᠲᠣᠭᠤᠷᠢᠭ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠲᠥᠷᠥᠯ ᠵᠦᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2023/5/29
    5 ᠰᠠᠷ᠎ᠠ ᠶᠢᠨ 28 ᠤ ᠡᠳᠦᠷ ᠤᠨ ᠦᠳᠡ ᠶᠢᠨ ᠡᠮᠦᠨ᠎ᠡ᠂ ᠵᠢᠨᠢᠩ ᠲᠣᠭᠤᠷᠢᠭ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠲᠥᠷᠥᠯ ᠵᠦᠢᠯ ᠢ ᠲᠦᠯᠬᠢᠨ ᠠᠬᠢᠭᠤᠯᠬᠤ ᠬᠤᠷᠠᠯ ᠬᠤᠷᠠᠯᠳᠤᠭᠤᠯᠵᠤ᠂ ᠵᠢᠨᠢᠩ ᠲᠣᠭᠤᠷᠢᠭ ᠤᠨ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠭᠰᠡᠨ ᠪᠠᠶᠢᠳᠠᠯ ᠪᠠ ᠬᠡᠷᠡᠭ ᠳᠠᠭᠠᠭᠠᠴᠢᠯᠠᠬᠤ ᠲᠥᠷᠥᠯ ᠵᠦᠢᠯ ᠢ ᠲᠦᠯᠬᠢᠨ ᠠᠬᠢᠭᠤᠯᠤᠭᠰᠠᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠠᠰᠠᠭᠤᠳᠠᠯ ᠢ ᠰᠢᠢᠳᠪᠦᠷᠢᠯᠡᠬᠦ ᠲᠥᠰᠥᠯ ᠢ ᠶᠠᠷᠢᠯᠴᠠᠨ ᠰᠤᠳᠤᠯᠵᠤ᠂ ᠲᠠᠷᠠᠭᠠᠴᠢ ᠶᠢᠨ ᠱᠠᠲᠤᠨ ᠤ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠬᠠᠮᠲᠤ ᠶᠢᠨ ᠲᠠᠨᠢᠯᠲᠠ ᠲᠠᠢ ᠪᠣᠯᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠶᠢ ᠦᠨᠡᠨᠬᠦ ᠣᠳᠣᠬᠠᠨ ᠤ ᠠᠷᠠᠳ ᠤᠨ ᠠᠮᠢᠳᠤᠷᠠᠯ ᠤᠨ ᠨᠢᠭᠡᠨ ᠴᠢᠬᠤᠯᠠ ᠢᠨᠵᠧᠨᠧᠷᠢᠩ ᠪᠣᠯᠭᠠᠨ ᠴᠢᠩᠭ᠎ᠠ ᠠᠳᠬᠤᠵᠤ᠂ ᠡᠯ᠎ᠡ ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠴᠢᠩᠭ᠎ᠠ ᠪᠣᠳᠠᠲᠠᠶᠢᠵᠢᠭᠤᠯᠵᠤ᠂ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠨᠢᠭᠲᠠ ᠠᠩᠬᠠᠷᠴᠤ᠂ ᠠᠵᠢᠯ ᠤᠨ ᠶᠠᠪᠤᠴᠠ ᠶᠢ ᠨᠠᠷᠢᠯᠢᠭᠵᠢᠭᠤᠯᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠶᠢ ᠴᠢᠩᠭᠠᠳᠬᠠᠵᠤ᠂ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ᠂ ᠰᠤᠳᠤᠯᠤᠨ ᠮᠠᠭᠠᠳᠯᠠᠵᠤ ᠵᠥᠪᠳᠡᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠬᠠᠮᠤᠭ ᠤᠨ ᠲᠦᠷᠭᠡᠨ ᠬᠤᠷᠳᠤᠴᠠ ᠪᠠᠷ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠲᠡᠦᠬᠡᠨ ᠠᠴᠠ ᠦᠯᠡᠳᠡᠭᠳᠡᠵᠦ ᠢᠷᠡᠭᠰᠡᠨ ᠠᠰᠠᠭᠤᠳᠠᠯ ᠢ ᠰᠢᠢᠳᠪᠦᠷᠢᠯᠡᠬᠦ ᠠᠵᠢᠯ ᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠪᠠᠲᠤᠯᠠᠬᠤ ᠬᠡᠷᠡᠭᠲᠡᠢ᠃ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠵᠤ᠂ ᠤᠯᠠᠨ ᠲᠦᠮᠡᠨ ᠲᠠᠢ ᠪᠦᠲᠦᠮᠵᠢᠲᠡᠢ ᠨᠡᠪᠲᠡᠷᠡᠯᠴᠡᠬᠦ ᠲᠣᠭᠲᠠᠴᠠ ᠶᠢ ᠪᠠᠶᠢᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠲᠠᠨᠢᠯᠴᠠᠭᠤᠯᠵᠤ᠂ ᠠᠩᠬᠠᠷᠴᠤ ᠪᠠᠶᠢᠭ᠎ᠠ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤᠯᠲᠠ ᠥᠭᠴᠦ᠂ ᠯᠠᠪᠳᠠᠭᠤᠨ ᠪᠠᠲᠤᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠤ ᠣᠶᠢᠯᠠᠭᠠᠯᠲᠠ ᠪᠠ ᠵᠥᠪᠰᠢᠶᠡᠷᠡᠯ ᠢ ᠣᠯᠬᠤ ᠬᠡᠷᠡᠭᠲᠡᠢ ᠭᠡᠵᠤ ᠴᠢᠬᠤᠯᠠᠴᠢᠯᠠᠪᠠ᠃                     ᠤᠷᠴᠢᠭᠤᠯᠤᠭᠴᠢ᠄ ᠬᠦᠰᠡᠯ                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2