ᠤᠯᠠᠭᠠᠨᠴᠠᠪ ᠬᠤᠲᠠ ᠶᠢᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠤᠭᠰᠠᠨ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶
ᠨᠡᠶᠢᠲᠡᠯᠡᠭᠰᠡᠨ ᠴᠠᠭ᠄
2023/5/31
ᠤᠯᠠᠭᠠᠨᠴᠠᠪ ᠵᠠᠰᠠᠭ ᠠᠯᠪᠠᠨ ᠲᠠᠷᠬᠠᠭᠠᠭᠰᠠᠨ 〔2023〕8 ᠳ᠋ᠤᠭᠠᠷ ᠲᠣᠭᠠᠲᠤ     ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄     ︽ᠤᠯᠠᠭᠠᠨᠴᠠᠪ ᠬᠤᠲᠠ ᠶᠢᠨ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃                                    2023 ᠣᠨ ᠤ 3 ᠰᠠᠷ᠎ᠠ ᠶᠢᠨ 6 ᠤ ᠡᠳᠦᠷ                                   ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ᠤᠯᠠᠭᠠᠨᠴᠠᠪ ᠬᠤᠲᠠ ᠶᠢᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠤᠭᠰᠠᠨ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶     ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠦᠯᠬᠢᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ ᠠᠵᠤ ᠠᠬᠤᠢ︾ ᠶᠢ ᠬᠥᠭᠵᠢᠭᠦᠯᠬᠦ ᠶᠢᠨ ᠲᠣᠭᠤᠷᠢᠨ ᠳᠤ᠂ ︽ᠨᠢᠭᠡ ᠲᠣᠭᠤᠷᠢᠭ ᠬᠤᠶᠠᠷ ᠬᠦᠢᠰᠦ ᠭᠤᠷᠪᠠᠨ ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠡᠯ᠎ᠡ ᠲᠥᠷᠥᠯ ᠤᠨ ᠬᠠᠮᠲᠤᠯᠢᠭ ᠤᠨ ᠠᠵᠢᠯ ᠣᠯᠵᠤ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠮᠠᠨ ᠤ ᠬᠤᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠬᠡᠮᠵᠢᠶ᠎ᠡ ᠶᠢ ᠲᠣᠭᠲᠠᠭᠠᠪᠠ᠃     ᠨᠢᠭᠡ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠶᠢ ᠳᠡᠮᠵᠢᠨ᠎ᠡ     1. ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ ᠡᠵᠡᠩᠨᠡᠯᠲᠡ ᠶᠢ ᠡᠷᠭᠢᠯᠡᠵᠦ ᠪᠠᠶᠢᠭ᠎ᠠ ᠮᠥᠷᠲᠡᠭᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠵᠤ ᠦᠢᠯᠡᠳᠪᠦᠷᠢ ᠬᠤᠳᠠᠯᠳᠤᠭ᠎ᠠ ᠶᠢᠨ ᠪᠦᠷᠢᠳᠬᠡᠨ ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠲᠠᠢ ᠪᠣᠯᠤᠭᠰᠠᠨ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ ᠲᠤ 5000 ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠤᠰᠬᠠᠬᠤ ᠨᠥᠬᠦᠪᠦᠷᠢ ᠣᠯᠭᠤᠨ᠎ᠠ᠃     2. ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯ ᠴᠣᠭᠴᠠ ᠪᠣᠯᠭᠠᠭᠰᠠᠨ᠂ ᠦᠢᠯᠡᠰ ᠪᠤᠰᠬᠠᠬᠤ ᠬᠦᠰᠡᠯ ᠲᠠᠢ ᠪᠠ ᠦᠢᠯᠡᠰ  ᠪᠤᠰᠬᠠᠬᠤ ᠴᠢᠳᠠᠪᠤᠷᠢ ᠲᠠᠢ ᠵᠠᠯᠠᠭᠤ ᠦᠢᠯᠡᠰ ᠪᠤᠰᠬᠠᠭᠰᠡᠳ ᠲᠤ᠂ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠠᠴᠠ ᠥᠯᠥ ᠬᠡᠲᠦᠷᠡᠬᠦ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠭᠤᠶᠤᠴᠢᠯᠠᠵᠤ ᠪᠣᠯᠣᠨ᠎ᠠ᠂ 20 ᠲᠦᠮᠡᠨ ᠲᠥᠭᠦᠷᠢᠭ ᠠᠴᠠ ᠳᠠᠪᠠᠭᠰᠠᠨ ᠳᠠᠮ ᠬᠦᠦ ᠶᠢᠨ ᠪᠡᠯᠡ ᠮᠥᠩᠭᠦ ᠶᠢ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠬᠤᠰᠢᠭᠤ ᠰᠢᠶᠠᠨ ᠬᠤᠲᠠ ᠲᠣᠭᠤᠷᠢᠭ ᠠᠴᠠ ᠡᠭᠦᠷᠭᠡᠯᠡᠵᠦ᠂ ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ︔10 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ ᠬᠥᠮᠥᠨ ᠤ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠨᠢ ᠬᠠᠮᠢᠶ᠎ᠠ ᠪᠦᠬᠦᠢ ᠨᠥᠬᠦᠴᠡᠯ ᠳᠤ ᠨᠡᠶᠢᠴᠡᠪᠡᠯ᠂ ᠵᠠᠷᠴᠢᠮ ᠳᠡᠭᠡᠷ᠎ᠡ ᠪᠠᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ ᠬᠡᠯᠲᠦᠷᠢᠭᠦᠯᠦᠨ᠎ᠡ᠃     3. ᠲᠡᠭᠦᠰᠦᠭᠡᠳ 5 ᠵᠢᠯ ᠪᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠦᠢᠯᠡᠰ ᠪᠤᠰᠬᠠᠬᠤ ᠨᠡᠪᠴᠢᠭᠦᠯᠬᠦ ᠰᠠᠭᠤᠷᠢᠨ ᠭᠠᠵᠠᠷ ᠲᠤ ᠨᠡᠪᠴᠢᠭᠦᠯᠦᠭᠰᠡᠨ ᠤ ᠳᠠᠷᠠᠭ᠎ᠠ᠂ ᠵᠢᠯ ᠪᠦᠷᠢ 30 ᠰᠢᠯᠢᠳᠡᠭ ᠦᠢᠯᠡᠰ ᠪᠤᠰᠬᠠᠬᠤ ᠲᠥᠷᠥᠯ ᠵᠦᠢᠯ ᠢ ᠰᠢᠯᠭᠠᠷᠠᠭᠤᠯᠵᠤ᠂ 3 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠤᠰᠬᠠᠬᠤ ᠱᠠᠩᠨᠠᠯ ᠣᠯᠭᠤᠵᠤ᠂ ᠬᠡᠷᠡᠭᠰᠡᠬᠦ ᠪᠡᠯᠡ ᠮᠥᠩᠭᠦ ᠶᠢ ᠬᠤᠲᠠ᠂ ᠰᠢᠶᠠᠨ ᠬᠤᠶᠠᠷ ᠱᠠᠲᠤᠨ ᠤ ᠡᠳ᠋ ᠤᠨ ᠵᠠᠰᠠᠭ  ᠠᠴᠠ 3᠄ 7 ᠶᠢᠨ ᠬᠠᠷᠢᠴᠠᠯ ᠢᠶᠠᠷ ᠡᠭᠦᠷᠭᠡᠯᠡᠨ᠎ᠡ᠃     ᠬᠤᠶᠠᠷ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠣᠰᠬᠠᠬᠤ ᠣᠷᠴᠢᠨ ᠲᠣᠭᠤᠷᠢᠨ ᠢ ᠰᠢᠯᠢᠳᠡᠭᠵᠢᠭᠦᠯᠬᠦ ᠬᠡᠷᠡᠭᠲᠡᠢ     4. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠳᠤ ︽ᠰᠠᠭᠠᠳ ᠦᠭᠡᠢ ᠨᠡᠪᠲᠡᠷᠡᠬᠦ ᠵᠠᠮ︾ ᠨᠡᠭᠡᠭᠡᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠤᠰᠬᠠᠬᠤ ᠳᠤ ᠵᠢᠵᠢᠭ ᠪᠢᠴᠢᠯ ᠠᠵᠤ ᠠᠬᠤᠶᠢᠯᠠᠯ  ᠤᠨ ᠡᠭᠦᠳᠦᠨ ᠡᠷᠬᠢᠯᠡᠬᠦ ᠶᠢ ᠲᠡᠳᠬᠦᠬᠦ ᠲᠥᠷᠥ ᠶᠢᠨ ᠪᠣᠳᠣᠯᠭ᠎ᠠ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ ᠰᠦᠢᠳᠬᠡᠯ ᠬᠤᠷᠢᠶᠠᠬᠤ ᠦᠭᠡᠢ ᠪᠠᠷ ᠲᠡᠳᠬᠦᠬᠦ᠂ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠪᠠᠷ ᠲᠡᠳᠬᠦᠬᠦ ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠭᠠᠷᠳᠠᠮ ᠢ ᠨᠢ ᠳᠥᠭᠦᠮᠴᠢᠯᠡᠨ᠂ ᠤᠴᠢᠷ ᠶᠠᠪᠤᠳᠠᠯ  ᠢ ᠲᠦᠷᠭᠡᠨ ᠭᠦᠢᠴᠡᠳᠬᠡᠨ᠂ ᠦᠢᠯᠡᠴᠢᠯᠡᠭᠡ ᠶᠢ ᠨᠢ ᠰᠢᠯᠢᠳᠡᠭᠵᠢᠭᠦᠯᠦᠨ᠎ᠡ᠃     5. ᠡᠯ᠎ᠡ ᠭᠠᠵᠠᠷ ᠤᠨ ᠦᠢᠯᠡᠰ ᠪᠤᠰᠬᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠨᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠤᠰᠬᠠᠬᠤ ᠲᠤᠰᠬᠠᠢ ᠲᠣᠭᠤᠷᠢᠭ ᠪᠠᠶᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠵᠠᠰᠠᠭ ᠤᠨ ᠣᠷᠳᠣᠨ ᠢᠶᠠᠷ ᠭᠤᠣᠯᠯᠠᠭᠤᠯᠤᠨ ᠪᠠᠶᠢᠭᠤᠯᠤᠭᠰᠠᠨ ᠦᠢᠯᠡᠰ ᠪᠤᠰᠬᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠳᠤ ᠣᠷᠣᠵᠤ ᠰᠠᠭᠤᠭᠰᠠᠨ ᠪᠠᠶᠢᠪᠠᠯ᠂ 3 ᠵᠢᠯ ᠤᠨ ᠲᠦᠷᠢᠶᠡᠰᠦᠨ ᠮᠥᠩᠭᠦ ᠵᠡᠷᠭᠡ ᠵᠠᠷᠤᠳᠠᠯ ᠢ ᠬᠠᠰᠤᠵᠤ ᠬᠡᠯᠲᠦᠷᠢᠭᠦᠯᠦᠨ᠎ᠡ︔ ᠳᠡᠭᠡᠳᠦ ᠰᠤᠷᠭᠠᠭᠤᠯᠢ ᠲᠡᠭᠦᠰᠦᠭᠰᠡᠳ ᠠᠷᠠᠳ ᠤᠨ ᠣᠷᠣᠨ ᠰᠠᠭᠤᠴᠠ᠂ ᠡᠷᠡᠭᠦᠯᠵᠢᠯ ᠰᠤᠪᠢᠯᠠᠯᠲᠠ ᠵᠡᠷᠭᠡ ᠣᠨᠴᠠᠯᠢᠭᠲᠤ ᠠᠵᠢᠯ ᠲᠥᠷᠥᠯ ᠳᠤ ᠦᠢᠯᠡᠰ ᠪᠤᠰᠬᠠᠵᠤ ᠰᠢᠨ᠎ᠡ ᠶᠢ ᠡᠭᠦᠳᠦᠭᠰᠡᠨ ᠪᠠᠶᠢᠪᠠᠯ᠂ ᠡᠯ᠎ᠡ ᠭᠠᠵᠠᠷ ᠤᠨ ᠬᠢᠨ ᠭᠠᠵᠠᠷ ᠰᠢᠷᠣᠢ ᠶᠢ ᠡᠷᠭᠢᠯᠳᠦᠭᠦᠯᠬᠦ᠂ ᠰᠤᠯᠠ ᠲᠠᠯᠪᠢᠵᠤ ᠪᠠᠶᠢᠭ᠎ᠠ ᠭᠠᠵᠠᠷ ᠰᠢᠷᠣᠢ ᠶᠢ ᠴᠢᠯᠦᠭᠡᠲᠡᠢ ᠪᠣᠯᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠦᠢᠯᠡᠰ ᠪᠤᠰᠬᠠᠬᠤ ᠳᠤ ᠬᠡᠷᠡᠭᠯᠡᠬᠦ ᠭᠠᠵᠠᠷ ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠡ᠃     ᠭᠤᠷᠪᠠ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠡᠷᠴᠢᠮ ᠢ ᠨᠡᠮᠡᠭᠳᠡᠭᠦᠯᠦᠨ᠎ᠡ     6. ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠤᠰᠬᠠᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ ᠂ ᠦᠢᠯᠡᠰ  ᠪᠤᠰᠬᠠᠬᠤ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ︽ᠥᠪᠡᠷ ᠤᠨ ᠠᠵᠤ ᠠᠬᠤᠶᠢᠯᠠᠯ ᠢᠶᠠᠨ ᠡᠭᠦᠳᠦᠨ ᠪᠠᠶᠢᠭᠤᠯᠬᠤ︾ ︽ᠥᠪᠡᠷ ᠤᠨ ᠠᠵᠤ ᠠᠬᠤᠶᠢᠯᠠᠯ ᠢᠶᠠᠨ ᠰᠠᠶᠢᠵᠢᠷᠠᠭᠤᠯᠬᠤ︾ ᠪᠣᠯᠪᠠᠰᠤᠷᠠᠭᠤᠯᠤᠯ ᠳᠤ ᠣᠷᠣᠯᠴᠠᠭᠠᠳ ᠬᠢᠷᠢ ᠲᠡᠩᠴᠡᠭᠰᠡᠳ ᠲᠤ ᠵᠠᠷᠴᠢᠮ ᠳᠡᠭᠡᠷ᠎ᠡ ᠪᠠᠨ ᠬᠥᠮᠥᠨ ᠪᠦᠷᠢ ᠳᠤ 1000 ᠲᠥᠭᠦᠷᠢᠭ ᠤᠨ ᠪᠣᠯᠪᠠᠰᠤᠷᠠᠭᠤᠯᠤᠯ ᠤᠨ ᠨᠥᠬᠦᠪᠦᠷᠢ ᠣᠯᠭᠤᠨ᠎ᠠ︔ ᠰᠦᠯᠵᠢᠶᠡᠨ ᠳᠡᠬᠡᠷᠡᠬᠢ ᠦᠢᠯᠡᠰ ᠪᠤᠰᠬᠠᠬᠤ ᠪᠣᠯᠪᠠᠰᠤᠷᠠᠭᠤᠯᠤᠯ᠂ ᠦᠢᠯᠡᠰ ᠪᠤᠰᠬᠠᠬᠤ ︵ᠳᠠᠭᠤᠷᠢᠶᠠᠮᠠᠯ︶ ᠳᠠᠳᠤᠯᠭ᠎ᠠ ᠪᠣᠯᠪᠠᠰᠤᠷᠠᠭᠤᠯᠤᠯ ᠳᠤ ᠣᠷᠣᠯᠴᠠᠭᠠᠳ ᠬᠢᠷᠢ ᠲᠡᠩᠴᠡᠭᠰᠡᠨ ᠪᠠᠶᠢᠪᠠᠯ᠂ ᠬᠥᠮᠥᠨ ᠪᠦᠷᠢ ᠳᠤ 1600 ︱ 2000 ᠲᠥᠭᠦᠷᠢᠭ ᠤᠨ ᠪᠣᠯᠪᠠᠰᠤᠷᠠᠭᠤᠯᠤᠯ ᠤᠨ ᠨᠥᠬᠦᠪᠦᠷᠢ ᠣᠯᠭᠤᠨ᠎ᠠ᠃     ᠳᠥᠷᠪᠡ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ ᠴᠢᠩᠭᠠᠷᠠᠭᠤᠯᠤᠨ᠎ᠡ     7. ᠳᠡᠭᠡᠳᠦ ᠰᠤᠷᠭᠠᠭᠤᠯᠢ ᠲᠡᠭᠦᠰᠦᠭᠰᠡᠳ ᠤᠨ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯᠳᠡᠨ ᠡᠯᠰᠡᠨ ᠬᠦᠷᠢᠶᠡᠯᠡᠩ ᠲᠣᠭᠤᠷᠢᠭ ᠲᠤ ᠣᠷᠣᠭᠤᠯᠬᠤ᠂ ᠠᠵᠤ ᠠᠬᠤᠶᠢᠯᠠᠯ ᠳᠤ ᠣᠷᠣᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ ᠠᠬᠤᠶᠢᠯᠠᠯ ᠢ ᠰᠤᠷᠪᠤᠯᠵᠢᠯᠠᠵᠤ ᠠᠵᠢᠯᠳᠡᠨ ᠡᠷᠢᠬᠦ ᠶᠢ ᠴᠢᠩᠭᠠᠷᠠᠭᠤᠯᠤᠨ᠂ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ ᠲᠠᠪᠴᠠᠩ ᠢ ᠪᠠᠶᠢᠭᠤᠯᠵᠤ᠂ ᠠᠵᠢᠯᠴᠢᠨ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠴᠢᠩᠭᠠᠷᠠᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ ᠵᠠᠯᠠᠭᠤᠴᠤᠳ ᠤᠨ ᠠᠵᠢᠯ ᠤᠨ ᠪᠠᠶᠢᠷᠢ ᠶᠢ ᠭᠦᠢᠴᠡᠳ ᠠᠭᠤᠳᠠᠯᠵᠤ᠂ ᠬᠤᠲᠠ ᠶᠢᠨ ᠬᠠᠷᠢᠶᠠᠲᠤ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠺᠷᠠᠶᠢᠨ ᠳᠤ ᠦᠯᠡᠳᠡᠨ ᠠᠵᠢᠯ ᠣᠯᠬᠤ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃     8. ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠢᠯᠡᠴᠢᠯᠡᠭᠡᠨ ᠤ ᠪᠣᠭᠤᠮᠲᠠ ᠰᠢᠪᠲᠤᠯᠬᠤ  ᠶᠢ ᠬᠡᠷᠡᠭᠵᠢᠭᠦᠯᠵᠦ᠂ ᠬᠦᠴᠢᠷᠳᠡᠯ ᠲᠠᠢ ᠲᠡᠭᠦᠰᠬᠦ ᠰᠤᠷᠤᠭᠴᠢᠳ ᠲᠤ ᠬᠤᠣᠰᠯᠠᠯ ᠪᠠᠶᠢᠭᠤᠯᠤᠨ ᠬᠠᠪᠰᠤᠷᠤᠨ ᠲᠡᠳᠬᠦᠬᠦ ᠠᠵᠢᠯᠯᠠᠭ᠎ᠠ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠣᠭᠰᠠᠨ ᠪᠠᠶᠢᠳᠠᠯ ᠤᠨ ᠲᠤᠬᠠᠢ ᠪᠠᠶᠢᠳᠠᠯ ᠢ ᠣᠶᠢᠯᠠᠭᠠᠨ ᠪᠠᠶᠢᠴᠠᠭᠠᠨ ᠰᠤᠳᠤᠯᠤᠯᠲᠠ ᠬᠢᠵᠦ᠂ ᠲᠡᠳᠡᠨ ᠤ ᠠᠵᠢᠯ ᠣᠯᠵᠤ  ᠦᠢᠯᠡᠰ ᠪᠤᠰᠬᠠᠬᠤ ᠬᠦᠰᠡᠯ ᠡᠷᠡᠮᠡᠯᠵᠡᠯ᠂ ᠠᠵᠢᠯ ᠣᠯᠭᠤᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠢ ᠪᠠᠷ ᠡᠵᠡᠮᠰᠢᠨ᠂ ᠦᠨᠡᠨ ᠨᠡᠷ᠎ᠡ ᠶᠢᠨ ᠳᠦᠷᠢᠮ ᠤᠨ ᠡᠬᠡ ᠲᠠᠩᠰᠠ ᠪᠠᠶᠢᠭᠤᠯᠵᠤ᠂ ᠮᠥᠷᠳᠡᠨ ᠦᠢᠯᠡᠴᠢᠯᠡᠵᠦ᠂ ︽ᠨᠢᠭᠡ ᠬᠥᠮᠥᠨ ᠳᠤ ᠨᠢᠭᠡ ᠪᠣᠳᠣᠯᠭ᠎ᠠ ᠬᠡᠷᠡᠭᠵᠢᠭᠦᠯᠬᠦ︾ ᠶᠢ ᠬᠡᠷᠡᠭᠵᠢᠭᠦᠯᠦᠨ᠂ ︽ᠨᠢᠭᠡ ᠳᠤ ᠨᠢᠭᠡ︾ ᠶᠢᠨ ᠠᠵᠢᠯ ᠣᠯᠭᠤᠬᠤ ᠦᠢᠯᠡᠴᠢᠯᠡᠭᠡᠨ ᠤ ᠬᠠᠪᠰᠤᠷᠤᠨ ᠲᠡᠳᠬᠦᠬᠦ ᠶᠢ ᠥᠷᠨᠢᠭᠦᠯᠵᠦ᠂ ᠠᠵᠢᠯ ᠣᠯᠬᠤ ᠬᠦᠰᠡᠯ ᠰᠠᠨᠠᠭ᠎ᠠ ᠲᠠᠢ ᠲᠡᠭᠦᠰᠦᠭᠰᠡᠳ ᠲᠤ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠠᠵᠢᠯ ᠮᠡᠷᠭᠡᠵᠢᠯ ᠤᠨ ᠵᠢᠯᠣᠭᠤᠳᠤᠯᠭ᠎ᠠ᠂ 3 ᠤᠳᠠᠭ᠎ᠠ ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ 1 ᠤᠳᠠᠭ᠎ᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠤᠶᠤ ᠠᠵᠢᠯ ᠣᠯᠬᠤ ᠳᠠᠳᠤᠯᠭ᠎ᠠ ᠶᠢᠨ ᠲᠣᠬᠢᠶᠠᠯ ᠬᠠᠩᠭᠠᠨ᠎ᠡ᠃     ᠲᠠᠪᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠳᠠᠳᠤᠯᠭ᠎ᠠ ᠶᠢ ᠥᠷᠨᠢᠭᠦᠯᠦᠨ᠎ᠡ     9᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠵᠢᠴᠢ ᠣᠨᠴᠠᠯᠢᠭᠲᠤ ᠵᠤᠭᠠᠴᠠᠯ ᠤᠨ ᠠᠷᠠᠳ ᠤᠨ ᠣᠷᠣᠨ ᠰᠠᠭᠤᠴᠠ ᠵᠡᠷᠭᠡ ᠠᠵᠢᠯ ᠲᠦᠷᠦᠯ ᠢ ᠵᠠᠯᠠᠭᠤᠴᠤᠳ ᠤᠨ ᠳᠠᠳᠤᠯᠭ᠎ᠠ ᠶᠢᠨ ᠰᠠᠭᠤᠷᠢᠨ ᠢ ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠪᠣᠯᠣᠨ 16—24 ᠨᠠᠰᠤᠨ ᠤ ᠠᠵᠢᠯ ᠠᠯᠳᠠᠭᠰᠠᠨ ᠵᠠᠯᠠᠭᠤᠴᠤᠳ 3 — 12 ᠰᠠᠷ᠎ᠠ ᠶᠢᠨ ᠠᠵᠢᠯ ᠣᠯᠬᠤ ᠳᠠᠳᠤᠯᠭ᠎ᠠ ᠳᠤ ᠣᠷᠣᠯᠴᠠᠪᠠᠯ᠂ ᠲᠣᠭᠲᠠᠭᠠᠯ ᠶᠣᠰᠣᠭᠠᠷ ᠠᠵᠢᠯ ᠣᠯᠬᠤ ᠳᠠᠳᠤᠯᠭ᠎ᠠ ᠶᠢᠨ ᠨᠥᠬᠦᠪᠦᠷᠢ ᠣᠯᠭᠤᠨ᠎ᠠ᠂ ᠨᠥᠬᠦᠪᠦᠷᠢ ᠶᠢᠨ ᠪᠠᠷᠢᠮᠵᠢᠶ᠎ᠠ ᠶᠢ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ 50% ᠪᠠᠶᠢᠯᠭᠠᠵᠤ᠂ ᠳᠠᠳᠤᠯᠭ᠎ᠠ ᠶᠢᠨ ᠬᠤᠭᠤᠴᠠᠭ᠎ᠠ ᠨᠢ ᠬᠦᠷᠦᠭᠡᠳ ᠦᠯᠡᠳᠡᠭᠡᠨ ᠬᠡᠷᠡᠭᠯᠡᠬᠦ ᠨᠤᠷᠮ᠎ᠠ ᠨᠢ 50%  ᠠᠴᠠ ᠳᠡᠭᠡᠭᠰᠢ ᠳᠤ ᠬᠥᠷᠥᠭᠰᠡᠨ ᠨᠢᠭᠡᠴᠡ ᠳᠤ ᠨᠥᠬᠦᠪᠦᠷᠢ ᠶᠢᠨ ᠪᠠᠷᠢᠮᠵᠢᠶ᠎ᠠ ᠶᠢ 60% ᠬᠦᠷᠲᠡᠯ᠎ᠡ ᠳᠡᠭᠡᠭᠰᠢᠯᠡᠭᠦᠯᠦᠨ᠎ᠡ᠃     ᠵᠢᠷᠭᠤᠭ᠎ᠠ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠶᠠᠰᠤ ᠴᠢᠨᠠᠷ ᠢ ᠳᠡᠭᠡᠭᠰᠢᠯᠡᠭᠦᠯᠦᠨ᠎ᠡ     10᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠪᠠ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ ᠪᠠᠴᠢᠮ ᠬᠡᠷᠡᠭᠴᠡᠭᠡ ᠲᠠᠢ ᠠᠵᠢᠯ ᠮᠡᠷᠭᠡᠵᠢᠯ ︵ᠠᠵᠢᠯ ᠲᠥᠷᠥᠯ︶ ᠪᠠ ᠠᠷᠠᠳ ᠤᠨ ᠣᠷᠣᠨ ᠰᠠᠭᠤᠴᠠ᠂ ᠡᠷᠡᠭᠦᠯᠵᠢᠯ ᠰᠤᠪᠢᠯᠠᠯᠲᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠴᠡᠭᠡ ᠶᠢᠨ ᠲᠣᠭᠤᠷᠢᠨ ᠳᠤ᠂ ᠶᠡᠭᠡ ᠬᠡᠪᠴᠢᠶᠡᠨ ᠤ᠂ ᠴᠢᠨᠠᠷ ᠰᠠᠶᠢᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠬᠤ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠤᠨ ᠲᠣᠰ ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠪᠣᠯᠪᠠᠰᠤᠷᠠᠭᠤᠯᠤᠯ ᠬᠢᠬᠦ ᠶᠢ ᠵᠣᠷᠢᠭᠵᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ ᠨᠥᠬᠦᠪᠦᠷᠢ ᠶᠢ ᠨᠠᠶᠢᠳᠠᠪᠤᠷᠢᠵᠢᠭᠤᠯᠤᠨ᠎ᠠ︔ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠠᠵᠢᠯ ᠳᠤ ᠪᠠᠶᠢᠭ᠎ᠠ ᠠᠵᠢᠯᠲᠠᠨ ᠠᠵᠢᠯᠴᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ ᠪᠠᠶᠢᠪᠠᠯ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ ᠨᠥᠬᠦᠪᠦᠷᠢ ᠣᠯᠭᠤᠨ᠎ᠠ᠄ ᠠᠩᠬ᠎ᠠ ᠵᠡᠷᠭᠡ ᠶᠢᠨ ︵ᠲᠠᠪᠤᠳᠤᠭᠠᠷ ᠲᠠᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠮᠡᠷᠭᠡᠵᠢᠯ ᠴᠢᠳᠠᠪᠤᠷᠢ ᠶᠢᠨ ᠲᠠᠰ ᠤᠨ ᠦᠨᠡᠮᠯᠡᠯ ᠢ ᠬᠥᠮᠥᠨ ᠪᠦᠷᠢ 1000 ᠲᠥᠭᠦᠷᠢᠭ ᠣᠯᠵᠤ᠂ ᠳᠤᠮᠳᠠ ᠵᠡᠷᠭᠡ ᠶᠢᠨ ︵ᠳᠥᠷᠪᠡᠳᠦᠭᠡᠷ ᠲᠠᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠮᠡᠷᠭᠡᠵᠢᠯ ᠴᠢᠳᠠᠪᠤᠷᠢ ᠶᠢᠨ ᠲᠠᠰ ᠤᠨ ᠦᠨᠡᠮᠯᠡᠯ ᠢ ᠬᠥᠮᠥᠨ ᠪᠦᠷᠢ 1500 ᠲᠥᠭᠦᠷᠢᠭ ᠣᠯᠭᠤᠵᠤ᠂ ᠳᠡᠭᠡᠳᠦ ᠵᠡᠷᠭᠡ ᠶᠢᠨ ︵ᠭᠤᠷᠪᠠᠳᠤᠭᠠᠷ ᠳᠡᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠮᠡᠷᠭᠡᠵᠢᠯ ᠴᠢᠳᠠᠪᠤᠷᠢ ᠶᠢᠨ ᠲᠠᠰ ᠤᠨ ᠦᠨᠡᠮᠯᠡᠯ ᠢ ᠬᠥᠮᠥᠨ ᠪᠦᠷᠢ 2000 ᠲᠥᠭᠦᠷᠢᠭ ᠣᠯᠭᠤᠨ᠎ᠠ᠃     ᠲᠤᠯᠤᠭ᠎ᠠ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ  ᠤᠨ ᠦᠢᠯᠡᠰ ᠪᠤᠰᠬᠠᠵᠤ ᠠᠵᠢᠯ ᠣᠯᠬᠤ ᠶᠢ ᠵᠤᠷᠢᠭᠵᠢᠭᠤᠯᠤᠨ᠎ᠡ     11. ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠬᠤᠪᠢ ᠶᠢᠨ ᠡᠵᠡᠩᠨᠡᠯᠲᠡ ᠬᠢᠵᠦ ᠪᠠᠶᠢᠪᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠡᠩᠰᠡᠯᠡᠨ ᠲᠡᠮᠳᠡᠭᠯᠡᠭᠦᠯᠦᠭᠰᠡᠨ ᠲᠣᠰ ᠰᠠᠷ᠎ᠠ ᠠᠴᠠ ᠡᠬᠢᠯᠡᠨ᠂ 3 ᠵᠢᠯ ᠤᠨ ᠳᠣᠲᠣᠷ᠎ᠠ ︵36 ᠰᠠᠷ᠎ᠠ︶ ᠡᠷᠦᠬᠡ ᠪᠦᠷᠢ ᠳᠤ ᠵᠢᠯ ᠪᠦᠷᠢ 1.44 ᠲᠦᠮᠡᠨ ᠲᠥᠭᠦᠷᠢᠭ ᠤᠨ ᠬᠢᠵᠠᠭᠠᠷ ᠶᠣᠰᠣᠭᠠᠷ ᠲᠣᠰ ᠵᠢᠯ ᠤᠨ ᠪᠣᠳᠠᠲᠠᠢ ᠲᠤᠰᠢᠶᠠᠪᠠᠰᠤ ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃     12. ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢ ᠶᠢ ᠡᠯᠰᠡᠨ ᠬᠡᠷᠡᠭᠯᠡᠵᠦ᠂ ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠲᠡᠷᠡ ᠰᠠᠷ᠎ᠠ ᠠᠴᠠ ᠡᠬᠢᠯᠡᠨ᠂ 3 ᠵᠢᠯ ᠤᠨ ᠳᠣᠲᠣᠷ᠎ᠠ ᠡᠯᠰᠡᠨ ᠬᠡᠷᠡᠭᠯᠡᠭᠰᠡᠨ ᠬᠥᠮᠥᠨ ᠤ ᠲᠤᠭ᠎ᠠ ᠳᠤ ᠲᠣᠭᠲᠠᠭᠰᠠᠨ ᠲᠤᠭ᠎ᠠ ᠪᠠᠷ ᠦᠷᠳᠡᠭ ᠨᠡᠮᠡᠭᠳᠡᠯ ᠤᠨ ᠭᠠᠶᠢᠯᠢ᠂ ᠬᠤᠳᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠳᠠᠷᠠᠭᠠᠯᠠᠨ ᠬᠠᠰᠤᠨ᠎ᠠ᠂ ᠪᠠᠷᠢᠮᠵᠢᠶ᠎ᠠ ᠨᠢ ᠬᠥᠮᠥᠨ ᠪᠦᠷᠢ ᠵᠢᠯ ᠳᠤ 9000 ᠲᠥᠭᠦᠷᠢᠭ ᠪᠣᠯᠣᠨ᠎ᠠ᠃     13. ᠪᠣᠯᠪᠠᠰᠤᠷᠠᠭᠤᠯᠤᠯ ᠤᠨ ᠬᠦᠰᠡᠯ ᠲᠠᠢ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ ᠲᠤ ᠨᠢᠭᠡ ᠤᠳᠠᠭᠠᠨ ᠤ ᠰᠦᠢᠳᠬᠡᠯ ᠬᠤᠷᠢᠶᠠᠬᠤ ᠦᠭᠡᠢ ᠪᠠᠷ ᠦᠢᠯᠡᠰ ᠪᠤᠰᠬᠠᠬᠤ ᠪᠣᠯᠪᠠᠰᠤᠷᠠᠭᠤᠯᠤᠯ ᠪᠠ ︽ᠭᠤᠷᠪᠠ ᠶᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠬᠦ︾ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠭᠥᠷᠳᠡᠵᠦ ᠪᠣᠯᠣᠨ᠎ᠠ᠃     ᠨᠠᠢᠮᠠ᠂ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠬᠡᠷᠡᠭᠲᠡᠢ     14᠂ ᠦᠢᠯᠡᠰ ᠪᠤᠰᠬᠠᠵᠤ ᠨᠡᠪᠴᠢᠭᠦᠯᠬᠦ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠪᠠ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ 3 ᠵᠢᠯ ᠤᠨ ᠳᠣᠲᠣᠷ᠎ᠠ ᠴᠢᠳᠠᠮᠵᠢ ᠪᠠᠷ ᠪᠦᠷᠢᠨ᠂ ᠦᠢᠯᠡᠴᠢᠯᠡᠭᠡ ᠪᠠᠷ ᠪᠦᠷᠢᠨ ᠭᠦᠢᠴᠡᠳ ᠪᠠᠷᠢᠮᠵᠢᠶᠠᠵᠢᠭᠤᠯᠤᠭᠰᠠᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ 15 ᠪᠠᠶᠢᠭᠤᠯᠤᠨ᠎ᠠ᠂ ᠡᠭᠦᠨ ᠳᠤ ᠤᠯᠤᠰ ᠤᠨ ᠲᠠᠰ ᠤᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ 2᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ 5᠂ ᠬᠤᠲᠠ ᠶᠢᠨ ᠲᠠᠰ ᠤᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ 8 ᠪᠠᠶᠢᠭᠤᠯᠤᠨ᠎ᠠ᠃     ᠦᠢᠯᠡᠰ ᠪᠤᠰᠬᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠤᠨ ᠪᠦᠲᠦᠭᠡᠨ ᠪᠠᠶᠢᠭᠤᠯᠤᠯᠲᠠ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠵᠢᠯ ᠪᠦᠷᠢ ᠦᠢᠯᠡᠰ ᠪᠤᠰᠬᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠤᠨ ᠡᠵᠡᠩᠨᠡᠯᠲᠡ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠬᠢᠵᠦ᠂ ᠦᠨᠡᠯᠡᠨ ᠵᠢᠱᠢᠭᠰᠡᠨ ᠲᠠᠰ ᠤᠨ ᠶᠣᠰᠣᠭᠠᠷ ︽ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠪᠡᠯᠡ ᠮᠥᠩᠭᠦ ᠶᠢᠨ ᠱᠠᠩᠨᠠᠯ ᠤᠨ ᠳᠡᠮᠵᠢᠯᠭᠡ ᠣᠯᠭᠤᠵᠤ᠂ ᠱᠠᠩᠨᠠᠬᠤ ᠪᠠᠷᠢᠮᠵᠢᠶ᠎ᠠ ᠨᠢ 30 ︱ 100 ᠲᠦᠮᠡᠨ ᠲᠥᠭᠦᠷᠢᠭ ᠪᠣᠯᠣᠨ᠎ᠠ᠃     15.ᠦᠢᠯᠡᠰ ᠪᠤᠰᠬᠠᠵᠤ ᠵᠢᠱᠢᠶ᠎ᠡ ᠦᠵᠡᠭᠦᠯᠬᠦ ᠳᠡᠯᠭᠡᠭᠦᠷ ᠢ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠵᠦ᠂ ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠦᠢᠯᠡᠰ ᠪᠤᠰᠬᠠᠵᠤ ᠵᠢᠱᠢᠶ᠎ᠡ ᠦᠵᠡᠭᠦᠯᠬᠦ ᠳᠡᠯᠭᠡᠭᠦᠷ︾ ᠢ ᠦᠨᠡᠮᠰᠢᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠦᠨᠡᠮᠰᠢᠬᠦ ᠪᠠᠷ ᠳᠡᠮᠵᠢᠨ ᠦᠢᠯᠡᠰ ᠪᠤᠰᠬᠠᠵᠤ ᠵᠢᠱᠢᠶ᠎ᠡ ᠦᠵᠡᠭᠦᠯᠬᠦ ᠳᠡᠯᠭᠡᠭᠦᠷ ᠲᠤ ᠨᠢᠭᠡ ᠯᠡ ᠤᠳᠠᠭ᠎ᠠ ᠶᠢᠨ ᠴᠢᠨᠠᠷᠲᠠᠢ 1 ᠲᠦᠮᠡᠨ ᠲᠥᠭᠦᠷᠢᠭ ᠤᠨ ᠦᠢᠯᠡᠰ ᠪᠤᠰᠬᠠᠵᠤ ᠵᠢᠱᠢᠶ᠎ᠡ ᠦᠵᠡᠭᠦᠯᠬᠦ ᠱᠠᠩᠨᠠᠯ ᠣᠯᠭᠤᠵᠤ᠂ ᠬᠡᠷᠡᠭᠰᠡᠬᠦ ᠪᠡᠯᠡ ᠮᠥᠩᠭᠦ ᠶᠢ ᠬᠤᠲᠠ ᠶᠢᠨ ᠡᠳ᠋ ᠤᠨ ᠵᠠᠰᠠᠭ ᠠᠴᠠ ᠡᠭᠦᠷᠭᠡᠯᠡᠨ᠎ᠡ᠃     ᠶᠢᠰᠦ᠂ ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ ᠵᠦᠢᠯ ᠢ ᠠᠭᠤᠳᠠᠯᠤᠨ ᠪᠣᠶᠢᠵᠢᠭᠤᠯᠤᠨ᠎ᠠ     16.ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠨᠡᠶᠢᠲᠡ ᠠᠴᠠ ᠦᠢᠯᠡᠰ ᠪᠤᠰᠬᠠᠬᠤ ᠲᠥᠷᠥᠯ ᠵᠦᠢᠯ ᠢ ᠢᠯᠡ ᠪᠠᠷ ᠡᠯᠰᠡᠨ ᠴᠤᠭᠯᠠᠭᠤᠯᠵᠤ᠂ ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠵᠣᠬᠢᠶᠠᠨ ᠪᠠᠶᠢᠭᠤᠯᠤᠭᠰᠠᠨ ᠦᠢᠯᠡᠰ ᠪᠤᠰᠬᠠᠵᠤ ᠲᠥᠷᠥᠯ ᠵᠦᠢᠯ ᠤᠨ ᠡᠯᠰᠡᠨ ᠴᠤᠭᠯᠠᠭᠤᠯᠤᠭᠰᠠᠨ ᠲᠤᠭ᠎ᠠ ᠬᠡᠮᠵᠢᠶ᠎ᠡ ᠪᠠ ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠮᠵᠢ ᠳᠤ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ ᠣᠯᠭᠤᠵᠤ᠂ ᠱᠠᠩᠨᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠬᠥᠮᠥᠷᠭᠡ ᠳᠤ ᠣᠷᠣᠭᠤᠯᠬᠤ ᠲᠥᠷᠥᠯ ᠵᠦᠢᠯ ᠤᠨ ᠲᠠᠨᠢᠯᠴᠠᠭᠤᠯᠭ᠎ᠠ ᠶᠢᠨ ᠠᠮᠵᠢᠯᠲᠠ ᠣᠯᠣᠭᠰᠠᠨ ᠨᠣᠷᠮ᠎ᠠ ᠶᠢ 10% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠨᠢᠭᠡ ᠲᠥᠷᠥᠯ ᠵᠦᠢᠯ ᠢ ᠡᠯᠰᠡᠬᠦ ᠪᠦᠷᠢ ᠬᠥᠮᠥᠷᠭᠡ ᠳᠤ ᠣᠷᠣᠭᠤᠯᠬᠤ ᠳᠤ 1000 ᠲᠥᠭᠦᠷᠢᠭ ᠠᠴᠠ ᠬᠡᠲᠦᠷᠡᠬᠦ ᠦᠭᠡᠢ ᠱᠠᠩᠨᠠᠯ ᠤᠨ ᠨᠥᠬᠦᠪᠦᠷᠢ ᠣᠯᠭᠤᠨ᠎ᠠ︔ ᠡᠭᠦᠨ ᠤ ᠳᠣᠲᠣᠷᠠᠬᠢ ᠲᠠᠨᠢᠯᠴᠠᠭᠤᠯᠭ᠎ᠠ ᠶᠢ ᠠᠮᠵᠢᠯᠲᠠ ᠲᠠᠢ ᠪᠠᠷ ᠦᠢᠯᠡᠰ ᠪᠤᠰᠬᠠᠭᠴᠢ ᠳᠤ ᠪᠠᠭᠤᠯᠭᠠᠨ ᠬᠡᠷᠡᠭᠯᠡᠭᠦᠯᠦᠭᠰᠡᠨ ᠪᠥᠭᠡᠳ ᠬᠠᠭᠠᠰ ᠵᠢᠯ ᠠᠴᠠ ᠳᠡᠭᠡᠭᠰᠢ ᠲᠣᠭᠲᠠᠭᠤᠨ ᠢᠶᠠᠷ ᠡᠵᠡᠩᠨᠡᠭᠰᠡᠨ ᠦᠢᠯᠡᠰ ᠪᠤᠰᠬᠠᠬᠤ ᠲᠥᠷᠥᠯ ᠵᠦᠢᠯ ᠳᠤ ᠳᠠᠭᠢᠵᠤ ᠲᠥᠷᠥᠯ ᠵᠦᠢᠯ ᠨᠢᠭᠡᠪᠦᠷᠢ ᠳᠤ 2000 ᠲᠥᠭᠦᠷᠢᠭ ᠠᠴᠠ ᠥᠯᠥ ᠬᠡᠲᠦᠷᠡᠬᠦ ᠲᠠᠨᠢᠯᠴᠠᠭᠤᠯᠭ᠎ᠠ ᠶᠢᠨ ᠱᠠᠩᠨᠠᠯ ᠤᠨ ᠨᠥᠬᠦᠪᠦᠷᠢ ᠣᠯᠭᠤᠨ᠎ᠠ᠃      17. ᠬᠤᠶᠠᠷ ᠵᠢᠯ ᠪᠦᠷᠢ ᠨᠢᠭᠡ ᠤᠳᠠᠭ᠎ᠠ ᠦᠢᠯᠡᠰ ᠪᠤᠰᠬᠠᠵᠤ ᠰᠢᠨ᠎ᠡ ᠶᠢ ᠡᠭᠦᠳᠬᠦ ᠤᠷᠤᠯᠳᠤᠭᠠᠨ ᠢ ᠵᠣᠬᠢᠶᠠᠨ ᠪᠠᠶᠢᠭᠤᠯᠤᠨ ᠥᠷᠨᠢᠭᠦᠯᠵᠦ᠂ ᠱᠠᠩᠨᠠᠯ ᠣᠯᠣᠭᠰᠠᠨ ᠰᠢᠯᠢᠳᠡᠭ ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ ᠵᠦᠢᠯ ᠳᠤ 1—5 ᠲᠦᠮᠡᠨ ᠲᠥᠭᠦᠷᠢᠭ ᠤᠨ ᠪᠡᠯᠡ ᠮᠥᠩᠭᠦ ᠶᠢᠨ ᠱᠠᠩᠨᠠᠯ ᠣᠯᠭᠤᠵᠤ᠂ ᠨᠢᠭᠡ ᠪᠦᠯᠦᠭ ᠴᠢᠨᠠᠷ ᠰᠠᠶᠢᠲᠠᠢ ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ ᠵᠦᠢᠯ ᠢ ᠶᠡᠬᠡᠪᠡᠷ ᠠᠭᠤᠳᠠᠯᠤᠨ ᠪᠣᠶᠢᠵᠢᠭᠤᠯᠵᠤ᠂ ᠮᠠᠨ ᠤ ᠬᠤᠲᠠ ᠶᠢᠨ ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠳᠤ ᠵᠢᠭᠰᠠᠭᠠᠨ ᠣᠷᠣᠭᠤᠯᠵᠤ᠂ ᠦᠢᠯᠡᠰ ᠪᠤᠰᠬᠠᠭᠰᠡᠳ ᠲᠤ ᠦᠨ᠎ᠡ ᠲᠥᠯᠥᠪᠦᠷᠢ ᠦᠭᠡᠢ ᠪᠠᠷ ᠬᠡᠷᠡᠭᠯᠡᠭᠦᠯᠦᠨ᠎ᠡ᠃     ᠠᠷᠪᠠ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠣᠯᠭᠤᠬᠤ ᠶᠢ ᠵᠣᠷᠢᠭᠵᠢᠭᠤᠯᠤᠨ᠎ᠠ     18᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠪᠠ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠣᠯᠭᠤᠯᠲᠠ ᠶᠢᠨ ︽ᠰᠠᠪᠠ ᠨᠡᠮᠡᠬᠦ︾ ᠦᠢᠯᠡᠳᠦᠯ ᠢ ᠪᠠᠳᠠᠷᠠᠭᠤᠯᠤᠨ᠂ ︽ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠲᠤᠰᠬᠠᠢ ᠲᠠᠯᠠᠪᠤᠷ︾ ᠵᠡᠷᠭᠡ ᠤᠷᠢᠬᠤ ᠠᠵᠢᠯᠯᠠᠭ᠎ᠠ ᠶᠢ ᠥᠷᠨᠢᠭᠦᠯᠵᠦ᠂ ︽ᠨᠢᠭᠡ ᠳᠤ ᠨᠢᠭᠡ︾ ᠶᠢᠨ ᠥᠪᠡᠷᠮᠢᠴᠡ ᠴᠢᠨᠠᠷ ᠲᠠᠢ ᠠᠵᠢᠯᠴᠢᠨ ᠬᠡᠷᠡᠭᠯᠡᠬᠦ ᠪᠠ ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠵᠤ᠂ ᠰᠢᠨ᠎ᠡ ᠠᠵᠢᠯ ᠤᠨ ᠪᠠᠶᠢᠷᠢ ᠶᠢᠨ ᠥᠷᠭᠡᠳᠬᠡᠨ ᠨᠡᠮᠡᠭᠳᠡᠭᠦᠯᠬᠦ ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠤᠨ᠎ᠡ᠃     19. ᠠᠵᠢᠯ ᠣᠯᠬᠤ ᠳᠤ ᠬᠦᠴᠢᠷᠲᠡᠢ ᠬᠥᠮᠥᠰ᠂ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠪᠠ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠢ ᠡᠯᠰᠡᠨ ᠬᠡᠷᠡᠭᠯᠡᠬᠦ ᠳᠤ᠂ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠠᠵᠤ ᠠᠬᠤᠶᠢᠯᠠᠯ ᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃     ᠠᠷᠪᠠᠨ ᠨᠢᠭᠡ᠂ ᠪᠣᠯᠪᠠᠰᠤᠷᠠᠭᠤᠯᠤᠯ ᠪᠣᠯᠣᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠤᠢ ᠪᠣᠯᠭᠠᠨ᠎ᠠ     20᠂ ᠮᠠᠨ ᠤ ᠬᠤᠲᠠ ᠶᠢᠨ ᠲᠤᠯᠭᠠᠭᠤᠷᠢ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ ᠰᠠᠭᠤᠷᠢᠯᠠᠨ᠂ ᠠᠷᠠᠳ ᠤᠨ ᠣᠷᠣᠨ ᠰᠠᠭᠤᠴᠠ᠂ ᠡᠷᠡᠭᠦᠯᠵᠢᠯ ᠰᠤᠪᠢᠯᠠᠯᠲᠠ ᠵᠡᠷᠭᠡ ᠣᠨᠴᠠᠯᠢᠭᠲᠤ ᠠᠵᠤ ᠦᠢᠯᠡᠰ ᠲᠤ ᠠᠩᠬᠠᠷᠤᠯ ᠢᠶᠠᠨ ᠬᠠᠨᠳᠤᠭᠤᠯᠵᠤ᠂ ︽ᠨᠢᠭᠡ ᠰᠢᠶᠠᠨ ᠳᠤ ᠨᠢᠭᠡ ᠨᠠᠷᠠᠲᠤ ᠲᠡᠮᠳᠡᠭᠲᠦ︾ ᠶᠢᠨ ᠱᠠᠭᠠᠷᠳᠠᠯᠭ᠎ᠠ ᠶᠣᠰᠣᠭᠠᠷ᠂ ᠣᠯᠠᠨ ᠬᠦᠷᠢᠶ᠎ᠡ ᠴᠠᠷᠠᠭ᠎ᠠ ᠶᠢᠨ ᠴᠢᠨᠠᠷ ᠰᠠᠶᠢᠲᠠᠢ ᠪᠣᠯᠪᠠᠰᠤᠷᠠᠭᠤᠯᠤᠯ ᠪᠠ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶ ᠪᠣᠯᠭᠠᠵᠤ᠂ 3 ᠵᠢᠯ ᠤᠨ ᠳᠣᠲᠣᠷ᠎ᠠ 10 ᠣᠷᠣᠨ ᠪᠦᠰᠡ ᠶᠢᠨ ᠣᠨᠴᠠᠯᠢᠭᠲᠤ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶᠢᠵᠢᠭᠤᠯᠬᠤ ᠪᠠ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠳᠤ 5 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠱᠠᠩᠨᠠᠯ ᠣᠯᠭᠤᠵᠤ᠂ ᠬᠡᠷᠡᠭᠰᠡᠬᠦ ᠪᠡᠯᠡ ᠮᠥᠩᠭᠦ ᠶᠢ ᠬᠤᠲᠠ ᠶᠢᠨ ᠡᠳ᠋ ᠤᠨ ᠵᠠᠰᠠᠭ ᠠᠴᠠ ᠡᠭᠦᠷᠭᠡᠯᠡᠨ᠎ᠡ᠃     ᠠᠷᠪᠠᠨ ᠬᠤᠶᠠᠷ᠂ ᠡᠳᠦᠷ ᠤᠨ ᠠᠵᠢᠯ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ     21᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠳᠦᠷ ᠤᠨ ᠬᠦᠴᠦᠨ ᠤ ᠵᠠᠬ᠎ᠠ ᠳᠡᠯᠭᠡᠭᠦᠷ ︵ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ︶ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠠᠬᠢᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠰᠦᠯᠵᠢᠶᠡᠨ ᠠᠴᠠ ᠭᠠᠳᠠᠭᠤᠷᠬᠢ ᠡᠳᠦᠷ ᠤᠨ ᠬᠦᠴᠦᠨ ᠤ ᠵᠠᠬ᠎ᠠ ᠳᠡᠯᠭᠡᠭᠦᠷ ᠢ ᠨᠠᠭᠠᠲᠤ ᠵᠠᠬ᠎ᠠ ᠳᠠᠭᠠᠨ 1 ᠪᠠᠶᠢᠭᠤᠯᠵᠤ᠂ ︽ᠢᠨᠲ᠋ᠧᠷ ᠰᠦᠯᠵᠢᠶ᠎ᠡ + ᠠᠵᠢᠯ ᠣᠯᠭᠤᠯᠲᠠ︾ ᠶᠢ ᠶᠡᠬᠡᠪᠡᠷ ᠠᠬᠢᠭᠤᠯᠵᠤ᠂ ᠤᠯᠠᠭᠠᠨᠴᠠᠪ ᠤᠨ ᠰᠦᠯᠵᠢᠶᠡᠨ ᠤ ᠡᠳᠦᠷ ᠤᠨ ᠬᠦᠴᠦᠨ ᠤ ᠵᠠᠬ᠎ᠠ ᠳᠡᠯᠭᠡᠭᠦᠷ ᠤᠨ ᠲᠠᠪᠴᠠᠩ ᠢ ᠢᠳᠡᠪᠬᠢᠲᠡᠢ ᠪᠠᠶᠢᠭᠤᠯᠬᠤ᠂ ᠳᠡᠯᠭᠡᠷᠡᠭᠦᠯᠬᠦ ᠪᠠ ᠬᠡᠷᠡᠭᠯᠡᠨ᠎ᠡ︔ ᠦᠨᠳᠦᠰᠦᠨ ᠱᠠᠲᠤᠨ ᠤ ᠦᠢᠯᠡᠴᠢᠯᠡᠭᠡᠨ ᠤ ᠲᠣᠣᠷ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠰᠢᠶᠠᠩ ᠪᠠᠯᠭᠠᠰᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠣᠷᠣᠨ ᠢ ᠨᠡᠮᠡᠵᠦ ᠬᠤᠯᠪᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠠᠵᠢᠯᠴᠢᠨ ᠬᠡᠷᠡᠭᠯᠡᠬᠦ ᠶᠢ ᠵᠣᠯᠭᠠᠭᠤᠯᠬᠤ ᠵᠡᠷᠭᠡ ᠦᠢᠯᠡᠴᠢᠯᠡᠭᠡ ᠶᠢ ᠥᠷᠨᠢᠭᠦᠯᠬᠦ ᠶᠢ ᠵᠣᠷᠢᠭᠵᠢᠭᠤᠯᠤᠨ᠎ᠠ︔ ᠠᠵᠢᠯ ᠣᠯᠭᠤᠬᠤ ᠦᠢᠯᠡᠴᠢᠯᠡᠭᠡ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢᠳᠤᠯᠢᠭ ᠢᠶᠠᠷ ᠠᠵᠢᠯ ᠣᠯᠣᠭᠰᠠᠳ ᠪᠠ ᠠᠵᠢᠯᠴᠢᠨ ᠬᠡᠷᠡᠭᠯᠡᠬᠦ ᠭᠤᠤᠯ ᠴᠣᠭᠴᠠ ᠳᠤ ᠡᠳᠦᠷ ᠤᠨ ᠬᠦᠴᠦᠨ ᠤ ᠮᠡᠳᠡᠭᠡ ᠵᠠᠩᠭᠢ ᠶᠢ ᠲᠠᠩᠰᠠᠯᠠᠨ ᠨᠡᠶᠢᠲᠡᠯᠡᠬᠦ ᠪᠠ ᠠᠵᠢᠯ ᠡᠷᠢᠵᠦ ᠠᠵᠢᠯᠴᠢᠨ ᠤᠷᠢᠵᠤ ᠬᠡᠷᠡᠭᠯᠡᠬᠦ ᠵᠡᠷᠭᠡ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠭᠡᠢ ᠪᠠᠷ ᠬᠠᠩᠭᠠᠨ᠎ᠠ᠃     ᠠᠷᠪᠠᠨ ᠭᠤᠷᠪᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠦᠨ᠎ᠡ     22. ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠡᠯ᠎ᠡ ᠲᠥᠷᠥᠯ ᠤᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ ᠲᠠᠪᠴᠠᠩ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠭᠰᠡᠳ ᠤᠨ ᠦᠢᠯᠡᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ ᠠᠵᠢᠯ ᠬᠥᠳᠡᠯᠮᠦᠷᠢ ᠬᠢᠭᠰᠡᠳ ᠤᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠴᠡᠭᠡ ᠱᠠᠭᠠᠷᠳᠠᠯᠭ᠎ᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ︽ᠨᠢᠭᠡ ᠳᠤ ᠨᠢ ᠨᠢᠭᠡ︾ ᠪᠠ ︽ᠲᠥᠪᠯᠡᠷᠡᠩᠭᠦᠢ ᠮᠠᠶ᠋ᠢᠭ︾ ᠤᠨ ᠠᠵᠢᠯ ᠣᠯᠭᠤᠯᠲᠠ ᠶᠢᠨ ᠲᠠᠨᠢᠯᠴᠠᠭᠤᠯᠭ᠎ᠠ ᠶᠢ ᠥᠷᠨᠢᠭᠦᠯᠵᠦ᠂ ᠠᠳᠠᠯᠢ ᠪᠤᠰᠤ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠵᠦᠷᠢᠶᠡᠴᠢᠯᠡᠭᠰᠡᠨ ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠨ᠎ᠠ᠃     ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ 2 ᠵᠢᠯ ᠪᠣᠯᠣᠨ᠎ᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2