ᠰᠢᠨᠬᠤᠸᠠ ᠬᠤᠷᠢᠶ᠎ᠠ ᠶᠢᠨ ᠾᠧᠪᠧᠢ ᠶᠢᠨ ᠰᠢᠶᠦ᠋ᠩ ᠠᠨ ᠰᠢᠨ᠎ᠡ ᠲᠣᠭᠤᠷᠢᠭ ᠤᠨ 5 ᠰᠠᠷ᠎ᠠ ᠶᠢᠨ 10 ᠤ | ᠴᠠᠬᠢᠯᠭᠠᠨ ᠮᠡᠳᠡᠭᠡ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ | ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ 10 ᠤ ᠡᠳᠦᠷ ᠾᠧᠪᠧᠢ ᠮᠤᠵᠢ ᠶᠢᠨ | ᠰᠢᠶᠦ᠋ᠩ ᠠᠨ ᠰᠢᠨ᠎ᠡ ᠲᠣᠭᠤᠷᠢᠭ ᠲᠤ ᠰᠢᠨᠵᠢᠯᠡᠨ ᠪᠠᠶᠢᠴᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠬᠤ ᠶᠢᠨ ᠬᠠᠮᠲᠤ ᠴᠢᠬᠤᠯᠠ ᠶᠠᠷᠢᠶ᠎ᠠ ᠲᠠᠯᠪᠢᠪᠠ᠃ ᠲᠡᠷᠡ᠂ ᠰᠢᠶᠦ᠋ᠩ ᠠᠨ ᠰᠢᠨ᠎ᠡ ᠲᠣᠭᠤᠷᠢᠭ ᠨᠢᠭᠡᠨᠲᠡ | ᠶᠡᠭᠡ ᠬᠡᠪᠴᠢᠶ᠎ᠡ ᠪᠠᠷ ᠪᠦᠲᠦᠭᠡᠨ ᠪᠠᠶᠢᠭᠤᠯᠬᠤ ᠬᠢᠭᠡᠳ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ | ᠵᠣᠬᠢᠴᠠᠭᠤᠯᠤᠨ ᠰᠢᠢᠳᠪᠦᠷᠢᠯᠡᠬᠦ ᠶᠢ ᠵᠣᠯᠭᠠᠭᠤᠯᠬᠤ ᠶᠢ ᠵᠡᠷᠭᠡ ᠪᠠᠷ ᠴᠢᠬᠤᠯᠠᠴᠢᠯᠠᠬᠤ ᠱᠠᠲᠤᠨ ᠳᠤ ᠣᠷᠣᠵᠤ᠂ | ᠠᠵᠢᠯ ᠤᠨ ᠭᠤᠣᠯᠳᠠᠯᠭ᠎ᠠ ᠨᠢᠭᠡᠨᠲᠡ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ᠂ ᠥᠨᠳᠥᠷ ᠲᠦᠪᠰᠢᠨ ᠪᠦᠬᠦᠢ | ᠬᠠᠮᠢᠶᠠᠷᠤᠯᠲᠠ᠂ ᠴᠢᠨᠠᠷ ᠰᠠᠶᠢᠲᠠᠢ ᠵᠣᠬᠢᠴᠠᠭᠤᠯᠤᠨ ᠰᠢᠢᠳᠪᠦᠷᠢᠯᠡᠬᠦ ᠬᠥᠭᠵᠢᠯᠲᠡ ᠶᠢ ᠵᠡᠷᠭᠡ ᠪᠠᠷ ᠴᠢᠬᠤᠯᠠᠴᠢᠯᠠᠬᠤ | ᠲᠡᠶᠢᠰᠢ ᠰᠢᠯᠵᠢᠪᠡ᠃ ᠢᠲᠡᠭᠡᠯ ᠵᠣᠷᠢᠭ ᠢᠶᠠᠨ ᠪᠠᠲᠤᠳᠬᠠᠵᠤ᠂ ᠲᠣᠭᠲᠠᠯ ᠬᠦᠴᠦᠨ ᠢᠶᠠᠨ ᠪᠠᠲᠤᠯᠠᠵᠤ᠂ ᠯᠠᠪᠳᠠᠭᠤᠨ | ᠴᠢᠳᠠᠮᠠᠭᠠᠢ ᠪᠦᠲᠦᠭᠡᠯᠴᠢ ᠪᠠᠷ ᠠᠵᠢᠯᠯᠠᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ | ᠪᠣᠯᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ᠂ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠪ ᠤᠨ ᠠᠯᠪᠠᠨ ᠲᠢᠩᠬᠢᠮ ᠤᠨ ᠡᠷᠭᠢᠯᠡᠭᠴᠢ ᠼᠠᠢ ᠴᠢ᠂ ᠨᠠᠮ ᠤᠨ | ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠦᠷᠦ ᠶᠢᠨ ᠶᠠᠪᠤᠳᠠᠯ ᠤᠨ | ᠬᠤᠷᠢᠶ᠎ᠠ ᠶᠢᠨ ᠳᠡᠳ᠋ ᠶᠡᠷᠦᠩᠬᠡᠢ ᠰᠠᠶᠢᠳ ᠳ᠋ᠢᠩ ᠰᠢᠤᠸᠠᠢ ᠰᠢᠶᠠᠩ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ | ᠶᠠᠷᠢᠯᠴᠠᠬᠤ ᠬᠤᠷᠠᠯ ᠳᠤ ᠣᠷᠣᠯᠴᠠᠵᠠᠢ᠃ | 5 ᠰᠠᠷ᠎ᠠ ᠶᠢᠨ 10 ᠤ ᠡᠳᠦᠷ᠂ ᠰᠢ ᠶᠢᠨ ᠫᠢᠩ ᠾᠧᠪᠧᠢ ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ | ᠶᠤᠸᠠᠢ ᠹᠧᠩ᠂ ᠮᠤᠵᠢ ᠶᠢᠨ ᠳᠠᠷᠤᠭ᠎ᠠ ᠸᠠᠩ ᠵᠧᠩ ᠫᠦ᠋ ᠶᠢᠨ ᠪᠠᠷ᠎ᠠ ᠪᠤᠯᠣᠯᠭ᠎ᠠ ᠲᠠᠢ ᠪᠠᠷ᠂ ᠰᠢᠶᠦ᠋ᠩ ᠠᠨ ᠰᠢᠨ᠎ᠡ | ᠲᠣᠭᠤᠷᠢᠭ ᠤᠨ ᠲᠦᠷᠭᠡᠨ ᠤ ᠲᠡᠮᠦᠷ ᠵᠠᠮ ᠤᠨ ᠥᠷᠲᠡᠭᠡ᠂ ᠨᠡᠶᠢᠭᠡᠮ ᠲᠣᠭᠤᠷᠢᠭ᠂ ᠪᠦᠲᠦᠭᠡᠨ ᠪᠠᠶᠢᠭᠤᠯᠤᠯᠲᠠ ᠶᠢᠨ | ᠪᠠᠷᠢᠯᠭ᠎ᠠ ᠶᠢᠨ ᠭᠠᠵᠠᠷ ᠵᠡᠷᠭᠡ ᠪᠠᠷ ᠭᠦᠨᠵᠡᠭᠡᠶᠢᠷᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ | ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠪᠠᠶᠢᠴᠠᠭᠠᠨ ᠰᠤᠳᠤᠯᠤᠯᠲᠠ ᠬᠢᠪᠡ᠃ | | ᠲᠤᠰ ᠡᠳᠦᠷ ᠤᠨ ᠦᠳᠡ ᠶᠢᠨ ᠡᠮᠦᠨ᠎ᠡ᠂ ᠰᠢ ᠶᠢᠨ ᠫᠢᠩ ᠲᠦᠷᠭᠡᠨ ᠤ ᠲᠡᠮᠦᠷ ᠵᠠᠮ ᠢᠶᠠᠷ ᠰᠢᠶᠦ᠋ᠩ ᠠᠨ ᠰᠢᠨ᠎ᠡ | ᠲᠣᠭᠤᠷᠢᠭ ᠲᠤ ᠬᠦᠷᠴᠦ᠂ ᠭᠦᠷᠦᠭᠰᠡᠨ ᠤ ᠳᠠᠷᠠᠭ᠎ᠠ ᠡᠩ ᠲᠡᠷᠢᠭᠦᠨ ᠳᠤ ᠰᠢᠶᠦ᠋ᠩ ᠠᠨ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠤ ᠪᠠᠶᠢᠳᠠᠯ ᠢ ᠰᠢᠨᠵᠢᠯᠡᠨ ᠪᠠᠶᠢᠴᠠᠭᠠᠪᠠ᠃ ᠰᠢᠶᠦ᠋ᠩ ᠠᠨ ᠦᠷᠳᠡᠭᠡ ᠪᠣᠯ ᠰᠢᠶᠦ᠋ᠩ | ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢᠨ ᠠᠩᠬᠠᠨ ᠤ ᠴᠢᠬᠤᠯᠠ ᠶᠡᠭᠡ ᠰᠠᠭᠤᠷᠢ | ᠲᠥᠬᠦᠭᠡᠷᠦᠮᠵᠢ ᠶᠢᠨ ᠲᠦᠷᠤᠯ ᠵᠦᠢᠯ ᠮᠥᠨ ᠪᠠᠶᠢᠵᠤ᠂ ᠪᠡᠯᠭᠡ ᠲᠡᠮᠳᠡᠭ ᠤᠨ ᠴᠢᠨᠠᠷᠲᠠᠢ ᠠᠴᠢ ᠬᠤᠯᠪᠣᠭᠳᠠᠯ ᠲᠠᠢ ᠶᠤᠮ᠃ | ᠰᠢ ᠶᠢᠨ ᠫᠢᠩ ᠤᠷᠢᠳ ᠬᠤᠵᠢᠳ ᠥᠷᠲᠡᠭᠡᠨ ᠤ ᠵᠣᠭᠰᠣᠭᠠᠯ᠂ ᠲᠡᠷᠭᠡ ᠬᠦᠯᠢᠶᠡᠬᠦ ᠲᠢᠩᠬᠢᠮ᠂ ᠥᠷᠲᠡᠭᠡᠨ ᠤ | ᠭᠠᠳᠠᠨᠠᠬᠢ ᠠᠭᠤᠳᠠᠮ ᠲᠠᠯᠠᠪᠠᠢ ᠶᠢ ᠪᠠᠶᠢᠴᠠᠭᠠᠨ ᠦᠵᠡᠵᠦ᠂ ᠰᠢᠶᠦ᠋ᠩ ᠠᠨ ᠥᠷᠲᠡᠭᠡᠨ ᠤ ᠪᠦᠲᠦᠭᠡᠨ | ᠪᠠᠶᠢᠭᠤᠯᠤᠯᠲᠠ ᠶᠢᠨ ᠠᠵᠢᠯᠯᠠᠭᠠᠨ ᠪᠣᠯᠣᠨ ᠪᠠᠶᠢᠭ᠎ᠠ ᠽᠠᠨ ᠭᠠᠩ ᠲᠣᠭᠤᠷᠢᠭ ᠤᠨ ᠲᠥᠯᠦᠪᠵᠢᠭᠦᠯᠭᠡ ᠪᠦᠲᠦᠭᠡᠨ | ᠪᠠᠶᠢᠭᠤᠯᠤᠯᠲᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠰᠢᠶᠦ᠋ᠩ ᠠᠨ ᠦᠷᠳᠡᠭᠡ ᠪᠣᠯ ᠰᠢᠶᠦ᠋ᠩ ᠠᠨ | ᠰᠢᠨ᠎ᠡ ᠲᠣᠭᠤᠷᠢᠭ ᠤᠨ ᠠᠭᠤᠯᠵᠠᠷ ᠲᠡᠷᠭᠡᠨ ᠦᠷᠳᠡᠭᠡ ᠪᠣᠯᠣᠨ᠎ᠠ᠂ ᠰᠢᠶᠦ᠋ᠩ ᠠᠨ ᠦᠷᠳᠡᠭᠡ ᠪᠣᠯᠣᠨ ᠰᠢᠶᠦ᠋ᠩ ᠠᠨ | ᠰᠢᠨ᠎ᠡ ᠲᠣᠭᠤᠷᠢᠭ ᠢ ᠬᠤᠯᠪᠣᠨ ᠨᠡᠪᠲᠡᠷᠡᠭᠦᠯᠬᠦ ᠵᠠᠮ ᠬᠠᠷᠢᠯᠴᠠᠭᠠᠨ ᠤ ︽ᠨᠠᠷᠢᠨ ᠴᠢᠰᠤᠨ ᠰᠤᠳᠠᠯ︾ ᠢ ᠴᠢᠨᠠᠭᠰᠢᠳᠠ | ᠲᠡᠭᠦᠯᠳᠡᠷᠵᠢᠭᠦᠯᠵᠦ᠂ ᠬᠥᠮᠥᠨ ᠤ ᠤᠷᠤᠰᠬᠠᠯ ᠪᠠᠷᠠᠭᠠᠨ ᠤ ᠭᠦᠢᠯᠭᠡᠭᠡ ᠶᠢᠨ ᠲᠥᠪᠯᠡᠷᠡᠬᠦ ᠪᠠ ᠲᠠᠷᠬᠠᠭᠠᠬᠤ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ᠃ ᠽᠠᠨ ᠭᠠᠩ ᠲᠣᠭᠤᠷᠢᠭ ᠢ ᠳᠡᠭᠡᠳᠦ ᠲᠡᠰ ᠤᠨ ᠳᠡᠭᠡᠳᠦ ᠰᠢᠨ᠎ᠡ ᠠᠵᠤ | ᠦᠢᠯᠡᠰ ᠤᠨ ᠲᠥᠪᠯᠡᠷᠡᠭᠰᠡᠨ ᠣᠷᠣᠨ ᠪᠣᠯᠭᠠᠨ ᠪᠦᠲᠦᠭᠡᠨ ᠪᠠᠶᠢᠭᠤᠯᠵᠤ᠂ ᠡᠯ᠎ᠡ ᠲᠠᠯ᠎ᠠ ᠶᠢᠨ ᠵᠣᠴᠢᠳ ᠲᠤ ᠰᠢᠶᠦ᠋ᠩ | ᠠᠨ ᠳᠤ ᠢᠷᠡᠮᠡᠭᠴᠡ ᠰᠢᠶᠦ᠋ᠩ ᠠᠨ ᠰᠢᠨ᠎ᠡ ᠲᠣᠭᠤᠷᠢᠭ ᠤᠨ ᠰᠦᠷ ᠳᠠᠯᠠᠶᠢᠴᠠᠲᠠᠢ ᠣᠳᠣᠬᠢᠴᠢᠯᠠᠯᠲᠠ ᠶᠢᠨ ᠰᠢᠨ᠎ᠡ | ᠳᠦᠷᠰᠦ ᠪᠠᠶᠢᠳᠠᠯ ᠢ ᠮᠡᠳᠡᠷᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ ᠳᠠᠷᠠᠭ᠎ᠠ ᠨᠢ ᠲᠡᠷᠭᠡᠨ ᠳᠤ ᠰᠠᠭᠤᠵᠤ ᠷᠦᠩᠳᠦ᠋ᠩ ᠲᠣᠭᠤᠷᠢᠭ ᠤᠨ ᠨᠠᠨ ᠸᠧᠨ ᠶᠢᠩ ᠨᠡᠶᠢᠭᠡᠮ | ᠲᠣᠭᠤᠷᠢᠭ ᠲᠤ ᠭᠦᠷᠪᠡ᠃ ᠲᠣᠰ ᠨᠡᠶᠢᠭᠡᠮ ᠲᠣᠭᠤᠷᠢᠭ ᠠᠨ ᠰᠢᠨ᠂ ᠷᠦᠩ ᠴᠧᠩ ᠬᠤᠶᠠᠷ ᠰᠢᠶᠠᠨ ᠤ 5000 | ᠭᠠᠷᠤᠢ ᠪᠤᠴᠠᠭᠠᠨ ᠨᠡᠭᠦᠯᠭᠡᠭᠰᠡᠨ ᠠᠷᠠᠳ ᠢ ᠲᠥᠪᠬᠢᠨᠡᠭᠦᠯᠪᠡ᠃ ᠰᠢ ᠶᠢᠨ ᠫᠢᠩ ᠤᠷᠢᠳ ᠬᠤᠵᠢᠳ ᠨᠠᠮ ᠤᠯᠠᠨ | ᠲᠦᠮᠡᠨ ᠤ ᠦᠢᠯᠡᠴᠢᠯᠡᠭᠡᠨ ᠤ ᠲᠥᠪ ᠪᠣᠯᠣᠨ ᠨᠡᠶᠢᠭᠡᠮ ᠲᠣᠭᠤᠷᠢᠭ ᠤᠨ ᠬᠤᠭᠤᠯᠠᠨ ᠲᠠᠩᠬᠢᠮ ᠳᠤ ᠬᠦᠷᠴᠦ᠂ ᠨᠡᠶᠢᠭᠡᠮ | ᠲᠣᠭᠤᠷᠢᠭ ᠤᠨ ᠠᠵᠢᠯᠲᠠᠨ᠂ ᠲᠤᠬᠠᠢ ᠶᠢᠨ ᠲᠠᠯᠠᠪᠠᠢ ᠳᠤ ᠠᠵᠢᠯ ᠶᠠᠪᠤᠳᠠᠯ ᠭᠦᠢᠴᠡᠳᠬᠡᠵᠦ ᠪᠠᠶᠢᠭ᠎ᠠ ᠤᠯᠠᠨ ᠲᠦᠮᠡᠨ᠂ | ᠬᠤᠭᠤᠯᠠ ᠢᠳᠡᠵᠦ ᠪᠠᠶᠢᠭ᠎ᠠ ᠨᠡᠶᠢᠭᠡᠮ ᠲᠣᠭᠤᠷᠢᠭ ᠤᠨ ᠨᠠᠰᠤᠲᠠᠶᠢᠴᠤᠳ ᠲᠠᠢ ᠳᠣᠲᠣᠨᠣ ᠪᠠᠷ ᠶᠠᠷᠢᠯᠴᠠᠵᠤ᠂ | ᠠᠷᠠᠳ ᠤᠨ ᠪᠠᠶᠢᠳᠠᠯ ᠤᠨ ᠡᠬᠡ ᠲᠠᠩᠰᠠ ᠶᠢ ᠨᠠᠷᠢᠨ ᠦᠵᠡᠵᠦ᠂ ᠨᠡᠶᠢᠭᠡᠮ ᠲᠣᠭᠤᠷᠢᠭ ᠤᠨ ᠥᠷᠨᠢᠭᠦᠯᠦᠭᠰᠡᠨ | ᠠᠷᠠᠳ ᠲᠤ ᠲᠦᠭᠦᠮ ᠦᠵᠡᠭᠦᠯᠭᠦ ᠨᠠᠰᠤᠵᠢᠯ ᠤᠨ ᠦᠢᠯᠡᠴᠢᠯᠡᠭᠡ ᠵᠡᠷᠭᠡ ᠶᠢ ᠨᠤᠲᠠᠯᠠᠵᠤ ᠪᠠᠶᠢᠬᠤ ᠪᠠᠨ ᠢᠯᠡᠳᠬᠡᠪᠡ᠃ | ᠰᠢ ᠶᠢᠨ ᠫᠢᠩ᠂ ᠪᠢ ᠪᠤᠴᠠᠭᠠᠨ ᠨᠡᠭᠦᠯᠭᠡᠭᠰᠡᠨ ᠤᠯᠠᠨ ᠲᠦᠮᠡᠨ ᠤ ᠲᠥᠯᠥᠭᠡ ᠰᠠᠨᠠᠭᠠᠰᠢᠷᠠᠭᠰᠠᠭᠠᠷ ᠢᠷᠡᠵᠠᠢ᠂ | ᠤᠯᠠᠨ ᠤ ᠠᠮᠢᠳᠤᠷᠠᠯ ᠰᠠᠶᠢᠨ ᠪᠠᠶᠢᠬᠤ ᠶᠢ ᠦᠵᠡᠭᠡᠳ ᠪᠢ ᠮᠠᠰᠢ ᠪᠠᠶᠠᠷᠯᠠᠵᠤ ᠪᠠᠶᠢᠨ᠎ᠠ᠃ ᠰᠢᠶᠦ᠋ᠩ ᠠᠨ ᠰᠢᠨ᠎ᠡ | ᠲᠣᠭᠤᠷᠢᠭ ᠢ ᠰᠠᠶᠢᠲᠤᠷ ᠪᠦᠲᠦᠭᠡᠨ ᠪᠠᠶᠢᠭᠤᠯᠬᠤ ᠳᠤ᠂ ᠴᠢᠬᠤᠯᠠ ᠨᠢ ᠠᠮᠤᠷ ᠠᠮᠤᠭᠤᠯᠠᠩ ᠣᠷᠣᠨ ᠰᠠᠭᠤᠴᠠ ᠪᠠ | ᠪᠠᠶᠠᠷ ᠪᠠᠶᠠᠰᠤᠯ ᠲᠠᠢ ᠠᠵᠤ ᠳᠦᠷᠦᠭᠦ ᠶᠢ ᠵᠤᠯᠭᠠᠯᠴᠠᠭᠤᠯᠵᠦ᠂ ᠤᠯᠠᠨ ᠲᠦᠮᠡᠨ ᠢ ᠲᠣᠭᠲᠠᠭᠤᠨ ᠰᠠᠭᠤᠷᠢᠰᠢᠭᠤᠯᠵᠤ᠂ | ᠠᠮᠤᠷ ᠲᠠᠶᠢᠪᠤᠩ ᠠᠮᠢᠳᠤᠷᠠᠭᠤᠯᠵᠤ᠂ ᠬᠦᠰᠡᠯ ᠡᠷᠡᠮᠡᠯᠵᠡᠯ ᠲᠠᠢ ᠪᠣᠯᠭᠠᠬᠤ ᠶᠠᠪᠤᠳᠠᠯ ᠪᠣᠯᠣᠨ᠎ᠠ᠃ ᠬᠤᠳᠠ ᠶᠢᠨ | ᠵᠠᠰᠠᠯᠲᠠ ᠶᠢᠨ ᠣᠳᠣᠬᠢᠴᠢᠯᠠᠯᠲᠠ ᠶᠢ ᠵᠡᠷᠭᠡ ᠪᠠᠷ ᠠᠬᠢᠭᠤᠯᠵᠤ᠂ ᠡᠬᠢᠯᠡᠩᠭᠦᠲᠡ ᠪᠠᠨ ︽ᠬᠠᠳᠬᠤᠮᠠᠯ ᠬᠠᠳᠬᠤᠬᠤ︾ | ᠬᠦᠴᠦ ᠶᠢ ᠣᠷᠣᠭᠤᠯᠵᠤ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠲᠡᠩᠴᠡᠭᠦᠷᠢᠰᠢᠭᠦᠯᠬᠦ ᠶᠢ | ᠢᠳᠡᠪᠬᠢᠲᠡᠢ ᠠᠬᠢᠭᠤᠯᠵᠤ᠂ ᠰᠢᠨ᠎ᠡ ᠴᠠᠭ ᠦᠶ᠎ᠡ ᠶᠢᠨ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠢ ︽ᠠᠷᠠᠳ ᠤᠨ | ᠬᠤᠳᠠ︾ ᠶᠢ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠪᠤᠴᠠᠭᠠᠨ ᠨᠡᠭᠦᠯᠭᠡᠭᠰᠡᠨ ᠰᠠᠭᠤᠭᠠᠯᠢ ᠠᠷᠠᠳ ᠯᠢ ᠵᠢᠩ ᠾᠧ ᠶᠢᠨ ᠭᠡᠷ ᠲᠤ ᠬᠦᠷᠴᠦ ᠪᠣᠯᠭᠤᠭᠠᠨ | ᠦᠵᠡᠪᠡ᠃ ᠯᠢ ᠵᠢᠩ ᠾᠧ ᠶᠡᠷᠦᠩᠬᠡᠢ ᠱᠦᠵᠢ ᠳᠤ᠂ 2021 ᠣᠨ ᠤ 11 ᠰᠠᠷ᠎ᠠ ᠳᠤ ᠰᠢᠨ᠎ᠡ ᠣᠷᠣᠨ | ᠰᠠᠭᠤᠴᠠ ᠳᠤ ᠨᠡᠭᠦᠨ ᠣᠷᠣᠵᠤ᠂ ᠭᠡᠷ ᠪᠠᠶᠢᠰᠢᠩ ᠠᠭᠤᠵᠢᠮ ᠰᠠᠷᠠᠭᠤᠯ᠂ ᠰᠠᠭᠤᠬᠤ ᠳᠤ ᠲᠦᠢᠯ ᠤᠨ ᠲᠠᠭᠠᠯᠠᠮᠵᠢᠲᠠᠢ | ᠪᠠᠶᠢᠵᠤ᠂ ᠠᠮᠢᠳᠤᠷᠠᠯ ᠶᠠᠪᠤᠬᠤ ᠲᠤᠲᠤᠮ ᠰᠠᠶᠢᠵᠢᠷᠠᠵᠤ ᠪᠠᠶᠢᠨ᠎ᠠ ᠭᠡᠪᠡ᠃ ᠰᠢ ᠶᠢᠨ ᠫᠢᠩ᠂ ᠰᠢᠶᠦ᠋ᠩ ᠠᠨ ᠰᠢᠨ᠎ᠡ | ᠲᠣᠭᠤᠷᠢᠭ ᠢ ᠪᠦᠲᠦᠭᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ ᠶᠢᠨ ᠭᠠᠷᠭᠠᠭᠰᠠᠨ ᠴᠢᠬᠤᠯᠠ ᠶᠡᠭᠡ ᠪᠠᠶᠢᠯᠳᠤᠬᠤ | ᠪᠣᠳᠣᠯᠭ᠎ᠠ ᠶᠢᠨ ᠰᠢᠢᠳᠪᠦᠷᠢᠲᠦ ᠪᠣᠳᠣᠯᠭ᠎ᠠ ᠮᠥᠨ᠂ ᠤᠯᠠᠨ ᠢᠶᠠᠷ ᠢᠶᠠᠨ ᠤᠯᠤᠰ ᠤᠨ ᠤᠷᠢᠶᠠᠯᠠᠭ᠎ᠠ ᠶᠢ ᠴᠤᠤᠷᠢᠶᠠᠲᠤᠨ᠂ | ᠢᠳᠡᠪᠬᠢᠲᠡᠢ ᠬᠠᠮᠵᠢᠯᠴᠠᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠬᠤᠪᠢ ᠨᠡᠮᠡᠷᠢ | ᠦᠵᠡᠭᠦᠯᠵᠡᠢ ᠭᠡᠵᠦ ᠴᠢᠬᠤᠯᠠᠴᠢᠯᠠᠪᠠ᠃ ᠲᠡᠷᠡ ᠵᠠᠯᠠᠭᠤ ᠨᠢᠭᠡ ᠦᠶ᠎ᠡ ᠶᠢᠨ ᠬᠢᠨ ᠢ ᠤᠯᠤᠰ ᠢᠶᠠᠨ ᠬᠦᠴᠦᠷᠬᠡᠭᠵᠢᠭᠦᠯᠬᠦ | ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠬᠢᠴᠠ ᠳᠤᠮᠳᠠ ᠢᠲᠡᠭᠡᠯ ᠵᠣᠷᠢᠭ ᠢᠶᠠᠨ | ᠪᠠᠲᠤᠳᠬᠠᠵᠤ᠂ ᠡᠷᠳᠡᠮ ᠴᠢᠳᠠᠪᠤᠷᠢ ᠶᠢ ᠰᠠᠶᠢᠲᠤᠷ ᠰᠤᠷᠤᠯᠴᠠᠵᠤ᠂ ᠨᠤᠲᠤᠭ ᠤᠰᠤᠨ ᠳᠠᠭᠠᠨ ᠪᠤᠶᠠᠨ ᠦᠢᠯᠡᠳᠴᠦ᠂ | ᠨᠡᠶᠢᠭᠡᠮ ᠵᠢᠷᠤᠮ ᠤᠨ ᠦᠢᠯᠡᠰ ᠤᠨ ᠪᠦᠲᠦᠭᠡᠨ ᠪᠠᠶᠢᠭᠤᠯᠤᠭᠴᠢ ᠪᠠ ᠵᠠᠯᠭᠠᠮᠵᠢᠯᠠᠭᠴᠢ ᠪᠣᠯᠣᠭᠠᠷᠠᠢ ᠭᠡᠵᠦ | ᠵᠣᠷᠢᠭᠵᠢᠭᠤᠯᠪᠠ᠃ | ᠠᠶᠠᠷᠯᠠᠨ ᠰᠠᠯᠬᠤ ᠦᠶ᠎ᠡ ᠳᠤ᠂ ᠰᠠᠭᠤᠭᠠᠯᠢ ᠠᠷᠠᠳ ︽ᠶᠡᠷᠦᠩᠬᠡᠢ ᠱᠦᠵᠢ ᠰᠠᠶᠢᠨ︾ ᠭᠡᠵᠦ ᠥᠨᠳᠥᠷ | ᠲᠠᠭᠤᠨ ᠢᠶᠠᠷ ᠬᠠᠰᠬᠢᠷᠤᠨ᠂ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠯ ᠳᠡᠪᠰᠢᠭᠦᠯᠪᠡ᠃ ᠲᠡᠷᠡ | ᠭᠦᠨ ᠰᠡᠳᠬᠢᠯᠭᠡ ᠲᠠᠢ ᠪᠠᠷ ᠤᠯᠠᠨ ᠳᠤ᠂ ᠾᠧᠪᠧᠢ ᠪᠣᠯ ᠮᠢᠨᠤ ᠠᠵᠢᠯᠯᠠᠵᠤ ᠥᠩᠭᠡᠷᠡᠭᠰᠡᠨ ᠭᠠᠵᠠᠷ᠂ ᠪᠢ ᠠᠳᠡ | ᠬᠠᠶᠢᠷ᠎ᠠ ᠰᠡᠳᠬᠢᠯᠭᠡ ᠲᠠᠢ᠂ ᠠᠳᠡᠬᠢ ᠶᠢ ᠰᠠᠶᠢᠲᠤᠷ ᠪᠦᠲᠦᠭᠡᠨ ᠪᠠᠶᠢᠭᠤᠯᠬᠤ ᠪᠣᠯ ᠮᠢᠨᠤ ᠬᠦᠰᠡᠯ ᠡᠷᠡᠮᠡᠯᠵᠡᠯ ᠮᠥᠨ᠃ | ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠪᠣᠯ ᠮᠢᠩᠭᠠᠨ ᠣᠨ ᠤ ᠶᠡᠭᠡ ᠪᠣᠳᠣᠯᠭ᠎ᠠ᠂ ᠤᠯᠤᠰ ᠤᠨ | ᠶᠡᠭᠡ ᠶᠠᠪᠤᠳᠠᠯ ᠮᠥᠨ᠂ ᠭᠦᠪᠰᠦᠷᠭᠡᠵᠤ ᠬᠥᠭᠡᠷᠴᠦ ᠪᠣᠯᠬᠤ ᠦᠭᠡᠢ᠂ ᠬᠦᠯᠢᠶᠡᠵᠦ ᠲᠦᠰᠢᠵᠦ ᠠᠪᠴᠤ ᠪᠣᠯᠬᠤ ᠦᠭᠡᠢ᠂ | ᠯᠠᠪᠳᠠᠭᠤᠨ ᠪᠠᠲᠤᠲᠠᠢ ᠪᠠᠷ ᠴᠢᠷᠮᠠᠶᠢᠵᠤ᠂ ᠤᠳᠠᠭᠠᠨ ᠳᠠᠭᠠᠭᠠᠮᠠᠭᠠᠢ ᠪᠠᠷ ᠵᠢᠳᠬᠦᠬᠦ ᠬᠡᠷᠡᠭᠲᠡᠢ ᠭᠡᠪᠡ᠃ | ᠰᠢᠶᠦ᠋ᠩ ᠠᠨ ᠤ ᠬᠤᠳᠠ ᠶᠢᠨ ᠬᠤᠭᠤᠷᠣᠨᠳᠣᠭᠢ ᠦᠷᠳᠡᠭᠡ ᠶᠢᠨ ᠬᠦᠢᠰᠦ ᠪᠠᠷᠢᠯᠭ᠎ᠠ ᠨᠢ ᠰᠢᠶᠦ᠋ᠩ ᠠᠨ ᠰᠢᠨ᠎ᠡ | ᠲᠣᠭᠤᠷᠢᠭ ᠤᠨ ᠡᠬᠢᠯᠡᠭᠦᠯᠬᠦ ᠣᠷᠣᠨ ᠤ ᠭᠤᠣᠯ ᠪᠠᠶᠢᠷᠢᠨ ᠳᠤ ᠪᠤᠢ᠃ ᠰᠢ ᠶᠢᠨ ᠫᠢᠩ ᠰᠢᠶᠦ᠋ᠩ ᠠᠨ ᠤ ᠬᠤᠳᠠ ᠶᠢᠨ | ᠬᠤᠭᠤᠷᠣᠨᠳᠣᠭᠢ ᠦᠷᠳᠡᠭᠡ ᠵᠢᠴᠢ ᠤᠯᠠᠨ ᠤᠯᠤᠰ ᠤᠨ ᠠᠷᠠᠯᠵᠢᠶᠠᠨ ᠤ ᠲᠥᠪ ᠤᠨ ᠲᠦᠷᠤᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠲᠤᠬᠠᠢ ᠶᠢᠨ ᠲᠠᠯᠠᠪᠠᠢ ᠳᠤ ᠬᠦᠷᠴᠦ᠂ ᠡᠯᠡᠰᠦᠨ ᠴᠠᠷᠠᠭ᠎ᠠ ᠶᠢ ᠦᠵᠡᠵᠦ᠂ ᠲᠠᠭᠲᠤ ᠳᠤ ᠭᠠᠷᠴᠤ᠂ | ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠢ ᠪᠠᠷᠠᠯᠠᠵᠤ᠂ ᠡᠬᠢᠯᠡᠭᠦᠯᠬᠦ ᠣᠷᠣᠨ ᠤ ᠴᠢᠬᠤᠯᠠ ᠶᠡᠭᠡ | ᠰᠠᠭᠤᠷᠢ ᠲᠥᠬᠦᠭᠡᠷᠦᠮᠵᠢ ᠶᠢᠨ ᠲᠦᠷᠤᠯ ᠵᠦᠢᠯ ᠵᠢᠴᠢ ᠭᠤᠣᠯᠳᠠᠯᠭ᠎ᠠ ᠲᠠᠢ ᠲᠠᠷᠬᠠᠭᠠᠨ ᠵᠣᠬᠢᠴᠠᠭᠤᠯᠬᠤ ᠲᠦᠷᠤᠯ | ᠵᠦᠢᠯ ᠤᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠪᠠ᠃ | ᠰᠢ ᠶᠢᠨ ᠫᠢᠩ᠂ ᠵᠠᠮ ᠬᠠᠷᠢᠯᠴᠠᠭ᠎ᠠ ᠪᠣᠯ ᠤᠳᠤ ᠦᠶ᠎ᠡ ᠶᠢᠨ ᠬᠤᠳᠠ ᠶᠢᠨ ᠴᠢᠰᠤᠨ ᠰᠤᠳᠠᠯ ᠮᠥᠨ᠃ ᠴᠢᠰᠤᠨ | ᠰᠤᠳᠠᠯ ᠰᠠᠭᠠᠳ ᠦᠭᠡᠢ ᠨᠡᠪᠲᠡᠷᠡᠪᠡᠯ ᠬᠤᠲᠠ ᠨᠢ ᠰᠠᠶ᠋ᠢ ᠡᠷᠡᠭᠦᠯ ᠢᠶᠠᠷ ᠬᠥᠭᠵᠢᠵᠦ ᠴᠢᠳᠠᠨ᠎ᠠ᠃ ᠪᠣᠰᠤᠭ᠎ᠠ ᠴᠣᠭᠴᠠᠲᠤ | ᠶᠡᠷᠦᠩᠬᠡᠶᠢᠯᠡᠭᠰᠡᠨ ᠵᠠᠮ ᠬᠠᠷᠢᠯᠴᠠᠭᠠᠨ ᠤ ᠲᠣᠣᠷ ᠢ ᠪᠦᠲᠦᠭᠡᠨ ᠪᠠᠶᠢᠭᠤᠯᠬᠤ ᠳᠡᠭᠡᠷ᠎ᠡ ᠬᠦᠴᠦ ᠲᠠᠯᠪᠢᠵᠤ᠂ ᠭᠠᠵᠠᠷ | ᠳᠣᠣᠷᠠᠬᠢ ᠣᠷᠣᠨ ᠵᠠᠢ ᠶᠢ ᠭᠦᠢᠴᠡᠳ ᠠᠰᠢᠭᠯᠠᠬᠤ ᠳᠡᠭᠡᠷ᠎ᠡ ᠬᠦᠴᠦ ᠲᠠᠯᠪᠢᠵᠤ᠂ ︽ᠬᠤᠳᠠ ᠶᠢᠨ ᠡᠪᠡᠳᠴᠢᠨ︾ | ᠦᠭᠡᠢ ᠢᠷᠡᠭᠡᠳᠦᠢ ᠶᠢᠨ ᠬᠤᠳᠠ ᠶᠢ ᠬᠦᠴᠦᠯᠡᠨ ᠪᠠᠶᠢᠭᠤᠯᠵᠤ᠂ ᠥᠨᠳᠥᠷ ᠪᠠᠷᠢᠮᠵᠢᠶᠠᠲᠤ ᠬᠤᠳᠠ ᠶᠢᠨ | ᠲᠥᠯᠦᠪᠵᠢᠭᠦᠯᠭᠡ ᠶᠢᠨ ᠠᠤᠭ᠎ᠠ ᠲᠥᠰᠥᠪ ᠢ ᠦᠨᠡᠨ ᠬᠦ ᠴᠢᠨᠠᠷ ᠰᠠᠶᠢᠲᠠᠢ ᠬᠤᠳᠠ ᠶᠢᠨ ᠬᠥᠭᠵᠢᠯᠲᠡ ᠶᠢᠨ ᠪᠣᠳᠠᠲᠤ | ᠦᠵᠡᠮᠵᠢ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠦᠳᠡ ᠶᠢᠨ ᠬᠤᠶᠢᠨ᠎ᠠ᠂ ᠰᠢ ᠶᠢᠨ ᠫᠢᠩ ᠰᠢᠶᠦ᠋ᠩ ᠠᠨ ᠤ ᠬᠤᠷᠠᠯ ᠦᠵᠡᠰᠬᠦᠯᠡᠩ ᠤᠨ ᠲᠥᠪ ᠤᠨ ᠰᠢᠶᠦ᠋ᠩ | ᠠᠨ ᠲᠢᠩᠬᠢᠮ ᠳᠤ ᠬᠦᠷᠴᠦ᠂ ᠡᠯᠡᠰᠦᠨ ᠴᠠᠷ᠎ᠠ᠂ ᠸᠢᠳᠢᠤ᠋ ᠣᠬᠤᠷ ᠹᠢᠯᠢᠮ ᠲᠠᠢ ᠤᠶᠠᠯᠳᠤᠭᠤᠯᠤᠨ᠂ ᠰᠢᠶᠦ᠋ᠩ ᠠᠨ | ᠰᠢᠨ᠎ᠡ ᠲᠣᠭᠤᠷᠢᠭ ᠤᠨ ᠪᠦᠬᠦᠯᠢ ᠴᠣᠭᠴᠠ ᠶᠢᠨ ᠲᠥᠯᠦᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠠᠬᠢᠴᠠ ᠶᠢᠨ | ᠲᠠᠨᠢᠯᠴᠠᠭᠤᠯᠭ᠎ᠠ ᠶᠢ ᠰᠣᠨᠣᠰᠴᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ | ᠬᠠᠮᠠᠭᠠᠯᠠᠯᠲᠠ ᠵᠢᠴᠢ ᠬᠤᠷᠠᠭᠰᠠᠨ ᠰᠢᠪᠠᠷ ᠢ ᠴᠡᠪᠡᠷᠯᠡᠨ ᠯᠠᠶᠢᠳᠠᠬᠤ᠂ ᠪᠠᠢ ᠶᠠᠩ ᠳ᠋ᠢᠶᠠᠨ ᠤ ᠳᠣᠲᠣᠭᠠᠳᠤ ᠤᠰᠤᠨ | ᠵᠠᠮ ᠤᠨ ᠨᠡᠪᠲᠡᠷᠡᠯᠴᠡᠭᠡ ᠵᠡᠷᠭᠡ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠪᠠ᠃ ᠰᠢ ᠶᠢᠨ ᠫᠢᠩ᠂ ᠪᠠᠢ ᠶᠠᠩ | ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠪᠠ ᠬᠠᠮᠠᠭᠠᠯᠠᠯᠲᠠ ᠨᠢ ᠤᠳᠤ ᠦᠶ᠎ᠡ ᠳᠤ ᠭᠠᠪᠢᠶ᠎ᠠ | ᠪᠠᠶᠢᠭᠤᠯᠵᠤ᠂ ᠮᠢᠩᠭᠠᠨ ᠣᠨ ᠳᠤ ᠠᠰᠢᠭ ᠬᠦᠷᠲᠡᠭᠡᠬᠦ ᠤᠴᠢᠷ ᠠᠴᠠ ᠡᠷᠬᠡᠪᠰᠢ ᠨᠢᠭᠡᠳᠦᠯᠲᠡᠢ ᠲᠥᠯᠥᠪᠵᠢᠭᠦᠯᠦᠨ | ᠰᠦᠪᠡᠭᠴᠢᠯᠡᠵᠦ᠂ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠲᠠᠷᠠᠭ᠎ᠠ ᠨᠢ᠂ ᠰᠢ ᠶᠢᠨ ᠫᠢᠩ ᠬᠤᠷᠠᠯ ᠦᠵᠡᠰᠬᠦᠯᠡᠩ ᠤᠨ ᠲᠥᠪ ᠤᠨ ᠭᠤᠷᠪᠠᠳᠤᠭᠠᠷ ᠳᠠᠪᠬᠤᠷᠭ᠎ᠠ ᠶᠢᠨ ᠤᠯᠠᠨ | ᠴᠢᠳᠠᠪᠬᠢᠲᠤ ᠲᠢᠩᠬᠢᠮ ᠳᠤ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠲᠤᠬᠠᠢ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ | ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠡᠷᠭᠢᠯᠡᠭᠴᠢ ᠵᠧᠩ ᠱᠠᠨ ᠵᠢᠶᠧ᠂ ᠾᠧᠪᠧᠢ | ᠮᠤᠵᠢ ᠶᠢᠨ ᠨᠠᠮ ᠤᠨ ᠬᠤᠷᠢᠶ᠎ᠠ ᠶᠢᠨ ᠱᠦᠵᠢ ᠨᠢ ᠶᠤᠸᠠᠢ ᠹᠧᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ | ᠠᠵᠢᠯᠯᠠᠬᠤ ᠬᠤᠷᠢᠶ᠎ᠠ ᠶᠢᠨ ᠱᠦᠵᠢ ᠵᠠᠩ ᠭᠦᠸᠧ ᠬᠤᠸᠠ ᠤᠷᠢᠳ ᠬᠤᠵᠢᠳ ᠦᠭᠡ ᠬᠡᠯᠡᠵᠡᠢ᠃ ᠳᠤᠮᠳᠠᠳᠤ | ᠤᠯᠤᠰ ᠤᠨ ᠳᠠᠭᠠᠭᠤᠯᠢ ᠤᠳᠤᠨ ᠤ ᠰᠦᠯᠵᠢᠶᠡᠨ ᠤ ᠪᠦᠯᠦᠭᠯᠡᠯ ᠤᠨ ᠬᠢᠵᠠᠭᠠᠷᠲᠤ ᠺᠣᠮᠫᠠᠨᠢ᠂ ᠳᠤᠮᠳᠠᠳᠤ ᠤᠯᠤᠰ ᠤᠨ | ᠪᠠᠷᠢᠯᠭ᠎ᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ ᠶᠢᠨ ᠭᠤᠣᠯ ᠬᠠᠷᠢᠭᠤᠴᠠᠯᠭᠠᠲᠠᠨ ᠪᠢᠴᠢᠭ ᠢᠶᠠᠷ ᠦᠭᠡ ᠬᠡᠯᠡᠪᠡ᠃ | ᠤᠯᠠᠨ ᠤ ᠬᠡᠯᠡᠬᠦ ᠶᠢ ᠰᠣᠨᠣᠰᠤᠭᠰᠠᠨ ᠤ ᠳᠠᠷᠠᠭ᠎ᠠ᠂ ᠰᠢ ᠶᠢᠨ ᠫᠢᠩ ᠴᠢᠬᠤᠯᠠ ᠶᠠᠷᠢᠶ᠎ᠠ ᠲᠠᠯᠪᠢᠪᠠ᠃ ᠲᠡᠷᠡ᠂ | ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠲᠥᠪ ᠤᠨ ᠬᠠᠮᠢᠶ᠎ᠠ ᠪᠦᠬᠦᠢ ᠰᠠᠯᠠᠭ᠎ᠠ | ᠮᠥᠴᠢᠷ ᠪᠣᠯᠣᠨ ᠪᠡᠭᠡᠵᠢᠩ᠂ ᠲᠢᠶᠠᠨᠵᠢᠨ ᠵᠡᠷᠭᠡ ᠭᠠᠵᠠᠷ ᠤᠨ ᠬᠦᠴᠦᠲᠡᠢ ᠳᠡᠮᠵᠢᠯᠭᠡ ᠳᠣᠣᠷ᠎ᠠ᠂ ᠾᠧᠪᠧᠢ ᠮᠤᠵᠢ | ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠢᠳᠡᠪᠬᠢᠲᠡᠢ ᠭᠦᠢᠴᠡᠳᠬᠡᠵᠦ᠂ ᠰᠢᠶᠦ᠋ᠩ ᠠᠨ ᠰᠢᠨ᠎ᠡ ᠲᠣᠭᠤᠷᠢᠭ ᠤᠨ | ᠨᠠᠮ ᠤᠨ ᠠᠵᠢᠯᠯᠠᠬᠤ ᠬᠤᠷᠢᠶ᠎ᠠ ᠪᠠ ᠬᠠᠮᠢᠶᠠᠷᠤᠯᠲᠠ ᠶᠢᠨ ᠵᠥᠪᠯᠡᠯ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠷᠢᠨ | ᠬᠢᠨᠠᠮᠠᠭᠠᠢ ᠭᠦᠢᠴᠡᠳᠬᠡᠵᠦ᠂ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠢᠶᠦ᠋ᠩ ᠠᠨ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠱᠠᠲᠤᠴᠢ ᠴᠢᠨᠠᠷᠲᠠᠢ ᠦᠷ᠎ᠡ ᠪᠦᠲᠦᠭᠡᠯ ᠣᠯᠵᠤ᠂ ᠰᠢᠨ᠎ᠡ | ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠵᠦ ᠲᠥᠯᠥᠪᠯᠡᠭᠡ ᠶᠢ ᠦᠨᠳᠦᠰᠦᠨ ᠳᠡᠭᠡᠨ | ᠪᠡᠶᠡᠯᠡᠭᠦᠯᠵᠦ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠴᠢᠬᠤᠯᠠ ᠶᠡᠭᠡ ᠠᠬᠢᠯᠲᠠ ᠲᠠᠢ ᠪᠣᠯᠵᠤ᠂ | ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠠᠵᠢᠯ ᠠᠩᠬ᠎ᠠ ᠠᠯᠬᠤᠮ ᠦᠷ᠎ᠡ | ᠪᠦᠲᠦᠮᠵᠢ ᠣᠯᠵᠤ᠂ ᠪᠠᠢ ᠶᠠᠩ ᠳ᠋ᠢᠶᠠᠨ ᠤ ᠠᠮᠢ ᠠᠬᠤᠢ ᠣᠷᠴᠢᠨ ᠲᠣᠭᠤᠷᠢᠨ ᠤ ᠵᠠᠰᠠᠯᠲᠠ ᠢᠯᠡᠳᠲᠡ ᠦᠷ᠎ᠡ | ᠪᠦᠲᠦᠮᠵᠢ ᠣᠯᠵᠤ᠂ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠬᠦ ᠠᠵᠢᠯ ᠢᠳᠡᠪᠬᠢᠲᠡᠢ ᠠᠬᠢᠯᠲᠠ ᠲᠠᠢ ᠪᠣᠯᠵᠤ᠂ | ᠠᠵᠤ ᠦᠢᠯᠡᠰ ᠪᠠ ᠰᠢᠨ᠎ᠡ ᠶᠢ ᠡᠭᠦᠳᠬᠦ ᠡᠯᠧᠮᠧᠨ᠋ᠲ ᠤᠨ ᠲᠥᠪᠯᠡᠷᠡᠯ ᠤᠨ ᠨᠥᠬᠦᠴᠡᠯ ᠠᠯᠬᠤᠮ ᠠᠯᠬᠤᠮ ᠢᠶᠠᠷ | ᠲᠡᠭᠦᠯᠳᠡᠷᠵᠢᠵᠦ᠂ ᠪᠤᠴᠠᠭᠠᠨ ᠨᠡᠭᠦᠯᠭᠡᠵᠦ ᠲᠥᠪᠬᠢᠨᠡᠭᠦᠯᠬᠦ ᠠᠵᠢᠯ ᠢ ᠡᠮᠬᠢ ᠵᠢᠷᠤᠮ ᠲᠠᠢ ᠪᠠᠷ ᠠᠬᠢᠭᠤᠯᠪᠠ᠃ | ᠣᠬᠤᠷᠬᠠᠨ 6 ᠵᠢᠯ ᠳᠤ᠂ ᠰᠢᠶᠦ᠋ᠩ ᠠᠨ ᠰᠢᠨ᠎ᠡ ᠲᠣᠭᠤᠷᠢᠭ ᠦᠭᠡᠢ ᠪᠠᠶᠢᠭᠰᠠᠨ ᠠᠴᠠ ᠪᠠᠨ ᠪᠠᠶᠢᠬᠤ ᠪᠣᠯᠵᠤ᠂ | ᠠᠤᠭ᠎ᠠ ᠲᠥᠰᠥᠪ ᠠᠴᠠ ᠪᠣᠳᠠᠲᠤ ᠠᠬᠤᠢ ᠪᠣᠯᠵᠤ᠂ ᠥᠨᠳᠥᠷ ᠲᠦᠪᠰᠢᠨ ᠪᠦᠬᠦᠢ ᠣᠳᠣᠬᠢᠴᠢᠯᠠᠭᠰᠠᠨ ᠬᠤᠳᠠ ᠶᠠᠭ | ᠰᠦᠨᠳᠡᠷᠯᠡᠨ ᠪᠣᠰᠴᠤ᠂ ᠭᠠᠶᠢᠬᠠᠮᠰᠢᠭ ᠲᠤ ᠲᠣᠭᠠᠴᠠᠭᠳᠠᠵᠤ ᠪᠣᠯᠣᠨ᠎ᠠ᠃ ᠡᠳᠡᠭᠡᠷ ᠠᠮᠵᠢᠯᠲᠠ ᠪᠦᠲᠦᠮᠵᠢ ᠶᠢ ᠪᠣᠯ | ᠳᠡᠯᠡᠬᠡᠢ ᠳ᠋ᠠᠬᠢᠨ ᠤ ᠵᠠᠭᠤᠨ ᠵᠢᠯ ᠳᠤ ᠲᠣᠬᠢᠶᠠᠯᠳᠤᠭ᠎ᠠ ᠦᠭᠡᠢ ᠶᠡᠭᠡ ᠬᠤᠪᠢᠰᠤᠯᠲᠠ᠂ 3 ᠵᠢᠯ ᠤᠨ ᠰᠢᠨ᠎ᠡ ᠲᠢᠲᠢᠮᠯᠢᠭ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠢ ᠪᠠᠶᠢᠳᠠᠯ ᠳᠣᠣᠷ᠎ᠠ ᠣᠯᠣᠭᠰᠠᠨ ᠶᠤᠮ᠂ | ᠮᠠᠰᠢ ᠭᠢᠯᠪᠠᠷ ᠪᠤᠰᠤ ᠪᠢᠯᠡ᠃ ᠰᠢᠶᠦ᠋ᠩ ᠠᠨ ᠰᠢᠨ᠎ᠡ ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ | ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠣᠯ ᠪᠦᠷᠢᠮᠦᠰᠦᠨ ᠵᠥᠪ᠂ ᠡᠯ᠎ᠡ ᠲᠠᠯ᠎ᠠ ᠶᠢᠨ ᠠᠵᠢᠯ ᠪᠣᠯ | ᠯᠠᠪᠳᠠᠭᠤᠨ ᠪᠦᠲᠦᠮᠵᠢᠲᠡᠢ ᠭᠡᠳᠡᠭ ᠢ ᠦᠢᠯᠡᠳᠦᠯᠭᠡ ᠭᠡᠷᠡᠴᠢᠯᠡᠵᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠦᠷᠢᠨ ᠪᠦᠲᠦᠨ᠂ ᠵᠥᠪ ᠣᠨᠣᠪᠴᠢᠲᠠᠢ᠂ ᠪᠦᠭᠦ ᠲᠠᠯ᠎ᠠ ᠪᠠᠷ ᠰᠢᠶᠦ᠋ᠩ ᠠᠨ ᠰᠢᠨ᠎ᠡ | ᠲᠣᠭᠤᠷᠢᠭ ᠢ ᠪᠦᠲᠦᠭᠡᠨ ᠪᠠᠶᠢᠭᠤᠯᠬᠤ ᠲᠤᠬᠠᠢ ᠨᠠᠮ ᠤᠨ ᠲᠥᠪ ᠬᠤᠷᠢᠶ᠎ᠠ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ | ᠪᠣᠳᠣᠯᠭ᠎ᠠ ᠶᠢᠨ ᠴᠢᠬᠤᠯᠠ ᠶᠡᠭᠡ ᠪᠣᠳᠠᠲᠤ ᠠᠴᠢ ᠬᠤᠯᠪᠣᠭᠳᠠᠯ ᠪᠠ ᠠᠯᠤᠰ ᠭᠡᠲᠦ ᠶᠢᠨ ᠲᠡᠦᠬᠡᠲᠦ ᠠᠴᠢ | ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠰᠢᠶᠦ᠋ᠩ ᠠᠨ ᠰᠢᠨ᠎ᠡ ᠲᠣᠭᠤᠷᠢᠭ ᠤᠨ ᠲᠤᠬᠠᠢ ᠨᠠᠮ ᠤᠨ ᠲᠥᠪ | ᠬᠤᠷᠢᠶ᠎ᠠ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠲᠡᠦᠬᠡᠲᠦ ᠡᠭᠦᠷᠭᠡ ᠪᠠ ᠵᠠᠷᠴᠢᠮ ᠤᠨ ᠱᠠᠭᠠᠷᠳᠠᠯᠭ᠎ᠠ ᠶᠢ ᠪᠠᠲᠤ | ᠡᠵᠡᠮᠳᠡᠵᠦ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠡᠦᠬᠡᠲᠦ ᠲᠡᠰᠪᠦᠷᠢ ᠲᠡᠪᠴᠢᠶᠡᠷᠢ ᠶᠢ | ᠪᠠᠲᠤᠯᠠᠵᠤ᠂ ᠣᠶᠢᠷ᠎ᠠ ᠶᠢᠨ ᠬᠤᠭᠤᠴᠠᠭᠠᠨ ᠤ ᠬᠠᠷᠠᠯᠲᠠ ᠪᠣᠯᠣᠨ ᠳᠤᠮᠳᠠ ᠤᠷᠳᠤ ᠬᠤᠭᠤᠴᠠᠭᠠᠨ ᠤ ᠬᠠᠷᠠᠯᠲᠠ᠂ | ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠪᠠ ᠬᠥᠮᠥᠨ ᠠᠮᠠ ᠶᠢᠨ ᠲᠥᠪᠯᠡᠷᠡᠯ ᠤᠨ ᠬᠡᠪᠴᠢᠶ᠎ᠡ᠂ | ᠠᠵᠤ ᠦᠢᠯᠡᠰ ᠤᠨ ᠰᠢᠯᠵᠢᠯᠲᠡ ᠪᠠ ᠠᠵᠤ ᠦᠢᠯᠡᠰ ᠤᠨ ᠳᠡᠰ ᠳᠠᠪᠰᠢᠯᠲᠠ᠂ ᠵᠠᠰᠠᠭ ᠤᠨ ᠣᠷᠳᠣᠨ ᠪᠠ ᠵᠠᠬ᠎ᠠ | ᠳᠡᠯᠭᠡᠭᠦᠷ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠪᠠ ᠬᠤᠲᠠ ᠶᠢᠨ ᠲᠣᠰ | ᠪᠡᠶ᠎ᠡ ᠶᠢᠨ ᠬᠥᠭᠵᠢᠯᠲᠡ ᠶᠢ ᠵᠣᠯᠭᠠᠭᠤᠯᠬᠤ᠂ ᠬᠤᠲᠠ ᠶᠢᠨ ᠪᠦᠲᠦᠭᠡᠨ ᠪᠠᠶᠢᠭᠤᠯᠤᠯᠲᠠ ᠪᠠ ᠡᠷᠭᠢᠨ ᠲᠣᠭᠤᠷᠢᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠴᠢᠬᠤᠯᠠ ᠶᠡᠭᠡ ᠬᠠᠷᠢᠴᠠᠭ᠎ᠠ ᠶᠢ ᠰᠠᠶᠢᠲᠤᠷ | ᠰᠢᠢᠳᠪᠦᠷᠢᠯᠡᠵᠦ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠵᠥᠪ | ᠴᠢᠭᠯᠡᠯ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠡᠯ᠎ᠡ | ᠵᠦᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ ᠬᠤᠶᠠᠳᠤᠭᠠᠷ | ᠪᠦᠯᠦᠭ ᠤᠨ ᠲᠠᠷᠬᠠᠭᠠᠨ ᠵᠣᠬᠢᠴᠠᠭᠤᠯᠬᠤ ᠠᠵᠢᠯ ᠢ ᠡᠬᠢᠯᠡᠭᠦᠯᠦᠭᠰᠡᠨ ᠪᠡᠭᠡᠵᠢᠩ ᠳᠤ ᠪᠠᠶᠢᠭ᠎ᠠ ᠲᠥᠪ ᠤᠨ ᠠᠵᠤ | ᠠᠬᠤᠶᠢᠯᠠᠯ ᠤᠨ ᠶᠡᠷᠦᠩᠬᠡᠢ ᠬᠡᠯᠲᠡᠰ ᠵᠢᠴᠢ ᠬᠤᠶᠠᠳᠤᠭᠠᠷ᠂ ᠭᠤᠷᠪᠠᠳᠤᠭᠠᠷ ᠳᠡᠰ ᠤᠨ ᠬᠤᠪᠢᠶᠠᠷᠢ ᠺᠣᠮᠫᠠᠨᠢ ᠪᠤᠶᠤ | ᠰᠢᠨ᠎ᠡ ᠶᠢ ᠡᠭᠦᠳᠬᠦ ᠲᠤᠬᠠᠶᠢᠯᠠᠭᠰᠠᠨ ᠠᠵᠢᠯ ᠤᠨ ᠬᠡᠰᠡᠭ ᠵᠡᠷᠭᠡ ᠶᠢ ᠦᠷᠭᠦᠯᠵᠢᠯᠡᠨ ᠲᠥᠯᠥᠪᠵᠢᠭᠦᠯᠵᠦ᠂ ᠮᠥᠩᠭᠦᠨ | ᠭᠦᠢᠯᠭᠡᠭᠡᠨ ᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠠᠵᠢᠯ ᠦᠢᠯᠡᠰ ᠤᠨ | ᠨᠢᠭᠡᠴᠡ ᠶᠢ ᠲᠠᠷᠬᠠᠭᠠᠨ ᠰᠢᠯᠵᠢᠭᠦᠯᠬᠦ ᠠᠵᠢᠯ ᠢ ᠭᠠᠷᠳᠠᠨ ᠲᠥᠯᠥᠪᠵᠢᠭᠦᠯᠵᠦ ᠬᠡᠷᠡᠭᠲᠡᠢ᠃ ᠲᠠᠷᠬᠠᠭᠠᠨ | ᠵᠣᠬᠢᠴᠠᠭᠤᠯᠬᠤ ᠶᠢ ᠵᠣᠷᠢᠭᠵᠢᠭᠤᠯᠬᠤ ᠬᠢᠵᠠᠭᠠᠷᠯᠠᠬᠤ ᠲᠦᠷᠦ ᠶᠢᠨ ᠪᠣᠳᠣᠯᠭ᠎ᠠ ᠶᠢᠨ ᠰᠢᠰᠲ᠋ᠧᠮ ᠢ ᠦᠷᠭᠦᠯᠵᠢᠯᠡᠨ | ᠲᠡᠭᠦᠯᠳᠡᠷᠵᠢᠭᠦᠯᠬᠦ ᠬᠡᠷᠡᠭᠲᠡᠢ᠃ ᠲᠠᠷᠬᠠᠭᠠᠨ ᠵᠣᠬᠢᠴᠠᠭᠤᠯᠬᠤ ᠬᠥᠮᠥᠰ ᠤᠨ ᠦᠷ᠎ᠡ ᠬᠡᠦᠬᠡᠳ ᠤᠨ ᠰᠤᠷᠭᠠᠨ ᠬᠥᠮᠦᠵᠢᠯ᠂ | ᠡᠮ ᠡᠮᠨᠡᠯᠭᠡ᠂ ᠣᠷᠣᠨ ᠰᠠᠭᠤᠴᠠ᠂ ᠴᠠᠯᠢᠩ ᠬᠥᠯᠥᠰᠦ᠂ ᠨᠡᠶᠢᠭᠡᠮ ᠤᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ᠂ | ᠨᠡᠶᠢᠲᠡ ᠶᠢᠨ ᠬᠤᠷᠠᠮᠳᠤᠭᠤᠯᠭ᠎ᠠ ᠶᠢᠨ ᠮᠥᠩᠭᠦ ᠵᠡᠷᠭᠡ ᠶᠢᠨ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠳᠤ᠂ | ᠨᠠᠰᠤᠲᠠᠶᠢᠴᠤᠳ ᠲᠤᠨᠢ ᠬᠠᠭᠤᠴᠢᠨ ᠠᠷᠭ᠎ᠠ ᠪᠣᠳᠣᠯᠭ᠎ᠠ ᠶᠢ ᠬᠡᠷᠡᠭᠵᠢᠭᠦᠯᠬᠦ᠂ ᠰᠢᠨ᠎ᠡ ᠬᠥᠮᠥᠨ ᠳᠤ ᠰᠢᠨ᠎ᠡ ᠠᠷᠭ᠎ᠠ | ᠬᠡᠷᠡᠭᠵᠢᠭᠦᠯᠬᠦ ᠵᠠᠷᠴᠢᠮ ᠤᠨ ᠱᠠᠭᠠᠷᠳᠠᠯᠭ᠎ᠠ ᠶᠣᠰᠣᠭᠠᠷ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠤᠯᠠᠮ | ᠴᠢᠨᠠᠭᠰᠢᠳᠠ ᠨᠠᠷᠢᠯᠢᠭᠵᠢᠭᠤᠯᠤᠨ ᠪᠣᠳᠠᠲᠠᠶᠢᠵᠢᠭᠤᠯᠵᠤ᠂ ᠲᠠᠷᠬᠠᠭᠠᠨ ᠵᠣᠬᠢᠴᠠᠭᠤᠯᠤᠭᠰᠠᠨ ᠨᠢᠭᠡᠴᠢ ᠪᠠ ᠠᠵᠢᠯᠲᠠᠨ ᠳᠤ | ᠦᠨᠡᠨ ᠪᠣᠳᠠᠲᠠᠢ ᠠᠰᠢᠭ ᠬᠦᠷᠲᠡᠭᠡᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠣᠭᠲᠠᠴᠠ ᠪᠠ | ᠵᠠᠰᠠᠭ ᠤᠨ ᠣᠷᠳᠣᠨ ᠤ ᠬᠥᠲᠥᠯᠥᠨ ᠵᠢᠯᠤᠭᠤᠳᠬᠤ ᠶᠢ ᠤᠶᠠᠯᠳᠤᠭᠤᠯᠬᠤ᠂ ᠲᠦᠷᠦᠯ ᠵᠦᠢᠯ ᠪᠠ ᠲᠦᠷᠦ ᠶᠢᠨ | ᠪᠣᠳᠣᠯᠭ᠎ᠠ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ᠂ ᠵᠠᠬ᠎ᠠ ᠳᠡᠯᠭᠡᠭᠦᠷᠴᠢᠯᠡᠯᠲᠡ᠂ ᠬᠠᠤᠯᠢᠵᠢᠯᠳᠠ ᠶᠢᠨ ᠠᠷᠭ᠎ᠠ | ᠪᠠᠷᠢᠯ ᠢᠶᠠᠷ ᠳᠠᠮᠵᠢᠭᠤᠯᠤᠨ ᠨᠡᠶᠢᠰᠯᠡᠯ ᠤᠨ ᠪᠤᠰᠤ ᠴᠢᠳᠠᠮᠵᠢ ᠶᠢ ᠭᠠᠳᠠᠭᠰᠢ ᠪᠠᠨ ᠲᠠᠷᠬᠠᠭᠠᠨ ᠵᠣᠬᠢᠴᠠᠭᠤᠯᠬᠤ | ᠳᠣᠲᠣᠭᠠᠳᠤ ᠬᠦᠳᠡᠯᠭᠡᠬᠦ ᠬᠦᠴᠦᠨ ᠢ ᠴᠢᠩᠭᠠᠳᠬᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ | ᠪᠦᠭᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠬᠦᠷᠢᠶᠡᠨ ᠤ ᠥᠭᠡᠷᠡᠴᠢᠯᠡᠯᠲᠡ ᠨᠡᠭᠡᠭᠡᠯᠲᠡ ᠶᠢᠨ ᠬᠤᠰᠢᠭᠤᠷᠠᠯ | ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠪᠣᠯᠣᠨ ᠤᠷᠢᠳᠠᠴᠢ ᠴᠢᠨᠠᠷᠲᠠᠢ ᠰᠢᠨ᠎ᠡ ᠶᠢ ᠡᠭᠦᠳᠬᠦ ᠲᠤᠷᠰᠢᠯᠲᠠ ᠶᠢᠨ | ᠵᠢᠱᠢᠶ᠎ᠡ ᠦᠵᠡᠭᠦᠯᠭᠦ ᠲᠦᠷᠦᠯ ᠵᠦᠢᠯ ᠢ ᠰᠢᠶᠦ᠋ᠩ ᠠᠨ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ ᠴᠢᠷᠮᠠᠶᠢᠵᠤ | ᠪᠠᠶᠢᠭᠠᠳ ᠰᠢᠨ᠎ᠡ ᠴᠢᠳᠠᠪᠬᠢ ᠶᠢ ᠪᠠᠶᠢᠭᠤᠯᠵᠤ᠂ ᠰᠢᠨ᠎ᠡ ᠳᠦᠷᠢ ᠲᠥᠷᠬᠦ ᠶᠢ ᠪᠦᠷᠢᠯᠳᠦᠭᠦᠯᠵᠦ᠂ ᠰᠢᠨ᠎ᠡ ᠠᠵᠤ | ᠦᠢᠯᠡᠰ ᠢ ᠬᠥᠭᠵᠢᠭᠦᠯᠵᠦ᠂ ᠰᠢᠨ᠎ᠡ ᠴᠢᠳᠠᠪᠤᠷᠢᠲᠠᠨ ᠢ ᠲᠥᠪᠯᠡᠷᠡᠭᠦᠯᠵᠦ᠂ ᠰᠢᠨ᠎ᠡ ᠲᠣᠭᠲᠠᠴᠠ ᠶᠢ ᠪᠠᠶᠢᠭᠤᠯᠵᠤ᠂ | ᠰᠢᠶᠦ᠋ᠩ ᠠᠨ ᠰᠢᠨ᠎ᠡ ᠲᠣᠭᠤᠷᠢᠭ ᠢ ᠰᠢᠨ᠎ᠡ ᠴᠠᠭ ᠦᠶ᠎ᠡ ᠶᠢᠨ ᠰᠢᠨ᠎ᠡ ᠶᠢ ᠡᠭᠦᠳᠬᠦ ᠥᠨᠳᠦᠷᠯᠢᠭ ᠪᠠ ᠦᠢᠯᠡᠰ | ᠪᠣᠰᠬᠠᠬᠤ ᠬᠠᠯᠠᠭᠤᠨ ᠬᠥᠷᠥᠰᠥ ᠪᠣᠯᠭᠠᠬᠤ ᠬᠡᠷᠡᠭᠲᠡᠢ᠃ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ | ᠳᠡᠯᠡᠬᠡᠶᠢᠵᠢᠭᠰᠡᠨ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠭᠦ ᠣᠷᠴᠢᠨ ᠨᠥᠬᠦᠴᠡᠯ ᠢ ᠪᠤᠢ ᠪᠣᠯᠭᠠᠵᠤ᠂ ᠠᠯᠢ | ᠤᠯᠠᠨ ᠣᠨᠴᠠᠭᠠᠢ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠰᠤᠳᠤᠯᠤᠨ ᠲᠣᠭᠲᠠᠭᠠᠵᠤ᠂ ᠤᠯᠤᠰ ᠤᠨ ᠳᠣᠲᠣᠭᠠᠳᠤ | ᠭᠠᠳᠠᠭᠠᠳᠤ ᠶᠢᠨ ᠬᠦᠴᠦᠨ ᠪᠣᠯᠣᠨ ᠬᠥᠷᠥᠩᠭᠡ ᠶᠢ ᠥᠷᠭᠡᠨ ᠢᠶᠠᠷ ᠲᠠᠲᠠᠬᠤ ᠪᠠ ᠲᠥᠪᠯᠡᠷᠡᠭᠦᠯᠵᠦ ᠰᠢᠶᠦ᠋ᠩ ᠠᠨ | ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠪᠣᠯᠣᠨ ᠬᠥᠭᠵᠢᠯᠲᠡ ᠳᠤ ᠣᠷᠣᠯᠴᠠᠭᠤᠯᠵᠤ᠂ ᠬᠥᠮᠥᠰ ᠤᠨ | ᠬᠦᠰᠡᠨ ᠡᠷᠡᠮᠡᠯᠵᠡᠵᠦ᠂ ᠴᠢᠬᠤᠯᠠ ᠡᠯᠧᠮᠧᠨ᠋ᠲ ᠴᠤᠭᠯᠠᠷᠠᠵᠤ᠂ ᠬᠦᠴᠦ ᠪᠠᠨ ᠬᠠᠮᠲᠤᠳᠬᠠᠵᠤ ᠬᠠᠮᠲᠤ ᠪᠠᠷ ᠪᠠᠶᠢᠭᠤᠯᠬᠤ᠂ | ᠬᠠᠮᠲᠤ ᠪᠠᠷ ᠬᠥᠭᠵᠢᠬᠦ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠬᠡᠷᠡᠭᠲᠡᠢ᠃ ᠲᠡᠷᠢᠭᠦᠨ ᠤ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠢ ᠥᠷᠭᠡᠨ ᠢᠶᠠᠷ ᠬᠡᠷᠡᠭᠯᠡᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ | ᠴᠢᠳᠠᠪᠤᠷᠢ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠡᠵᠡᠩᠨᠡᠯᠲᠡ ᠶᠢᠨ ᠬᠡᠯᠪᠡᠷᠢ᠂ | ᠰᠢᠨ᠎ᠡ ᠵᠠᠭᠪᠤᠷ ᠢ ᠢᠳᠡᠪᠬᠢᠲᠡᠢ ᠬᠥᠭᠵᠢᠭᠦᠯᠵᠦ᠂ ᠰᠢᠨ᠎ᠡ ᠨᠡᠮᠡᠭᠳᠡᠯ ᠤᠨ ᠴᠡᠭ ᠢ ᠪᠤᠶᠢᠵᠢᠭᠤᠯᠵᠤ᠂ ᠰᠢᠨ᠎ᠡ ᠬᠦᠳᠡᠯᠭᠡᠬᠦ | ᠡᠨᠧᠷᠭᠢ ᠶᠢ ᠪᠦᠷᠢᠯᠳᠦᠭᠦᠯᠵᠦ᠂ ᠣᠶᠤᠨᠴᠢ᠂ ᠪᠣᠬᠢᠷᠳᠤᠯ ᠦᠭᠡᠢ᠂ ᠰᠢᠨ᠎ᠡ ᠶᠢ ᠡᠭᠦᠳᠬᠦ ᠶᠢ ᠰᠢᠶᠦ᠋ᠩ ᠠᠨ ᠰᠢᠨ᠎ᠡ | ᠲᠣᠭᠤᠷᠢᠭ ᠤᠨ ᠦᠵᠡᠰᠬᠦᠯᠡᠩᠲᠦ ᠰᠠᠶᠢᠬᠠᠨ ᠨᠡᠷ᠎ᠡ ᠶᠢᠨ ᠬᠠᠭᠤᠳᠠᠰᠤ ᠪᠣᠯᠭᠠᠬᠤ ᠬᠡᠷᠡᠭᠲᠡᠢ᠃ ᠬᠥᠬᠡᠮᠳᠦᠭ ᠨᠣᠭᠤᠭᠠᠨ | ᠠᠭᠤᠯᠠ ᠤᠰᠤ ᠪᠣᠯ ᠠᠯᠳᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠲᠤᠭᠤᠰᠢᠯᠠᠭᠤᠯᠵᠤ᠂ ᠪᠣᠬᠢᠷᠳᠤᠯ | ᠦᠭᠡᠢ᠂ ᠪᠠᠭ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠢ | ᠪᠣᠬᠢᠷᠳᠤᠯ ᠦᠭᠡᠢ ᠬᠥᠭᠵᠢᠬᠦ ᠬᠤᠳᠠ ᠶᠢᠨ ᠨᠡᠶᠢᠲᠡᠯᠢᠭ ᠵᠢᠱᠢᠶ᠎ᠡ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠦ | ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠤᠳᠤᠷᠢᠳᠬᠤ ᠪᠠᠶᠢᠭᠤᠯᠤᠮᠵᠢ ᠪᠣᠯᠣᠨ | ᠬᠠᠮᠢᠶᠠᠷᠤᠯᠲᠠ ᠶᠢᠨ ᠲᠣᠭᠲᠠᠴᠠ ᠶᠢ ᠰᠢᠯᠢᠳᠡᠭᠵᠢᠭᠦᠯᠦᠨ ᠪᠦᠷᠢᠨᠰᠢᠭᠦᠯᠵᠦ᠂ ᠰᠢᠨ᠎ᠡ ᠲᠣᠭᠤᠷᠢᠭ ᠤᠨ ᠬᠤᠳᠠ ᠶᠢᠨ | ᠬᠠᠮᠢᠶᠠᠷᠤᠯᠲᠠ ᠶᠢᠨ ᠪᠠᠶᠢᠭᠤᠯᠤᠮᠵᠢ ᠲᠡᠶᠢᠰᠢ ᠬᠤᠪᠢᠷᠠᠬᠤ ᠶᠢ ᠱᠠᠲᠤ ᠬᠤᠪᠢᠶᠠᠨ ᠠᠯᠬᠤᠮ ᠲᠠᠷᠠᠭ᠎ᠠ ᠬᠤᠪᠢᠶᠠᠨ | ᠯᠠᠪᠳᠠᠭᠤᠨ ᠡᠮᠬᠢ ᠵᠢᠷᠤᠮ ᠲᠠᠢ ᠪᠠᠷ ᠠᠬᠢᠭᠤᠯᠬᠤ ᠬᠡᠷᠡᠭᠲᠡᠢ᠃ ᠰᠢᠨ᠎ᠡ ᠲᠣᠭᠤᠷᠢᠭ ᠤᠨ ᠡᠯ᠎ᠡ ᠱᠠᠲᠤᠨ ᠤ | ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠺᠠᠳ᠋ᠷ ᠤᠨ ᠡᠩᠨᠡᠭᠡᠨ ᠤ ᠪᠦᠬᠦᠯᠢ | ᠴᠣᠭᠴᠠ ᠶᠢᠨ ᠬᠡᠪ ᠴᠢᠨᠠᠷ ᠪᠠ ᠲᠤᠰᠬᠠᠶᠢᠵᠢᠭᠰᠠᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠲᠣᠭᠤᠷᠢᠭ ᠤᠨ | ᠺᠠᠳ᠋ᠷ ᠢ ᠰᠢᠯᠭᠠᠨ ᠦᠨᠡᠯᠡᠬᠦ ᠲᠣᠭᠲᠠᠴᠠ ᠶᠢ ᠲᠡᠭᠦᠯᠳᠡᠷᠵᠢᠭᠦᠯᠵᠦ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ | ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠵᠣᠷᠢᠭᠲᠠᠢ ᠪᠠᠷ ᠰᠢᠨ᠎ᠡ ᠶᠢ ᠡᠭᠦᠳᠬᠦ᠂ ᠴᠢᠳᠠᠮᠠᠭᠠᠢ ᠪᠠᠷ ᠵᠢᠳᠬᠦᠯ | ᠴᠢᠷᠮᠠᠶᠢᠯᠭ᠎ᠠ ᠭᠠᠷᠭᠠᠬᠤ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠠᠷᠠᠳ ᠲᠦᠮᠡᠨ ᠤ ᠬᠤᠳᠠ ᠶᠢ ᠠᠷᠠᠳ ᠲᠦᠮᠡᠨ ᠪᠦᠲᠦᠭᠡᠨ ᠪᠠᠶᠢᠭᠤᠯᠵᠤ᠂ ᠠᠷᠠᠳ ᠲᠦᠮᠡᠨ ᠤ | ᠬᠤᠳᠠ ᠶᠢ ᠠᠷᠠᠳ ᠲᠦᠮᠡᠨ ᠤ ᠲᠥᠯᠥᠭᠡ ᠪᠠᠶᠢᠯᠭᠠᠬᠤ ᠶᠢ ᠪᠠᠷᠢᠮᠲᠠᠯᠠᠵᠤ᠂ ᠰᠢᠶᠦ᠋ᠩ ᠠᠨ ᠰᠢᠨ᠎ᠡ ᠲᠣᠭᠤᠷᠢᠭ ᠤᠨ | ᠺᠠᠳ᠋ᠷ ᠤᠯᠠᠨ ᠲᠦᠮᠡᠨ ᠤ ᠠᠩᠬᠠᠷᠴᠤ ᠪᠠᠶᠢᠭ᠎ᠠ ᠲᠤᠰ ᠪᠡᠶ᠎ᠡ ᠶᠢᠨ ᠠᠰᠢᠭ ᠲᠤᠰᠠ ᠶᠢᠨ ᠠᠰᠠᠭᠤᠳᠠᠯ ᠢ ᠰᠠᠶᠢᠲᠤᠷ | ᠰᠢᠢᠳᠪᠦᠷᠢᠯᠡᠵᠦ᠂ ᠠᠷᠠᠳ ᠤᠯᠠᠨ ᠳᠤ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠬᠥᠭᠵᠢᠯᠲᠡ ᠠᠴᠠ ᠦᠨᠡᠨ | ᠪᠣᠳᠠᠲᠠᠢ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ ᠣᠯᠭᠤᠬᠤ ᠬᠡᠷᠡᠭᠲᠡᠢ᠃ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠬᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ | ᠲᠦᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠰᠢᠨ᠎ᠡ ᠲᠣᠭᠤᠷᠢᠭ ᠤᠨ ᠬᠥᠳᠡᠯᠮᠦᠷᠢ ᠬᠦᠴᠦᠨ ᠳᠤ ᠲᠠᠭᠢᠨ ᠠᠵᠢᠯ | ᠣᠯᠭᠤᠬᠤ ᠪᠣᠯᠪᠠᠰᠤᠷᠠᠯ ᠬᠦᠷᠲᠡᠭᠡᠬᠦ ᠶᠢ ᠴᠢᠩᠭᠠᠳᠬᠠᠬᠤ ᠬᠡᠷᠡᠭᠲᠡᠢ᠃ ᠬᠤᠳᠠ ᠬᠥᠳᠡᠭᠡ ᠶᠢ ᠨᠢᠭᠡᠳᠦᠯᠲᠡᠢ | ᠲᠥᠯᠥᠪᠵᠢᠭᠦᠯᠦᠨ ᠬᠥᠭᠵᠢᠭᠦᠯᠬᠦ ᠶᠢ ᠠᠬᠢᠭᠤᠯᠵᠤ᠂ ᠬᠤᠳᠠ ᠬᠥᠳᠡᠭᠡ ᠶᠢᠨ ᠵᠥᠷᠢᠶ᠎ᠡ ᠶᠢ ᠪᠠᠭᠠᠰᠬᠠᠬᠤ᠂ ᠬᠤᠳᠠ | ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ᠂ ᠪᠦᠭᠦ ᠠᠷᠠᠳ ᠲᠦᠮᠡᠨ ᠤ ᠬᠠᠮᠲᠤ ᠪᠠᠷ ᠪᠠᠶᠠᠵᠢᠬᠤ ᠶᠢ | ᠠᠬᠢᠭᠤᠯᠬᠤ ᠲᠠᠯ᠎ᠠ ᠪᠠᠷ ᠰᠢᠨ᠎ᠡ ᠵᠠᠮ ᠨᠡᠭᠡᠭᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠰᠢᠶᠦ᠋ᠩ ᠠᠨ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠵᠢᠴᠢ ᠡᠯ᠎ᠡ | ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠭᠤᠣᠯ ᠰᠡᠳᠦᠪᠲᠦ ᠬᠥᠮᠦᠵᠢᠯ ᠢ ᠨᠠᠷᠢᠨ ᠬᠢᠨᠠᠮᠠᠭᠠᠢ ᠥᠷᠨᠢᠭᠦᠯᠬᠦ ᠶᠢᠨ | ᠬᠠᠮᠲᠤ ᠡᠭᠦᠨ ᠢᠶᠠᠷ ᠠᠵᠠ ᠲᠣᠭᠢᠶᠠᠯ ᠪᠣᠯᠭᠠᠵᠤ᠂ ᠪᠠᠶᠢᠴᠠᠭᠠᠨ ᠰᠤᠳᠤᠯᠤᠯᠲᠠ ᠪᠠᠨ ᠴᠢᠩᠭᠠᠳᠬᠠᠵᠤ᠂ ᠦᠵᠡᠯ | ᠰᠠᠨᠠᠭᠠᠨ ᠤ ᠶᠡᠭᠡ ᠴᠢᠯᠦᠭᠡᠯᠡᠯᠲᠡ᠂ ᠴᠢᠳᠠᠪᠤᠷᠢ ᠶᠢᠨ ᠶᠡᠭᠡ ᠳᠡᠭᠡᠭᠰᠢᠯᠡᠯᠲᠡ᠂ ᠰᠤᠷᠲᠠᠯ ᠤᠨ ᠶᠡᠭᠡ ᠬᠤᠪᠢᠷᠠᠯᠲᠠ᠂ | ᠠᠵᠢᠯ ᠤᠨ ᠶᠡᠭᠡ ᠨᠠᠶᠢᠳᠠᠪᠤᠷᠢᠵᠢᠭᠤᠯᠤᠯᠲᠠ ᠶᠢ ᠠᠬᠢᠭᠤᠯᠵᠤ᠂ ᠤᠯᠤᠰ ᠲᠦᠷᠦ ᠶᠢᠨ ᠴᠢᠳᠠᠮᠵᠢ ᠪᠣᠯᠣᠨ ᠵᠣᠬᠢᠶᠠᠨ | ᠪᠠᠶᠢᠭᠤᠯᠤᠯᠲᠠ ᠶᠢᠨ ᠴᠢᠳᠠᠮᠵᠢ ᠶᠢ ᠤᠯᠠᠮ ᠴᠢᠨᠠᠭᠰᠢᠳᠠ ᠳᠡᠭᠡᠭᠰᠢᠯᠡᠭᠦᠯᠬᠦ ᠬᠡᠷᠡᠭᠲᠡᠢ᠃ ︽ᠲᠦᠷᠪᠡᠨ ᠰᠤᠷᠲᠠᠯ︾ ᠢ | ᠦᠷᠭᠦᠯᠵᠢᠯᠡᠨ ᠵᠠᠯᠠᠷᠠᠭᠤᠯᠤᠨ ᠵᠠᠰᠠᠵᠤ᠂ ᠢᠯᠵᠠᠷᠠᠬᠤ ᠠᠴᠠ ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ | ᠢᠯᠵᠠᠷᠠᠬᠤ ᠶᠢ ᠪᠤᠳᠤᠬᠤ ᠦᠭᠡᠢ ᠪᠠᠶᠢᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ︽ᠠᠷᠢᠭᠤᠨ ᠴᠢᠬᠡᠴᠢ | ᠰᠢᠶᠦ᠋ᠩ ᠠᠨ︾ ᠢᠶᠠᠷ ︽ᠰᠢᠶᠦ᠋ᠩ ᠠᠨ ᠤ ᠶᠠᠰᠤ ᠴᠢᠨᠠᠷ︾ ᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠯᠢ ᠴᠢᠶᠠᠩ ᠶᠠᠷᠢᠶᠠᠨ ᠳᠠᠭᠠᠨ᠂ ᠰᠢᠶᠦ᠋ᠩ ᠠᠨ ᠰᠢᠨ᠎ᠡ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠥᠨᠳᠥᠷ | ᠪᠠᠷᠢᠮᠵᠢᠶ᠎ᠠ ᠪᠠᠷ ᠴᠢᠨᠠᠷ ᠰᠠᠶᠢᠲᠠᠢ ᠠᠬᠢᠭᠤᠯᠬᠤ ᠳᠤ ᠬᠠᠮᠤᠭ ᠤᠨ ᠦᠨᠳᠦᠰᠦᠨ ᠬᠠᠮᠤᠭ ᠤᠨ ᠵᠠᠩᠭᠢᠯᠠᠭ᠎ᠠ ᠨᠢ ᠶᠡᠷᠦᠩᠬᠡᠢ | ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠪᠣᠯᠣᠨ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠰᠠᠶᠢᠲᠤᠷ ᠰᠤᠷᠤᠯᠴᠠᠨ ᠣᠶᠢᠯᠠᠭᠠᠵᠤ᠂ ᠰᠠᠶᠢᠲᠤᠷ ᠲᠤᠭᠤᠰᠢᠯᠠᠭᠤᠯᠤᠨ ᠨᠠᠶᠢᠳᠠᠪᠤᠷᠢᠵᠢᠭᠤᠯᠬᠤ | ᠶᠠᠪᠤᠳᠠᠯ ᠪᠣᠯᠣᠨ᠎ᠠ᠃ ︽ᠮᠢᠩᠭᠠᠨ ᠣᠨ ᠤ ᠶᠡᠭᠡ ᠪᠣᠳᠣᠯᠭ᠎ᠠ︾ ᠶᠢᠨ ᠲᠣᠭᠲᠠᠯ ᠬᠦᠴᠦᠨ ᠲᠠᠢ ᠪᠠᠶᠢᠵᠤ᠂ ᠰᠢᠶᠦ᠋ᠩ | ᠠᠨ ᠰᠢᠨ᠎ᠡ ᠲᠣᠭᠤᠷᠢᠭ ᠤᠨ ᠴᠢᠳᠠᠮᠵᠢ ᠶᠢᠨ ᠪᠠᠶᠢᠷᠢ ᠲᠣᠭᠲᠠᠭᠠᠯᠲᠠ ᠪᠠ ᠲᠡᠦᠬᠡᠲᠦ ᠡᠭᠦᠷᠭᠡ ᠬᠠᠷᠢᠭᠤᠴᠠᠯᠭ᠎ᠠ ᠶᠢ | ᠪᠠᠲᠤ ᠡᠵᠡᠮᠳᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠤᠷᠳᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ᠃ ︽ | ᠥᠷᠯᠥᠭᠡ ᠦᠳᠡᠰᠢ ᠶᠢ ᠲᠡᠮᠡᠴᠡᠬᠦ︾ ᠡᠷᠴᠢ ᠵᠣᠷᠢᠭ ᠲᠠᠢ ᠪᠠᠶᠢᠵᠤ᠂ ᠨᠢᠭᠡᠨᠲᠡ ᠲᠣᠳᠣᠷᠬᠠᠢ ᠪᠣᠯᠤᠭᠰᠠᠨ᠂ ᠡᠷᠬᠡᠪᠰᠢ | ᠬᠢᠬᠦ ᠴᠢᠬᠤᠯᠠᠲᠠᠢ ᠶᠠᠪᠤᠳᠠᠯ ᠢ ᠴᠢᠩᠭ᠎ᠠ ᠠᠳᠬᠤᠵᠤ᠂ ᠬᠦᠯᠢᠶᠡᠬᠦ ᠦᠭᠡᠢ ᠤᠳᠠᠭᠠᠰᠢᠷᠠᠭᠤᠯᠬᠤ ᠦᠭᠡᠢ᠂ ᠱᠠᠯᠠᠮᠠᠭᠠᠶᠢᠯᠠᠨ | ᠠᠵᠢᠯᠯᠠᠵᠤ᠂ ᠪᠡᠭᠡᠵᠢᠩ ᠤᠨ ᠨᠡᠶᠢᠰᠯᠡᠯ ᠤᠨ ᠪᠤᠰᠤ ᠴᠢᠳᠠᠮᠵᠢ ᠶᠢ ᠲᠠᠷᠬᠠᠭᠠᠨ ᠵᠣᠬᠢᠴᠠᠭᠤᠯᠬᠤ ᠶᠢ ᠲᠦᠷᠭᠡᠪᠴᠢᠯᠡᠨ | ᠵᠣᠯᠭᠠᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠠᠶᠢᠭᠤᠯᠵᠤ᠂ ᠡᠯ᠎ᠡ ᠲᠠᠯ᠎ᠠ ᠶᠢᠨ ᠢᠳᠡᠪᠬᠢᠵᠢᠯ ᠢ | ᠭᠦᠢᠴᠡᠳ ᠪᠠᠳᠠᠷᠠᠭᠤᠯᠵᠤ᠂ ᠡᠯ᠎ᠡ ᠵᠦᠢᠯ ᠤᠨ ᠠᠵᠢᠯ ᠤᠨ ᠲᠠᠰᠤᠷᠠᠯᠲᠠ ᠦᠭᠡᠢ ᠰᠢᠨ᠎ᠡ ᠠᠬᠢᠴᠠ ᠲᠠᠢ ᠪᠣᠯᠬᠤ ᠶᠢ | ᠠᠬᠢᠭᠤᠯᠬᠤ ᠬᠡᠷᠡᠭᠲᠡᠢ ᠭᠡᠵᠦ ᠢᠯᠡᠳᠬᠡᠪᠡ᠃ | ᠳ᠋ᠢᠩ ᠰᠢᠤᠸᠠᠢ ᠰᠢᠶᠠᠩ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠪᠠᠷ | ᠰᠢᠶᠦ᠋ᠩ ᠠᠨ ᠰᠢᠨ᠎ᠡ ᠲᠣᠭᠤᠷᠢᠭ ᠤᠨ ᠴᠢᠨᠠᠷ ᠰᠠᠶᠢᠲᠠᠢ ᠪᠦᠲᠦᠭᠡᠨ ᠪᠠᠶᠢᠭᠤᠯᠤᠯᠲᠠ ᠪᠠ ᠬᠥᠭᠵᠢᠯᠲᠡ ᠶᠢᠨ ᠦᠨᠳᠦᠰᠦ | ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠪᠠ ᠤᠤᠭᠠᠯ ᠰᠢᠨ᠎ᠡ ᠶᠢ ᠡᠭᠦᠳᠬᠦ ᠴᠢᠬᠤᠯᠠ ᠭᠤᠯᠣᠮᠲᠠ ᠶᠢ | ᠬᠦᠴᠦᠯᠡᠨ ᠪᠠᠶᠢᠭᠤᠯᠵᠤ᠂ ᠲᠡᠷᠢᠭᠦᠨ ᠤ ᠰᠢᠨ᠎ᠡ ᠶᠢ ᠡᠭᠦᠳᠬᠦ ᠲᠠᠪᠴᠠᠩ ᠢ ᠪᠠᠶᠢᠭᠤᠯᠵᠤ᠂ ᠥᠨᠳᠥᠷ ᠲᠦᠪᠰᠢᠨ ᠪᠦᠬᠦᠢ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠥᠷᠨᠢᠭᠦᠯᠬᠦ ᠭᠡᠷᠡᠭᠲᠡᠢ︔ ᠰᠢᠨ᠎ᠡ ᠶᠢ ᠡᠭᠦᠳᠬᠦ | ᠬᠡᠯᠬᠢᠶ᠎ᠡ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ ᠬᠦᠴᠦᠯᠡᠨ ᠠᠬᠢᠭᠤᠯᠵᠤ᠂ ᠠᠵᠤ | ᠦᠢᠯᠡᠰ ᠤᠨ ᠬᠡᠯᠬᠢᠶ᠎ᠡ ᠶᠢᠨ ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠶᠢ ᠪᠠᠶᠢᠷᠢᠯᠠᠭᠤᠯᠤᠨ᠂ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠡᠷᠴᠢᠮ ᠢ ᠴᠢᠩᠭᠠᠷᠠᠭᠤᠯᠵᠤ᠂ ᠳᠡᠭᠡᠳᠦ | ᠰᠢᠨ᠎ᠡ ᠮᠡᠷᠭᠡᠵᠢᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠭᠡᠷᠡᠭᠳᠠᠢ︔ ᠪᠡᠭᠡᠵᠢᠩ ᠲᠢᠶᠠᠨᠵᠢᠨ | ᠾᠧᠪᠧᠢ ᠶᠢᠨ ᠬᠠᠮᠵᠢᠯᠴᠠᠨ ᠰᠢᠨ᠎ᠡ ᠶᠢ ᠡᠭᠦᠳᠬᠦ ᠬᠠᠮᠲᠤ ᠶᠢᠨ ᠴᠣᠭᠴᠠ ᠶᠢ ᠬᠦᠴᠦᠯᠡᠨ ᠪᠠᠶᠢᠭᠤᠯᠵᠤ᠂ ᠠᠰᠢᠭ | ᠲᠤᠰᠠ ᠶᠢ ᠬᠠᠮᠲᠤ ᠪᠠᠷ ᠡᠳ᠋ᠯᠡᠬᠦ ᠵᠠᠭᠪᠤᠷ ᠤᠨ ᠰᠢᠨ᠎ᠡ ᠶᠢ ᠡᠭᠦᠳᠴᠦ᠂ ᠰᠢᠨ᠎ᠡ ᠶᠢ ᠡᠭᠦᠳᠬᠦ ᠨᠡᠩ ᠤᠯᠠᠨ | ᠡᠯᠧᠮᠧᠨ᠋ᠲ ᠤᠨ ᠡᠬᠢ ᠪᠠᠶᠠᠯᠢᠭ ᠢ ᠰᠢᠩᠭᠡᠬᠡᠨ ᠠᠪᠬᠤ ᠪᠠ ᠲᠥᠪᠯᠡᠷᠡᠭᠦᠯᠵᠦ ᠪᠠᠶᠢᠭᠠᠳ ᠰᠢᠶᠦ᠋ᠩ ᠠᠨ ᠰᠢᠨ᠎ᠡ | ᠲᠣᠭᠤᠷᠢᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠣᠷᠣᠯᠴᠠᠭᠤᠯᠬᠤ ᠬᠡᠷᠡᠭᠲᠡᠢ ᠭᠡᠵᠦ ᠢᠯᠡᠳᠬᠡᠪᠡ᠃ | ᠯᠢ ᠭᠠᠨ ᠵᠢᠶᠧ᠂ ᠾᠧ ᠯᠢ ᠹᠧᠩ ᠨᠠᠷ ᠪᠠᠷ᠎ᠠ ᠪᠣᠯᠵᠤ ᠰᠢᠨᠵᠢᠯᠡᠨ ᠪᠠᠶᠢᠴᠠᠭᠠᠭᠰᠠᠨ ᠪᠥᠭᠡᠳ ᠶᠠᠷᠢᠯᠴᠠᠬᠤ | ᠬᠤᠷᠠᠯ ᠳᠤ ᠣᠷᠣᠯᠴᠠᠵᠤ᠂ ᠦ᠋ ᠵᠧᠩ ᠯᠦᠩ᠂ ᠮᠦ ᠬᠤᠩ᠂ ᠵᠢᠶᠠᠩ ᠰᠢᠨ ᡁᠢ ᠵᠢᠴᠢ ᠲᠥᠪ ᠤᠨ ᠪᠠ ᠲᠥᠷᠥ ᠶᠢᠨ | ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠴᠡᠷᠢᠭ ᠠᠩᠭᠢ ᠶᠢᠨ ᠬᠤᠯᠪᠣᠭᠳᠠᠯ ᠪᠦᠬᠦᠢ ᠨᠢᠭᠡᠴᠢ᠂ | ᠾᠧᠪᠧᠢ ᠮᠤᠵᠢ᠂ ᠰᠢᠶᠦ᠋ᠩ ᠠᠨ ᠰᠢᠨ᠎ᠡ ᠲᠣᠭᠤᠷᠢᠭ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠥᠬᠦᠳ ᠶᠠᠷᠢᠯᠴᠠᠬᠤ ᠬᠤᠷᠠᠯ ᠳᠤ ᠣᠷᠣᠯᠴᠠᠵᠠᠢ᠃ |