| | ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠨ | ᠬᠦᠭᠵᠢᠬᠦᠯᠦᠯᠳᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠡᠯ᠎ᠡ | ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠤᠯᠠᠭᠠᠨᠴᠠᠪ ᠬᠤᠲᠠ ᠶᠢᠨ ᠠᠵᠢᠯ ᠣᠯᠭᠤᠵᠤ ᠦᠢᠯᠡᠰ ᠪᠤᠰᠬᠠᠬᠤ ᠶᠢ ᠠᠬᠢᠭᠤᠯᠬᠤ ᠠᠷᠭ᠎ᠠ | ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2023 | ᠣᠨ ᠤ 5 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ | ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠢ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠢ᠃ | | | 2023 ᠣᠨ ᠤ 3 ᠰᠠᠷ᠎ᠠ ᠶᠢᠨ 6 ᠤ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | ᠤᠯᠠᠭᠠᠨᠴᠠᠪ ᠬᠤᠲᠠ ᠶᠢᠨ ᠠᠵᠢᠯ ᠣᠯᠵᠤ ᠦᠢᠯᠡᠰ ᠪᠤᠰᠬᠠᠬᠤ ᠶᠢ ᠠᠬᠢᠭᠤᠯᠤᠭᠰᠠᠨ ᠠᠷᠭ᠎ᠠ ᠬᠡᠮᠵᠢᠶ᠎ᠡ ᠨᠦᠭᠦᠳ ︵ | ᠲᠤᠷᠰᠢᠨ ᠬᠡᠷᠡᠭᠵᠢᠭᠦᠯᠬᠦ︶ | ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠳᠤᠭᠤᠰᠢᠯᠠᠭᠤᠯᠤᠨ | ᠨᠠᠶᠢᠳᠠᠪᠤᠷᠢᠵᠢᠭᠤᠯᠬᠤ ᠶᠢᠨ ᠲᠥᠯᠥᠭᠡ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠣᠳᠣᠯᠭ᠎ᠠ ᠶᠢ | ᠭᠦᠨᠵᠡᠭᠡᠢ ᠲᠦᠯᠬᠢᠨ ᠠᠬᠢᠭᠤᠯᠵᠤ᠂ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠬᠤ᠂ ︽ᠲᠠᠪᠤᠨ ᠶᠡᠭᠡ | ᠠᠵᠤ ᠠᠬᠤᠢ︾ ᠶᠢ ᠬᠥᠭᠵᠢᠭᠦᠯᠬᠦ ᠶᠢᠨ ᠲᠣᠭᠤᠷᠢᠨ ᠳᠤ᠂ ︽ᠨᠢᠭᠡ ᠲᠣᠭᠤᠷᠢᠭ ᠬᠤᠶᠠᠷ ᠬᠦᠢᠰᠦ ᠭᠤᠷᠪᠠᠨ | ᠰᠠᠭᠤᠷᠢᠨ ᠭᠠᠵᠠᠷ︾ ᠢ ᠪᠦᠲᠦᠭᠡᠨ ᠪᠠᠶᠢᠭᠤᠯᠵᠤ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠡᠯ᠎ᠡ ᠲᠥᠷᠥᠯ ᠤᠨ | ᠬᠠᠮᠲᠤᠯᠢᠭ ᠤᠨ ᠠᠵᠢᠯ ᠣᠯᠵᠤ ᠦᠢᠯᠡᠰ ᠪᠤᠰᠬᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠵᠦ | ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠤᠨ ᠣᠷᠣᠯᠭ᠎ᠠ ᠶᠢ ᠨᠡᠮᠡᠭᠳᠡᠭᠦᠯᠦᠨ᠂ ᠮᠠᠨ ᠤ ᠬᠤᠲᠠ ᠶᠢᠨ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠳᠤ ᠬᠦᠴᠦᠨ ᠨᠡᠮᠡᠷᠢᠯᠡᠵᠦ᠂ | ᠮᠠᠨ ᠤ ᠬᠤᠲᠠ ᠶᠢᠨ ᠪᠣᠳᠠᠲᠠᠢ ᠲᠠᠢ ᠪᠠᠨ ᠤᠶᠠᠯᠳᠤᠭᠤᠯᠤᠨ᠂ ᠲᠣᠰ ᠠᠷᠭ᠎ᠠ ᠬᠡᠮᠵᠢᠶ᠎ᠡ ᠶᠢ ᠲᠣᠭᠲᠠᠭᠠᠪᠠ᠃ | ᠨᠢᠭᠡ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠶᠢ ᠳᠡᠮᠵᠢᠨ᠎ᠡ | 1. ᠠᠩᠬ᠎ᠠ ᠤᠳᠠᠭ᠎ᠠ ᠵᠢᠵᠢᠭ ᠪᠢᠴᠢᠯ ᠠᠵᠤ ᠠᠬᠤᠶᠢᠯᠠᠯ ᠢ ᠡᠭᠦᠳᠦᠨ ᠪᠠᠶᠢᠭᠤᠯᠤᠭᠰᠠᠨ ᠪᠤᠶᠤ ᠬᠤᠪᠢ ᠶᠢᠨ | ᠡᠵᠡᠩᠨᠡᠯᠲᠡ ᠶᠢ ᠡᠷᠭᠢᠯᠡᠵᠦ ᠪᠠᠶᠢᠭ᠎ᠠ ᠮᠥᠷᠲᠡᠭᠡᠨ ᠡᠭᠦᠳᠦᠨ ᠪᠠᠶᠢᠭᠤᠯᠤᠭᠰᠠᠨ ᠠᠵᠤ ᠠᠬᠤᠶᠢᠯᠠᠯ ᠪᠤᠶᠤ ᠬᠤᠪᠢ ᠶᠢᠨ | ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠠᠵᠤ ᠦᠢᠯᠡᠳᠪᠦᠷᠢ ᠬᠤᠳᠠᠯᠳᠤᠭ᠎ᠠ ᠶᠢᠨ ᠪᠦᠷᠢᠳᠬᠡᠨ | ᠳᠠᠩᠰᠠᠯᠠᠭᠤᠯᠤᠭᠰᠠᠨ ᠡᠳᠦᠷ ᠠᠴᠠ ᠡᠬᠢᠯᠡᠨ 1 ᠵᠢᠯ ᠠᠴᠠ ᠳᠡᠭᠡᠭᠰᠢ ᠬᠡᠪ ᠤᠨ ᠡᠵᠡᠩᠨᠡᠯᠲᠡ ᠲᠠᠢ ᠪᠣᠯᠤᠭᠰᠠᠨ | ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠳᠡᠭᠡᠳᠦ ᠰᠤᠷᠭᠠᠭᠤᠯᠢ ᠲᠡᠭᠦᠰᠦᠭᠰᠡᠳ ᠲᠤ 5000 | ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠦᠢᠯᠡᠰ ᠪᠤᠰᠬᠠᠬᠤ ᠨᠥᠬᠦᠪᠦᠷᠢ ᠣᠯᠭᠤᠨ᠎ᠠ᠃ | 2. ᠳᠡᠭᠡᠳᠦ ᠰᠤᠷᠭᠠᠭᠤᠯᠢ ᠲᠡᠭᠦᠰᠦᠭᠰᠡᠳ ᠢᠶᠠᠷ ᠭᠤᠣᠯ ᠴᠣᠭᠴᠠ ᠪᠣᠯᠭᠠᠭᠰᠠᠨ᠂ ᠦᠢᠯᠡᠰ ᠪᠤᠰᠬᠠᠬᠤ | ᠬᠦᠰᠡᠯ ᠲᠠᠢ ᠪᠠ ᠦᠢᠯᠡᠰ ᠪᠤᠰᠬᠠᠬᠤ ᠴᠢᠳᠠᠪᠤᠷᠢ ᠲᠠᠢ ᠵᠠᠯᠠᠭᠤ ᠦᠢᠯᠡᠰ ᠪᠤᠰᠬᠠᠭᠰᠡᠳ ᠲᠤ᠂ ᠬᠠᠮᠤᠭ ᠤᠨ | ᠥᠨᠳᠥᠷ ᠲᠡᠭᠡᠨ 50 ᠲᠦᠮᠡᠨ ᠲᠥᠭᠦᠷᠢᠭ ᠠᠴᠠ ᠥᠯᠥ ᠬᠡᠲᠦᠷᠡᠬᠦ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ | ᠭᠤᠶᠤᠴᠢᠯᠠᠵᠤ ᠪᠣᠯᠣᠨ᠎ᠠ᠂ 20 ᠲᠦᠮᠡᠨ ᠲᠥᠭᠦᠷᠢᠭ ᠠᠴᠠ ᠳᠠᠪᠠᠭᠰᠠᠨ ᠳᠠᠮ ᠬᠦᠦ ᠶᠢᠨ ᠪᠡᠯᠡ ᠮᠥᠩᠭᠦ ᠶᠢ ᠬᠠᠷᠢᠶ᠎ᠠ | ᠭᠠᠵᠠᠷ ᠤᠨ ᠬᠠᠮᠢᠶᠠᠷᠤᠯᠲᠠ ᠶᠢᠨ ᠵᠠᠷᠴᠢᠮ ᠶᠣᠰᠣᠭᠠᠷ ᠬᠤᠰᠢᠭᠤ ᠰᠢᠶᠠᠨ ᠬᠤᠲᠠ ᠲᠣᠭᠤᠷᠢᠭ ᠠᠴᠠ ᠡᠭᠦᠷᠭᠡᠯᠡᠵᠦ᠂ | ᠵᠢᠭᠡᠯᠡᠯᠭᠡ ᠶᠢᠨ ᠬᠤᠭᠤᠴᠠᠭ᠎ᠠ ᠬᠢᠵᠠᠭᠠᠷ ᠢ ᠬᠠᠮᠤᠭ ᠤᠨ ᠣᠷᠳᠣ ᠳᠠᠭᠠᠨ 3 ᠵᠢᠯ ᠠᠴᠠ ᠬᠡᠲᠦᠷᠡᠭᠦᠯᠵᠦ ᠪᠣᠯᠬᠤ ᠦᠭᠡᠢ︔ | 10 ᠲᠦᠮᠡᠨ ᠲᠥᠭᠦᠷᠢᠭ ᠵᠢᠴᠢ ᠲᠡᠭᠦᠨ ᠠᠴᠠ ᠳᠣᠷᠣᠭᠰᠢᠬᠢ ᠳᠡᠭᠡᠳᠦ ᠰᠤᠷᠭᠠᠭᠤᠯᠢ ᠲᠡᠭᠦᠰᠦᠭᠰᠡᠳ ᠤᠨ ᠬᠤᠪᠢ | ᠬᠥᠮᠥᠨ ᠤ ᠦᠢᠯᠡᠰ ᠪᠤᠰᠬᠠᠬᠤ ᠳᠠᠭᠠᠭᠠᠯᠲᠠ ᠶᠢᠨ ᠵᠢᠭᠡᠯᠡᠯᠭᠡ ᠨᠢ ᠬᠠᠮᠢᠶ᠎ᠠ ᠪᠦᠬᠦᠢ ᠨᠥᠬᠦᠴᠡᠯ ᠳᠤ ᠨᠡᠶᠢᠴᠡᠪᠡᠯ᠂ | ᠵᠠᠷᠴᠢᠮ ᠳᠡᠭᠡᠷ᠎ᠡ ᠪᠠᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠭᠡᠳᠡᠷᠭᠦ ᠳᠠᠭᠠᠭᠠᠯᠲᠠ ᠬᠢᠬᠦ ᠱᠠᠭᠠᠷᠳᠠᠯᠭ᠎ᠠ ᠶᠢ | ᠬᠡᠯᠲᠦᠷᠢᠭᠦᠯᠦᠨ᠎ᠡ᠃ | 3. ᠲᠡᠭᠦᠰᠦᠭᠡᠳ 5 ᠵᠢᠯ ᠪᠣᠯᠤᠭᠰᠠᠨ ᠳᠡᠭᠡᠳᠦ ᠰᠤᠷᠭᠠᠭᠤᠯᠢ ᠲᠡᠭᠦᠰᠦᠭᠰᠡᠳ ᠢ ᠬᠥᠮᠥᠨ ᠤ ᠬᠦᠴᠦᠨ ᠤ ᠡᠬᠢ | ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠮᠠᠭᠠᠳᠯᠠᠨ ᠲᠣᠭᠲᠠᠭᠠᠭᠰᠠᠨ ᠦᠢᠯᠡᠰ ᠪᠤᠰᠬᠠᠬᠤ | ᠨᠡᠪᠴᠢᠭᠦᠯᠬᠦ ᠰᠠᠭᠤᠷᠢᠨ ᠭᠠᠵᠠᠷ ᠲᠤ ᠨᠡᠪᠴᠢᠭᠦᠯᠦᠭᠰᠡᠨ ᠤ ᠳᠠᠷᠠᠭ᠎ᠠ᠂ ᠵᠢᠯ ᠪᠦᠷᠢ 30 ᠰᠢᠯᠢᠳᠡᠭ ᠦᠢᠯᠡᠰ ᠪᠤᠰᠬᠠᠬᠤ | ᠲᠥᠷᠥᠯ ᠵᠦᠢᠯ ᠢ ᠰᠢᠯᠭᠠᠷᠠᠭᠤᠯᠵᠤ᠂ 3 ᠲᠦᠮᠡᠨ ᠲᠥᠭᠦᠷᠢᠭ ᠤᠨ ᠨᠢᠭᠡ ᠤᠳᠠᠭ᠎ᠠ ᠶᠢᠨ ᠴᠢᠨᠠᠷᠲᠠᠢ ᠦᠢᠯᠡᠰ | ᠪᠤᠰᠬᠠᠬᠤ ᠱᠠᠩᠨᠠᠯ ᠣᠯᠭᠤᠵᠤ᠂ ᠬᠡᠷᠡᠭᠰᠡᠬᠦ ᠪᠡᠯᠡ ᠮᠥᠩᠭᠦ ᠶᠢ ᠬᠤᠲᠠ᠂ ᠰᠢᠶᠠᠨ ᠬᠤᠶᠠᠷ ᠱᠠᠲᠤᠨ ᠤ ᠡᠳ᠋ ᠤᠨ ᠵᠠᠰᠠᠭ | ᠠᠴᠠ 3᠄ 7 ᠶᠢᠨ ᠬᠠᠷᠢᠴᠠᠯ ᠢᠶᠠᠷ ᠡᠭᠦᠷᠭᠡᠯᠡᠨ᠎ᠡ᠃ | ᠬᠤᠶᠠᠷ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠣᠰᠬᠠᠬᠤ ᠣᠷᠴᠢᠨ ᠲᠣᠭᠤᠷᠢᠨ ᠢ | ᠰᠢᠯᠢᠳᠡᠭᠵᠢᠭᠦᠯᠬᠦ ᠬᠡᠷᠡᠭᠲᠡᠢ | 4. ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠣᠩᠬᠤᠪᠴᠢ ᠳᠤ ︽ᠰᠠᠭᠠᠳ ᠦᠭᠡᠢ ᠨᠡᠪᠲᠡᠷᠡᠬᠦ ᠵᠠᠮ︾ | ᠨᠡᠭᠡᠭᠡᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠤᠰᠬᠠᠬᠤ ᠳᠤ ᠵᠢᠵᠢᠭ ᠪᠢᠴᠢᠯ ᠠᠵᠤ ᠠᠬᠤᠶᠢᠯᠠᠯ | ᠤᠨ ᠡᠭᠦᠳᠦᠨ ᠡᠷᠬᠢᠯᠡᠬᠦ ᠶᠢ ᠲᠡᠳᠬᠦᠬᠦ ᠲᠥᠷᠥ ᠶᠢᠨ ᠪᠣᠳᠣᠯᠭ᠎ᠠ ᠪᠤᠶᠤ ᠠᠵᠤ ᠦᠢᠯᠡᠳᠪᠦᠷᠢ ᠬᠤᠳᠠᠯᠳᠤᠭ᠎ᠠ ᠶᠢᠨ | ᠰᠦᠢᠳᠬᠡᠯ ᠬᠤᠷᠢᠶᠠᠬᠤ ᠦᠭᠡᠢ ᠪᠠᠷ ᠲᠡᠳᠬᠦᠬᠦ᠂ ᠭᠠᠶᠢᠯᠢ ᠲᠠᠲᠠᠪᠤᠷᠢ ᠶᠢ ᠬᠠᠰᠤᠵᠤ ᠬᠡᠯᠲᠦᠷᠢᠭᠦᠯᠬᠦ ᠪᠠᠷ ᠲᠡᠳᠬᠦᠬᠦ | ᠵᠡᠷᠭᠡ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠬᠦᠷᠲᠡᠵᠦ᠂ ᠭᠠᠷᠳᠠᠮ ᠢ ᠨᠢ ᠳᠥᠭᠦᠮᠴᠢᠯᠡᠨ᠂ ᠤᠴᠢᠷ ᠶᠠᠪᠤᠳᠠᠯ | ᠢ ᠲᠦᠷᠭᠡᠨ ᠭᠦᠢᠴᠡᠳᠬᠡᠨ᠂ ᠦᠢᠯᠡᠴᠢᠯᠡᠭᠡ ᠶᠢ ᠨᠢ ᠰᠢᠯᠢᠳᠡᠭᠵᠢᠭᠦᠯᠦᠨ᠎ᠡ᠃ | 5. ᠡᠯ᠎ᠡ ᠭᠠᠵᠠᠷ ᠤᠨ ᠦᠢᠯᠡᠰ ᠪᠤᠰᠬᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠨᠢ ᠳᠡᠭᠡᠳᠦ | ᠰᠤᠷᠭᠠᠭᠤᠯᠢ ᠲᠡᠭᠦᠰᠦᠭᠰᠡᠳ ᠤᠨ ᠦᠢᠯᠡᠰ ᠪᠤᠰᠬᠠᠬᠤ ᠲᠤᠰᠬᠠᠢ ᠲᠣᠭᠤᠷᠢᠭ ᠪᠠᠶᠢᠭᠤᠯᠵᠤ᠂ ᠳᠡᠭᠡᠳᠦ ᠰᠤᠷᠭᠠᠭᠤᠯᠢ | ᠲᠡᠭᠦᠰᠦᠭᠰᠡᠳ ᠤᠨ ᠵᠠᠰᠠᠭ ᠤᠨ ᠣᠷᠳᠣᠨ ᠢᠶᠠᠷ ᠭᠤᠣᠯᠯᠠᠭᠤᠯᠤᠨ ᠪᠠᠶᠢᠭᠤᠯᠤᠭᠰᠠᠨ ᠦᠢᠯᠡᠰ ᠪᠤᠰᠬᠠᠬᠤ ᠬᠦᠷᠢᠶᠡᠯᠡᠩ ︵ | ᠨᠡᠪᠴᠢᠭᠦᠯᠬᠦ ᠰᠠᠭᠤᠷᠢᠨ ᠭᠠᠵᠠᠷ︶ ᠳᠤ ᠣᠷᠣᠵᠤ ᠰᠠᠭᠤᠭᠰᠠᠨ ᠪᠠᠶᠢᠪᠠᠯ᠂ 3 ᠵᠢᠯ ᠤᠨ ᠲᠦᠷᠢᠶᠡᠰᠦᠨ ᠮᠥᠩᠭᠦ ᠵᠡᠷᠭᠡ | ᠵᠠᠷᠤᠳᠠᠯ ᠢ ᠬᠠᠰᠤᠵᠤ ᠬᠡᠯᠲᠦᠷᠢᠭᠦᠯᠦᠨ᠎ᠡ︔ ᠳᠡᠭᠡᠳᠦ ᠰᠤᠷᠭᠠᠭᠤᠯᠢ ᠲᠡᠭᠦᠰᠦᠭᠰᠡᠳ ᠠᠷᠠᠳ ᠤᠨ ᠣᠷᠣᠨ ᠰᠠᠭᠤᠴᠠ᠂ | ᠡᠷᠡᠭᠦᠯᠵᠢᠯ ᠰᠤᠪᠢᠯᠠᠯᠲᠠ ᠵᠡᠷᠭᠡ ᠣᠨᠴᠠᠯᠢᠭᠲᠤ ᠠᠵᠢᠯ ᠲᠥᠷᠥᠯ ᠳᠤ ᠦᠢᠯᠡᠰ ᠪᠤᠰᠬᠠᠵᠤ ᠰᠢᠨ᠎ᠡ ᠶᠢ ᠡᠭᠦᠳᠦᠭᠰᠡᠨ | ᠪᠠᠶᠢᠪᠠᠯ᠂ ᠡᠯ᠎ᠡ ᠭᠠᠵᠠᠷ ᠤᠨ ᠬᠢᠨ ᠭᠠᠵᠠᠷ ᠰᠢᠷᠣᠢ ᠶᠢ ᠡᠷᠭᠢᠯᠳᠦᠭᠦᠯᠬᠦ᠂ ᠰᠤᠯᠠ ᠲᠠᠯᠪᠢᠵᠤ ᠪᠠᠶᠢᠭ᠎ᠠ ᠭᠠᠵᠠᠷ | ᠰᠢᠷᠣᠢ ᠶᠢ ᠴᠢᠯᠦᠭᠡᠲᠡᠢ ᠪᠣᠯᠭᠠᠬᠤ ᠵᠡᠷᠭᠡ ᠬᠡᠯᠪᠡᠷᠢ ᠪᠠᠷ ᠳᠠᠮᠵᠢᠭᠤᠯᠤᠨ ᠦᠢᠯᠡᠰ ᠪᠤᠰᠬᠠᠬᠤ ᠳᠤ ᠬᠡᠷᠡᠭᠯᠡᠬᠦ ᠭᠠᠵᠠᠷ | ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠤᠷᠢᠳᠠᠪᠠᠷ ᠪᠠᠲᠤᠯᠠᠨ᠎ᠡ᠃ | ᠭᠤᠷᠪᠠ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠣᠰᠬᠠᠬᠤ ᠪᠣᠯᠪᠠᠰᠤᠷᠠᠭᠤᠯᠤᠯ ᠤᠨ ᠡᠷᠴᠢᠮ ᠢ | ᠨᠡᠮᠡᠭᠳᠡᠭᠦᠯᠦᠨ᠎ᠡ | 6. ᠳᠡᠭᠡᠳᠦ ᠰᠤᠷᠭᠠᠭᠤᠯᠢ ᠲᠡᠭᠦᠰᠦᠭᠰᠡᠳ ᠤᠨ ᠦᠢᠯᠡᠰ ᠪᠤᠰᠬᠠᠬᠤ ᠬᠡᠷᠡᠭᠴᠡᠭᠡ ᠱᠠᠭᠠᠷᠳᠠᠯᠭ᠎ᠠ ᠳᠤ ᠴᠢᠭᠯᠡᠭᠦᠯᠦᠨ | ᠂ ᠦᠢᠯᠡᠰ ᠪᠤᠰᠬᠠᠬᠤ ᠪᠣᠯᠪᠠᠰᠤᠷᠠᠭᠤᠯᠤᠯ ᠢ ᠶᠡᠬᠡᠪᠡᠷ ᠥᠷᠨᠢᠭᠦᠯᠵᠦ᠂ ︽ᠥᠪᠡᠷ ᠤᠨ ᠠᠵᠤ ᠠᠬᠤᠶᠢᠯᠠᠯ ᠢᠶᠠᠨ | ᠡᠭᠦᠳᠦᠨ ᠪᠠᠶᠢᠭᠤᠯᠬᠤ︾ ︽ᠥᠪᠡᠷ ᠤᠨ ᠠᠵᠤ ᠠᠬᠤᠶᠢᠯᠠᠯ ᠢᠶᠠᠨ ᠰᠠᠶᠢᠵᠢᠷᠠᠭᠤᠯᠬᠤ︾ ᠪᠣᠯᠪᠠᠰᠤᠷᠠᠭᠤᠯᠤᠯ ᠳᠤ | ᠣᠷᠣᠯᠴᠠᠭᠠᠳ ᠬᠢᠷᠢ ᠲᠡᠩᠴᠡᠭᠰᠡᠳ ᠲᠤ ᠵᠠᠷᠴᠢᠮ ᠳᠡᠭᠡᠷ᠎ᠡ ᠪᠠᠨ ᠬᠥᠮᠥᠨ ᠪᠦᠷᠢ ᠳᠤ 1000 ᠲᠥᠭᠦᠷᠢᠭ ᠤᠨ | ᠪᠣᠯᠪᠠᠰᠤᠷᠠᠭᠤᠯᠤᠯ ᠤᠨ ᠨᠥᠬᠦᠪᠦᠷᠢ ᠣᠯᠭᠤᠨ᠎ᠠ︔ ᠰᠦᠯᠵᠢᠶᠡᠨ ᠳᠡᠬᠡᠷᠡᠬᠢ ᠦᠢᠯᠡᠰ ᠪᠤᠰᠬᠠᠬᠤ ᠪᠣᠯᠪᠠᠰᠤᠷᠠᠭᠤᠯᠤᠯ᠂ | ᠦᠢᠯᠡᠰ ᠪᠤᠰᠬᠠᠬᠤ ︵ᠳᠠᠭᠤᠷᠢᠶᠠᠮᠠᠯ︶ ᠳᠠᠳᠤᠯᠭ᠎ᠠ ᠪᠣᠯᠪᠠᠰᠤᠷᠠᠭᠤᠯᠤᠯ ᠳᠤ ᠣᠷᠣᠯᠴᠠᠭᠠᠳ ᠬᠢᠷᠢ ᠲᠡᠩᠴᠡᠭᠰᠡᠨ | ᠪᠠᠶᠢᠪᠠᠯ᠂ ᠬᠥᠮᠥᠨ ᠪᠦᠷᠢ ᠳᠤ 1600 ︱ 2000 ᠲᠥᠭᠦᠷᠢᠭ ᠤᠨ ᠪᠣᠯᠪᠠᠰᠤᠷᠠᠭᠤᠯᠤᠯ ᠤᠨ ᠨᠥᠬᠦᠪᠦᠷᠢ | ᠣᠯᠭᠤᠨ᠎ᠠ᠃ | ᠳᠥᠷᠪᠡ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ ᠪᠠᠲᠤᠯᠠᠭ᠎ᠠ ᠶᠢ | ᠴᠢᠩᠭᠠᠷᠠᠭᠤᠯᠤᠨ᠎ᠡ | 7. ᠳᠡᠭᠡᠳᠦ ᠰᠤᠷᠭᠠᠭᠤᠯᠢ ᠲᠡᠭᠦᠰᠦᠭᠰᠡᠳ ᠤᠨ ᠵᠠᠬ᠎ᠠ ᠳᠡᠯᠭᠡᠭᠦᠷᠴᠢᠯᠡᠭᠰᠡᠨ ᠠᠵᠢᠯ ᠣᠯᠭᠤᠯᠲᠠ ᠶᠢᠨ ᠠᠷᠭ᠎ᠠ | ᠵᠠᠮ ᠢ ᠲᠣᠭᠲᠠᠪᠤᠷᠢᠵᠢᠭᠤᠯᠤᠨ ᠥᠷᠭᠡᠳᠬᠡᠵᠦ᠂ ᠠᠵᠢᠯᠳᠡᠨ ᠡᠯᠰᠡᠨ ᠬᠦᠷᠢᠶᠡᠯᠡᠩ ᠲᠣᠭᠤᠷᠢᠭ ᠲᠤ ᠣᠷᠣᠭᠤᠯᠬᠤ᠂ | ᠠᠵᠤ ᠠᠬᠤᠶᠢᠯᠠᠯ ᠳᠤ ᠣᠷᠣᠭᠤᠯᠬᠤ ᠵᠡᠷᠭᠡ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠵᠤ | ᠠᠬᠤᠶᠢᠯᠠᠯ ᠢ ᠰᠤᠷᠪᠤᠯᠵᠢᠯᠠᠵᠤ ᠠᠵᠢᠯᠳᠡᠨ ᠡᠷᠢᠬᠦ ᠶᠢ ᠴᠢᠩᠭᠠᠷᠠᠭᠤᠯᠤᠨ᠂ ᠰᠤᠷᠭᠠᠭᠤᠯᠢ ᠠᠵᠤ ᠠᠬᠤᠶᠢᠯᠠᠯ | ᠬᠠᠮᠲᠤᠷᠠᠯᠴᠠᠬᠤ ᠲᠠᠪᠴᠠᠩ ᠢ ᠪᠠᠶᠢᠭᠤᠯᠵᠤ᠂ ᠠᠵᠢᠯᠴᠢᠨ ᠬᠡᠷᠡᠭᠯᠡᠬᠦ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ | ᠴᠢᠩᠭᠠᠷᠠᠭᠤᠯᠤᠨ᠂ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠬ᠎ᠠ ᠳᠡᠯᠭᠡᠭᠦᠷ ᠤᠨ ᠠᠵᠢᠯ ᠣᠯᠭᠤᠯᠲᠠ ᠶᠢᠨ | ᠵᠠᠯᠠᠭᠤᠴᠤᠳ ᠤᠨ ᠠᠵᠢᠯ ᠤᠨ ᠪᠠᠶᠢᠷᠢ ᠶᠢ ᠭᠦᠢᠴᠡᠳ ᠠᠭᠤᠳᠠᠯᠵᠤ᠂ ᠬᠤᠲᠠ ᠶᠢᠨ ᠬᠠᠷᠢᠶᠠᠲᠤ ᠳᠡᠭᠡᠳᠦ ᠰᠤᠷᠭᠠᠭᠤᠯᠢ | ᠲᠡᠭᠦᠰᠦᠭᠰᠡᠳ ᠤᠨ ᠦᠺᠷᠠᠶᠢᠨ ᠳᠤ ᠦᠯᠡᠳᠡᠨ ᠠᠵᠢᠯ ᠣᠯᠬᠤ ᠶᠢ ᠢᠳᠡᠪᠬᠢᠲᠡᠢ ᠪᠠᠷ ᠬᠥᠲᠥᠯᠥᠨ ᠵᠢᠯᠣᠭᠤᠳᠤᠨ᠎ᠠ᠃ | 8. ᠠᠵᠢᠯ ᠣᠯᠣᠭᠠᠳᠤᠢ ᠳᠡᠭᠡᠳᠦ ᠰᠤᠷᠭᠠᠭᠤᠯᠢ ᠲᠡᠭᠦᠰᠦᠭᠰᠡᠳ ᠲᠤ ᠦᠢᠯᠡᠴᠢᠯᠡᠭᠡᠨ ᠤ ᠪᠣᠭᠤᠮᠲᠠ ᠰᠢᠪᠲᠤᠯᠬᠤ | ᠶᠢ ᠬᠡᠷᠡᠭᠵᠢᠭᠦᠯᠵᠦ᠂ ᠬᠦᠴᠢᠷᠳᠡᠯ ᠲᠠᠢ ᠲᠡᠭᠦᠰᠬᠦ ᠰᠤᠷᠤᠭᠴᠢᠳ ᠲᠤ ᠬᠤᠣᠰᠯᠠᠯ ᠪᠠᠶᠢᠭᠤᠯᠤᠨ ᠬᠠᠪᠰᠤᠷᠤᠨ ᠲᠡᠳᠬᠦᠬᠦ | ᠠᠵᠢᠯᠯᠠᠭ᠎ᠠ ᠥᠷᠨᠢᠭᠦᠯᠵᠦ᠂ ᠳᠡᠭᠡᠳᠦ ᠰᠤᠷᠭᠠᠭᠤᠯᠢ ᠲᠡᠭᠦᠰᠦᠭᠰᠡᠳ ᠤᠨ ᠠᠵᠢᠯ ᠣᠯᠣᠭᠰᠠᠨ ᠪᠠᠶᠢᠳᠠᠯ ᠤᠨ ᠲᠤᠬᠠᠢ | ᠪᠠᠶᠢᠳᠠᠯ ᠢ ᠣᠶᠢᠯᠠᠭᠠᠨ ᠪᠠᠶᠢᠴᠠᠭᠠᠨ ᠰᠤᠳᠤᠯᠤᠯᠲᠠ ᠬᠢᠵᠦ᠂ ᠲᠡᠳᠡᠨ ᠤ ᠠᠵᠢᠯ ᠣᠯᠵᠤ ᠦᠢᠯᠡᠰ ᠪᠤᠰᠬᠠᠬᠤ ᠬᠦᠰᠡᠯ | ᠡᠷᠡᠮᠡᠯᠵᠡᠯ᠂ ᠠᠵᠢᠯ ᠣᠯᠭᠤᠬᠤ ᠦᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠶᠢ ᠬᠥᠳᠡᠯᠦᠩᠭᠦᠢ ᠪᠠᠷ ᠡᠵᠡᠮᠰᠢᠨ᠂ | ᠦᠨᠡᠨ ᠨᠡᠷ᠎ᠡ ᠶᠢᠨ ᠳᠦᠷᠢᠮ ᠤᠨ ᠡᠬᠡ ᠲᠠᠩᠰᠠ ᠪᠠᠶᠢᠭᠤᠯᠵᠤ᠂ ᠮᠥᠷᠳᠡᠨ ᠦᠢᠯᠡᠴᠢᠯᠡᠵᠦ᠂ ︽ᠨᠢᠭᠡ ᠬᠥᠮᠥᠨ ᠳᠤ | ᠨᠢᠭᠡ ᠪᠣᠳᠣᠯᠭ᠎ᠠ ᠬᠡᠷᠡᠭᠵᠢᠭᠦᠯᠬᠦ︾ ᠶᠢ ᠬᠡᠷᠡᠭᠵᠢᠭᠦᠯᠦᠨ᠂ ︽ᠨᠢᠭᠡ ᠳᠤ ᠨᠢᠭᠡ︾ ᠶᠢᠨ ᠠᠵᠢᠯ ᠣᠯᠭᠤᠬᠤ | ᠦᠢᠯᠡᠴᠢᠯᠡᠭᠡᠨ ᠤ ᠬᠠᠪᠰᠤᠷᠤᠨ ᠲᠡᠳᠬᠦᠬᠦ ᠶᠢ ᠥᠷᠨᠢᠭᠦᠯᠵᠦ᠂ ᠠᠵᠢᠯ ᠣᠯᠬᠤ ᠬᠦᠰᠡᠯ ᠰᠠᠨᠠᠭ᠎ᠠ ᠲᠠᠢ | ᠲᠡᠭᠦᠰᠦᠭᠰᠡᠳ ᠲᠤ ᠨᠠᠭᠠᠲᠤ ᠵᠠᠬ᠎ᠠ ᠳᠠᠭᠠᠨ ᠨᠢᠭᠡ ᠤᠳᠠᠭ᠎ᠠ ᠠᠵᠢᠯ ᠮᠡᠷᠭᠡᠵᠢᠯ ᠤᠨ ᠵᠢᠯᠣᠭᠤᠳᠤᠯᠭ᠎ᠠ᠂ 3 ᠤᠳᠠᠭ᠎ᠠ | ᠠᠵᠢᠯ ᠤᠨ ᠪᠠᠶᠢᠷᠢ ᠶᠢᠨ ᠲᠠᠨᠢᠯᠴᠠᠭᠤᠯᠭ᠎ᠠ᠂ 1 ᠤᠳᠠᠭ᠎ᠠ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠪᠤᠶᠤ | ᠠᠵᠢᠯ ᠣᠯᠬᠤ ᠳᠠᠳᠤᠯᠭ᠎ᠠ ᠶᠢᠨ ᠲᠣᠬᠢᠶᠠᠯ ᠬᠠᠩᠭᠠᠨ᠎ᠡ᠃ | ᠲᠠᠪᠤ᠂ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠳᠠᠳᠤᠯᠭ᠎ᠠ ᠶᠢ ᠥᠷᠨᠢᠭᠦᠯᠦᠨ᠎ᠡ | 9᠂ ᠴᠢᠬᠤᠯᠠ ᠶᠡᠭᠡ ᠲᠦᠷᠦᠯ ᠵᠦᠢᠯ᠂ ᠭᠤᠣᠯᠳᠠᠯᠭ᠎ᠠ ᠲᠠᠢ ᠠᠵᠤ ᠠᠬᠤᠶᠢᠯᠠᠯ ᠵᠢᠴᠢ ᠣᠨᠴᠠᠯᠢᠭᠲᠤ | ᠵᠤᠭᠠᠴᠠᠯ ᠤᠨ ᠠᠷᠠᠳ ᠤᠨ ᠣᠷᠣᠨ ᠰᠠᠭᠤᠴᠠ ᠵᠡᠷᠭᠡ ᠠᠵᠢᠯ ᠲᠦᠷᠦᠯ ᠢ ᠵᠠᠯᠠᠭᠤᠴᠤᠳ ᠤᠨ ᠳᠠᠳᠤᠯᠭ᠎ᠠ ᠶᠢᠨ | ᠰᠠᠭᠤᠷᠢᠨ ᠢ ᠲᠣᠭᠲᠠᠭᠠᠬᠤ ᠬᠡᠪᠴᠢᠶᠡᠨ ᠳᠤ ᠣᠷᠣᠭᠤᠯᠵᠤ᠂ ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ | ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ ᠠᠴᠠ ᠲᠡᠭᠦᠰᠦᠭᠰᠡᠳ ᠪᠣᠯᠣᠨ 16—24 ᠨᠠᠰᠤᠨ ᠤ ᠠᠵᠢᠯ | ᠠᠯᠳᠠᠭᠰᠠᠨ ᠵᠠᠯᠠᠭᠤᠴᠤᠳ 3 — 12 ᠰᠠᠷ᠎ᠠ ᠶᠢᠨ ᠠᠵᠢᠯ ᠣᠯᠬᠤ ᠳᠠᠳᠤᠯᠭ᠎ᠠ ᠳᠤ ᠣᠷᠣᠯᠴᠠᠪᠠᠯ᠂ ᠲᠣᠭᠲᠠᠭᠠᠯ | ᠶᠣᠰᠣᠭᠠᠷ ᠠᠵᠢᠯ ᠣᠯᠬᠤ ᠳᠠᠳᠤᠯᠭ᠎ᠠ ᠶᠢᠨ ᠨᠥᠬᠦᠪᠦᠷᠢ ᠣᠯᠭᠤᠨ᠎ᠠ᠂ ᠨᠥᠬᠦᠪᠦᠷᠢ ᠶᠢᠨ ᠪᠠᠷᠢᠮᠵᠢᠶ᠎ᠠ ᠶᠢ ᠥᠪᠡᠷᠲᠡᠭᠡᠨ | ᠵᠠᠰᠠᠬᠤ ᠣᠷᠣᠨ ᠤ ᠨᠢᠭᠡᠳᠦᠭᠡᠷ ᠲᠥᠷᠥᠯ ᠤᠨ ᠣᠷᠣᠨ ᠤ ᠬᠠᠮᠤᠭ ᠤᠨ ᠳᠣᠣᠷ᠎ᠠ ᠴᠠᠯᠢᠩ ᠤᠨ ᠪᠠᠷᠢᠮᠵᠢᠶ᠎ᠠ ᠶᠢᠨ | 50% ᠪᠠᠶᠢᠯᠭᠠᠵᠤ᠂ ᠳᠠᠳᠤᠯᠭ᠎ᠠ ᠶᠢᠨ ᠬᠤᠭᠤᠴᠠᠭ᠎ᠠ ᠨᠢ ᠬᠦᠷᠦᠭᠡᠳ ᠦᠯᠡᠳᠡᠭᠡᠨ ᠬᠡᠷᠡᠭᠯᠡᠬᠦ ᠨᠤᠷᠮ᠎ᠠ ᠨᠢ 50% | ᠠᠴᠠ ᠳᠡᠭᠡᠭᠰᠢ ᠳᠤ ᠬᠥᠷᠥᠭᠰᠡᠨ ᠨᠢᠭᠡᠴᠡ ᠳᠤ ᠨᠥᠬᠦᠪᠦᠷᠢ ᠶᠢᠨ ᠪᠠᠷᠢᠮᠵᠢᠶ᠎ᠠ ᠶᠢ 60% ᠬᠦᠷᠲᠡᠯ᠎ᠡ | ᠳᠡᠭᠡᠭᠰᠢᠯᠡᠭᠦᠯᠦᠨ᠎ᠡ᠃ | ᠵᠢᠷᠭᠤᠭ᠎ᠠ᠂ ᠡᠷᠬᠢᠯᠡᠭᠰᠡᠨ ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠤᠨ ᠶᠠᠰᠤ ᠴᠢᠨᠠᠷ ᠢ | ᠳᠡᠭᠡᠭᠰᠢᠯᠡᠭᠦᠯᠦᠨ᠎ᠡ | 10᠂ ᠮᠠᠨ ᠤ ᠬᠤᠲᠠ ᠶᠢᠨ ᠠᠵᠤ ᠦᠢᠯᠡᠰ ᠤᠨ ᠬᠥᠭᠵᠢᠯᠲᠡ ᠪᠠ ᠴᠢᠬᠤᠯᠠ ᠶᠡᠭᠡ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠵᠠᠬ᠎ᠠ ᠳᠡᠯᠭᠡᠭᠦᠷ ᠤᠨ | ᠪᠠᠴᠢᠮ ᠬᠡᠷᠡᠭᠴᠡᠭᠡ ᠲᠠᠢ ᠠᠵᠢᠯ ᠮᠡᠷᠭᠡᠵᠢᠯ ︵ᠠᠵᠢᠯ ᠲᠥᠷᠥᠯ︶ ᠪᠠ ᠠᠷᠠᠳ ᠤᠨ ᠣᠷᠣᠨ ᠰᠠᠭᠤᠴᠠ᠂ ᠡᠷᠡᠭᠦᠯᠵᠢᠯ | ᠰᠤᠪᠢᠯᠠᠯᠲᠠ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠬᠡᠷᠡᠭᠴᠡᠭᠡ ᠶᠢᠨ ᠲᠣᠭᠤᠷᠢᠨ ᠳᠤ᠂ ᠶᠡᠭᠡ | ᠬᠡᠪᠴᠢᠶᠡᠨ ᠤ᠂ ᠴᠢᠨᠠᠷ ᠰᠠᠶᠢᠲᠠᠢ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠭᠤᠯᠤᠯ ᠢ ᠥᠷᠨᠢᠭᠦᠯᠵᠦ᠂ | ᠰᠤᠷᠭᠠᠭᠤᠯᠢ ᠠᠵᠤ ᠠᠬᠤᠶᠢᠯᠠᠯ ᠤᠨ ᠬᠠᠮᠲᠤᠷᠠᠯᠴᠠᠬᠤ ᠲᠠᠪᠴᠠᠩ ᠢ ᠪᠠᠶᠢᠭᠤᠯᠤᠨ᠂ ᠠᠵᠤ ᠠᠬᠤᠶᠢᠯᠠᠯ ᠤᠨ ᠲᠣᠰ | ᠬᠤᠭᠤᠴᠠᠭᠠᠨ ᠤ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ | ᠪᠣᠯᠪᠠᠰᠤᠷᠠᠭᠤᠯᠤᠯ ᠬᠢᠬᠦ ᠶᠢ ᠵᠣᠷᠢᠭᠵᠢᠭᠤᠯᠬᠤ ᠶᠢᠨ ᠬᠠᠮᠲᠤ ᠲᠣᠭᠲᠠᠭᠠᠯ ᠶᠣᠰᠣᠭᠠᠷ ᠪᠣᠯᠪᠠᠰᠤᠷᠠᠭᠤᠯᠤᠯ ᠤᠨ | ᠨᠥᠬᠦᠪᠦᠷᠢ ᠶᠢ ᠨᠠᠶᠢᠳᠠᠪᠤᠷᠢᠵᠢᠭᠤᠯᠤᠨ᠎ᠠ︔ ᠨᠥᠬᠦᠴᠡᠯ ᠳᠤ ᠨᠡᠶᠢᠴᠡᠭᠰᠡᠨ ᠠᠵᠤ ᠠᠬᠤᠶᠢᠯᠠᠯ ᠤᠨ ᠠᠵᠢᠯ ᠳᠤ ᠪᠠᠶᠢᠭ᠎ᠠ | ᠠᠵᠢᠯᠲᠠᠨ ᠠᠵᠢᠯᠴᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠵᠡᠷᠭᠡ ᠳᠡᠰ ᠤᠨ ᠦᠨᠡᠮᠯᠡᠯ ᠣᠯᠣᠭᠰᠠᠨ ᠪᠠᠶᠢᠪᠠᠯ᠂ ᠮᠡᠷᠭᠡᠵᠢᠯ ᠴᠢᠳᠠᠪᠤᠷᠢ ᠶᠢ ᠳᠡᠭᠡᠭᠰᠢᠯᠡᠭᠦᠯᠬᠦ | ᠨᠥᠬᠦᠪᠦᠷᠢ ᠣᠯᠭᠤᠨ᠎ᠠ᠄ ᠠᠩᠬ᠎ᠠ ᠵᠡᠷᠭᠡ ᠶᠢᠨ ︵ᠲᠠᠪᠤᠳᠤᠭᠠᠷ ᠲᠠᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ | ᠦᠨᠡᠮᠯᠡᠯ ᠪᠤᠶᠤ ᠮᠡᠷᠭᠡᠵᠢᠯ ᠴᠢᠳᠠᠪᠤᠷᠢ ᠶᠢᠨ ᠲᠠᠰ ᠤᠨ ᠦᠨᠡᠮᠯᠡᠯ ᠢ ᠬᠥᠮᠥᠨ ᠪᠦᠷᠢ 1000 ᠲᠥᠭᠦᠷᠢᠭ ᠣᠯᠵᠤ᠂ | ᠳᠤᠮᠳᠠ ᠵᠡᠷᠭᠡ ᠶᠢᠨ ︵ᠳᠥᠷᠪᠡᠳᠦᠭᠡᠷ ᠲᠠᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠮᠡᠷᠭᠡᠵᠢᠯ | ᠴᠢᠳᠠᠪᠤᠷᠢ ᠶᠢᠨ ᠲᠠᠰ ᠤᠨ ᠦᠨᠡᠮᠯᠡᠯ ᠢ ᠬᠥᠮᠥᠨ ᠪᠦᠷᠢ 1500 ᠲᠥᠭᠦᠷᠢᠭ ᠣᠯᠭᠤᠵᠤ᠂ ᠳᠡᠭᠡᠳᠦ ᠵᠡᠷᠭᠡ ᠶᠢᠨ ︵ | ᠭᠤᠷᠪᠠᠳᠤᠭᠠᠷ ᠳᠡᠰ︶ ᠶᠢᠨ ᠠᠵᠢᠯ ᠮᠡᠷᠭᠡᠵᠢᠯ ᠤᠨ ᠬᠢᠷᠢ ᠬᠡᠮ ᠤᠨ ᠦᠨᠡᠮᠯᠡᠯ ᠪᠤᠶᠤ ᠮᠡᠷᠭᠡᠵᠢᠯ ᠴᠢᠳᠠᠪᠤᠷᠢ ᠶᠢᠨ | ᠲᠠᠰ ᠤᠨ ᠦᠨᠡᠮᠯᠡᠯ ᠢ ᠬᠥᠮᠥᠨ ᠪᠦᠷᠢ 2000 ᠲᠥᠭᠦᠷᠢᠭ ᠣᠯᠭᠤᠨ᠎ᠠ᠃ | ᠲᠤᠯᠤᠭ᠎ᠠ᠂ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ | ᠤᠨ ᠦᠢᠯᠡᠰ ᠪᠤᠰᠬᠠᠵᠤ ᠠᠵᠢᠯ ᠣᠯᠬᠤ ᠶᠢ ᠵᠤᠷᠢᠭᠵᠢᠭᠤᠯᠤᠨ᠎ᠡ | 11. ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠨ ᠪᠠᠶᠢᠯᠳᠤᠭᠴᠢᠳ | ᠬᠤᠪᠢ ᠶᠢᠨ ᠡᠵᠡᠩᠨᠡᠯᠲᠡ ᠬᠢᠵᠦ ᠪᠠᠶᠢᠪᠠᠯ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠢ | ᠳᠡᠩᠰᠡᠯᠡᠨ ᠲᠡᠮᠳᠡᠭᠯᠡᠭᠦᠯᠦᠭᠰᠡᠨ ᠲᠣᠰ ᠰᠠᠷ᠎ᠠ ᠠᠴᠠ ᠡᠬᠢᠯᠡᠨ᠂ 3 ᠵᠢᠯ ᠤᠨ ᠳᠣᠲᠣᠷ᠎ᠠ ︵36 ᠰᠠᠷ᠎ᠠ︶ ᠡᠷᠦᠬᠡ | ᠪᠦᠷᠢ ᠳᠤ ᠵᠢᠯ ᠪᠦᠷᠢ 1.44 ᠲᠦᠮᠡᠨ ᠲᠥᠭᠦᠷᠢᠭ ᠤᠨ ᠬᠢᠵᠠᠭᠠᠷ ᠶᠣᠰᠣᠭᠠᠷ ᠲᠣᠰ ᠵᠢᠯ ᠤᠨ ᠪᠣᠳᠠᠲᠠᠢ ᠲᠤᠰᠢᠶᠠᠪᠠᠰᠤ | ᠵᠣᠬᠢᠬᠤ ᠥᠷᠲᠡᠭ ᠨᠡᠮᠡᠭᠳᠡᠯ ᠤᠨ ᠭᠠᠶᠢᠯᠢ᠂ ᠬᠤᠲᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ | ᠰᠤᠷᠭᠠᠨ ᠬᠥᠮᠦᠵᠢᠯ ᠤᠨ ᠨᠡᠮᠡᠯᠲᠡ᠂ ᠣᠷᠣᠨ ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ ᠪᠠ ᠬᠤᠪᠢ | ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ ᠲᠠᠰ ᠳᠠᠷᠠᠭᠠᠯᠠᠨ ᠬᠠᠰᠤᠨ᠎ᠠ᠃ | 12. ᠠᠵᠤ ᠠᠬᠤᠶᠢᠯᠠᠯ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ ᠪᠠᠭᠤᠭᠰᠠᠨ | ᠪᠠᠶᠢᠯᠳᠤᠭᠴᠢ ᠶᠢ ᠡᠯᠰᠡᠨ ᠬᠡᠷᠡᠭᠯᠡᠵᠦ᠂ ᠨᠢᠭᠡ ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ | ᠬᠠᠤᠯᠢ ᠶᠣᠰᠣᠭᠠᠷ ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠪᠠᠶᠢᠪᠠᠯ᠂ ᠬᠥᠳᠡᠯᠮᠦᠷᠢ ᠶᠢᠨ ᠭᠡᠷ᠎ᠡ | ᠲᠣᠭᠲᠠᠭᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠲᠡᠷᠡ ᠰᠠᠷ᠎ᠠ ᠠᠴᠠ ᠡᠬᠢᠯᠡᠨ᠂ 3 ᠵᠢᠯ ᠤᠨ | ᠳᠣᠲᠣᠷ᠎ᠠ ᠡᠯᠰᠡᠨ ᠬᠡᠷᠡᠭᠯᠡᠭᠰᠡᠨ ᠬᠥᠮᠥᠨ ᠤ ᠲᠤᠭ᠎ᠠ ᠳᠤ ᠲᠣᠭᠲᠠᠭᠰᠠᠨ ᠲᠤᠭ᠎ᠠ ᠪᠠᠷ ᠦᠷᠳᠡᠭ ᠨᠡᠮᠡᠭᠳᠡᠯ ᠤᠨ ᠭᠠᠶᠢᠯᠢ᠂ | ᠬᠤᠳᠠ ᠶᠢᠨ ᠬᠠᠮᠠᠭᠠᠯᠠᠯᠲᠠ ᠪᠦᠲᠦᠭᠡᠨ ᠪᠠᠶᠢᠭᠤᠯᠤᠯᠲᠠ ᠶᠢᠨ ᠭᠠᠶᠢᠯᠢ᠂ ᠰᠤᠷᠭᠠᠨ ᠬᠥᠮᠦᠵᠢᠯ ᠤᠨ ᠨᠡᠮᠡᠯᠲᠡ᠂ ᠣᠷᠣᠨ | ᠨᠤᠲᠤᠭ ᠤᠨ ᠰᠤᠷᠭᠠᠨ ᠬᠥᠮᠦᠵᠢᠯ ᠤᠨ ᠨᠡᠮᠡᠯᠲᠡ᠂ ᠬᠤᠪᠢ ᠬᠥᠮᠥᠨ ᠤ ᠠᠰᠢᠭ ᠣᠷᠣᠯᠭ᠎ᠠ ᠶᠢᠨ ᠭᠠᠶᠢᠯᠢ ᠶᠢ | ᠳᠠᠷᠠᠭᠠᠯᠠᠨ ᠬᠠᠰᠤᠨ᠎ᠠ᠂ ᠪᠠᠷᠢᠮᠵᠢᠶ᠎ᠠ ᠨᠢ ᠬᠥᠮᠥᠨ ᠪᠦᠷᠢ ᠵᠢᠯ ᠳᠤ 9000 ᠲᠥᠭᠦᠷᠢᠭ ᠪᠣᠯᠣᠨ᠎ᠠ᠃ | 13. ᠪᠣᠯᠪᠠᠰᠤᠷᠠᠭᠤᠯᠤᠯ ᠤᠨ ᠬᠦᠰᠡᠯ ᠲᠠᠢ ᠪᠡᠶ᠎ᠡ ᠪᠠᠨ ᠳᠠᠭᠠᠭᠠᠵᠤ ᠠᠵᠢᠯ ᠣᠯᠬᠤ ᠴᠡᠷᠢᠭ ᠤᠨ ᠠᠯᠪᠠᠨ ᠠᠴᠠ | ᠪᠠᠭᠤᠭᠰᠠᠨ ᠪᠠᠶᠢᠯᠳᠤᠭᠴᠢᠳ ᠲᠤ ᠨᠢᠭᠡ ᠤᠳᠠᠭᠠᠨ ᠤ ᠰᠦᠢᠳᠬᠡᠯ ᠬᠤᠷᠢᠶᠠᠬᠤ ᠦᠭᠡᠢ ᠪᠠᠷ ᠦᠢᠯᠡᠰ ᠪᠤᠰᠬᠠᠬᠤ | ᠪᠣᠯᠪᠠᠰᠤᠷᠠᠭᠤᠯᠤᠯ ᠪᠠ ︽ᠭᠤᠷᠪᠠ ᠶᠢ ᠬᠡᠯᠲᠦᠷᠢᠭᠦᠯᠵᠦ ᠨᠢᠭᠡ ᠶᠢ ᠨᠥᠬᠦᠪᠦᠷᠢᠯᠡᠬᠦ︾ ᠠᠵᠢᠯ ᠮᠡᠷᠭᠡᠵᠢᠯ ᠤᠨ ᠤᠷ᠎ᠠ | ᠴᠢᠳᠠᠪᠤᠷᠢ ᠶᠢᠨ ᠪᠣᠯᠪᠠᠰᠤᠷᠠᠭᠤᠯᠤᠯ ᠢ ᠭᠥᠷᠳᠡᠵᠦ ᠪᠣᠯᠣᠨ᠎ᠠ᠃ | ᠨᠠᠢᠮᠠ᠂ ᠪᠡᠶ᠎ᠡ ᠪᠠᠨ ᠳᠠᠭᠠᠭᠠᠵᠤ ᠦᠢᠯᠡᠰ ᠪᠣᠰᠬᠠᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠬᠤ ᠬᠡᠷᠡᠭᠲᠡᠢ | 14᠂ ᠦᠢᠯᠡᠰ ᠪᠤᠰᠬᠠᠵᠤ ᠨᠡᠪᠴᠢᠭᠦᠯᠬᠦ ᠦᠢᠯᠡᠴᠢᠯᠡᠭᠡᠨ ᠤ ᠠᠵᠤ ᠠᠬᠤᠶᠢᠯᠠᠯ ᠢ ᠣᠷᠣᠭᠤᠯᠤᠨ ᠠᠪᠴᠢᠷᠠᠬᠤ | ᠪᠠ ᠪᠣᠶᠢᠵᠢᠭᠤᠯᠬᠤ ᠡᠷᠴᠢᠮ ᠢᠶᠠᠨ ᠴᠢᠩᠭᠠᠷᠠᠭᠤᠯᠵᠤ᠂ 3 ᠵᠢᠯ ᠤᠨ ᠳᠣᠲᠣᠷ᠎ᠠ ᠴᠢᠳᠠᠮᠵᠢ ᠪᠠᠷ ᠪᠦᠷᠢᠨ᠂ | ᠦᠢᠯᠡᠴᠢᠯᠡᠭᠡ ᠪᠠᠷ ᠪᠦᠷᠢᠨ ᠭᠦᠢᠴᠡᠳ ᠪᠠᠷᠢᠮᠵᠢᠶᠠᠵᠢᠭᠤᠯᠤᠭᠰᠠᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ | 15 ᠪᠠᠶᠢᠭᠤᠯᠤᠨ᠎ᠠ᠂ ᠡᠭᠦᠨ ᠳᠤ ᠤᠯᠤᠰ ᠤᠨ ᠲᠠᠰ ᠤᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ 2᠂ | ᠥᠪᠡᠷᠲᠡᠭᠡᠨ ᠵᠠᠰᠠᠬᠤ ᠣᠷᠣᠨ ᠤ ᠲᠠᠰ ᠤᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ 5᠂ ᠬᠤᠲᠠ ᠶᠢᠨ | ᠲᠠᠰ ᠤᠨ ᠦᠢᠯᠡᠰ ᠪᠤᠰᠬᠠᠵᠤ ᠨᠡᠪᠴᠢᠭᠦᠯᠬᠦ ᠬᠦᠷᠢᠶᠡᠯᠡᠩ ᠢ 8 ᠪᠠᠶᠢᠭᠤᠯᠤᠨ᠎ᠠ᠃ | ᠦᠢᠯᠡᠰ ᠪᠤᠰᠬᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ ᠭᠠᠵᠠᠷ︶ ᠤᠨ ᠪᠦᠲᠦᠭᠡᠨ ᠪᠠᠶᠢᠭᠤᠯᠤᠯᠲᠠ ᠶᠢ | ᠰᠢᠯᠢᠳᠡᠭᠵᠢᠭᠦᠯᠦᠨ ᠲᠠᠰ ᠳᠡᠪᠰᠢᠭᠦᠯᠵᠦ᠂ ᠵᠢᠯ ᠪᠦᠷᠢ ᠦᠢᠯᠡᠰ ᠪᠤᠰᠬᠠᠬᠤ ᠬᠦᠷᠢᠶᠡᠯᠡᠩ ︵ᠨᠡᠪᠴᠢᠭᠦᠯᠬᠦ ᠰᠠᠭᠤᠷᠢᠨ | ᠭᠠᠵᠠᠷ︶ ᠤᠨ ᠡᠵᠡᠩᠨᠡᠯᠲᠡ ᠳᠤ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠯᠲᠡ ᠬᠢᠵᠦ᠂ ᠦᠨᠡᠯᠡᠨ | ᠵᠢᠱᠢᠭᠰᠡᠨ ᠲᠠᠰ ᠤᠨ ᠶᠣᠰᠣᠭᠠᠷ ︽ᠱᠠᠩᠨᠠᠬᠤ ᠪᠠᠷ ᠨᠥᠬᠦᠪᠦᠷᠢ ᠶᠢ ᠣᠷᠣᠯᠠᠭᠤᠯᠬᠤ︾ ᠪᠡᠯᠡ ᠮᠥᠩᠭᠦ ᠶᠢᠨ ᠱᠠᠩᠨᠠᠯ ᠤᠨ | ᠳᠡᠮᠵᠢᠯᠭᠡ ᠣᠯᠭᠤᠵᠤ᠂ ᠱᠠᠩᠨᠠᠬᠤ ᠪᠠᠷᠢᠮᠵᠢᠶ᠎ᠠ ᠨᠢ 30 ︱ 100 ᠲᠦᠮᠡᠨ ᠲᠥᠭᠦᠷᠢᠭ ᠪᠣᠯᠣᠨ᠎ᠠ᠃ | 15.ᠦᠢᠯᠡᠰ ᠪᠤᠰᠬᠠᠵᠤ ᠵᠢᠱᠢᠶ᠎ᠡ ᠦᠵᠡᠭᠦᠯᠬᠦ ᠳᠡᠯᠭᠡᠭᠦᠷ ᠢ ᠲᠠᠨᠢᠯᠴᠠᠭᠤᠯᠬᠤ ᠠᠵᠢᠯᠯᠠᠭ᠎ᠠ ᠶᠢ ᠥᠷᠨᠢᠭᠦᠯᠵᠦ᠂ | ᠵᠢᠯ ᠪᠦᠷᠢ ᠥᠪᠡᠷᠲᠡᠭᠡᠨ ᠵᠠᠰᠠᠬᠤ ᠣᠷᠣᠨ ᠤ ᠲᠠᠰ ᠤᠨ ︽ᠦᠢᠯᠡᠰ ᠪᠤᠰᠬᠠᠵᠤ ᠵᠢᠱᠢᠶ᠎ᠡ ᠦᠵᠡᠭᠦᠯᠬᠦ ᠳᠡᠯᠭᠡᠭᠦᠷ︾ ᠢ | ᠦᠨᠡᠮᠰᠢᠬᠦ ᠶᠢ ᠪᠡᠶᠡᠯᠡᠭᠦᠯᠬᠦ ᠪᠠᠷ ᠴᠢᠷᠮᠠᠶᠢᠵᠤ᠂ ᠥᠪᠡᠷᠲᠡᠭᠡᠨ ᠵᠠᠰᠠᠬᠤ ᠣᠷᠣᠨ ᠤ ᠦᠨᠡᠮᠰᠢᠬᠦ ᠪᠠᠷ ᠳᠡᠮᠵᠢᠨ ᠦᠢᠯᠡᠰ | ᠪᠤᠰᠬᠠᠵᠤ ᠵᠢᠱᠢᠶ᠎ᠡ ᠦᠵᠡᠭᠦᠯᠬᠦ ᠳᠡᠯᠭᠡᠭᠦᠷ ᠲᠤ ᠨᠢᠭᠡ ᠯᠡ ᠤᠳᠠᠭ᠎ᠠ ᠶᠢᠨ ᠴᠢᠨᠠᠷᠲᠠᠢ 1 ᠲᠦᠮᠡᠨ ᠲᠥᠭᠦᠷᠢᠭ ᠤᠨ | ᠦᠢᠯᠡᠰ ᠪᠤᠰᠬᠠᠵᠤ ᠵᠢᠱᠢᠶ᠎ᠡ ᠦᠵᠡᠭᠦᠯᠬᠦ ᠱᠠᠩᠨᠠᠯ ᠣᠯᠭᠤᠵᠤ᠂ ᠬᠡᠷᠡᠭᠰᠡᠬᠦ ᠪᠡᠯᠡ ᠮᠥᠩᠭᠦ ᠶᠢ ᠬᠤᠲᠠ ᠶᠢᠨ ᠡᠳ᠋ ᠤᠨ | ᠵᠠᠰᠠᠭ ᠠᠴᠠ ᠡᠭᠦᠷᠭᠡᠯᠡᠨ᠎ᠡ᠃ | ᠶᠢᠰᠦ᠂ ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ ᠵᠦᠢᠯ ᠢ ᠠᠭᠤᠳᠠᠯᠤᠨ ᠪᠣᠶᠢᠵᠢᠭᠤᠯᠤᠨ᠎ᠠ | 16.ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ | ᠨᠡᠶᠢᠭᠡᠮ ᠨᠡᠶᠢᠲᠡ ᠠᠴᠠ ᠦᠢᠯᠡᠰ ᠪᠤᠰᠬᠠᠬᠤ ᠲᠥᠷᠥᠯ ᠵᠦᠢᠯ ᠢ ᠢᠯᠡ ᠪᠠᠷ ᠡᠯᠰᠡᠨ ᠴᠤᠭᠯᠠᠭᠤᠯᠵᠤ᠂ ᠦᠢᠯᠡᠰ | ᠪᠤᠰᠬᠠᠬᠤ ᠲᠥᠷᠥᠯ ᠵᠦᠢᠯ ᠤᠨ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠶᠢᠨ ᠨᠢᠭᠡᠴᠡ ᠶᠢᠨ ᠵᠣᠬᠢᠶᠠᠨ | ᠪᠠᠶᠢᠭᠤᠯᠤᠭᠰᠠᠨ ᠦᠢᠯᠡᠰ ᠪᠤᠰᠬᠠᠵᠤ ᠲᠥᠷᠥᠯ ᠵᠦᠢᠯ ᠤᠨ ᠡᠯᠰᠡᠨ ᠴᠤᠭᠯᠠᠭᠤᠯᠤᠭᠰᠠᠨ ᠲᠤᠭ᠎ᠠ ᠬᠡᠮᠵᠢᠶ᠎ᠡ ᠪᠠ | ᠳᠡᠯᠭᠡᠷᠡᠭᠦᠯᠦᠨ ᠬᠡᠷᠡᠭᠯᠡᠭᠰᠡᠨ ᠦᠷ᠎ᠡ ᠪᠦᠲᠦᠮᠵᠢ ᠳᠤ ᠨᠢᠭᠡ ᠤᠳᠠᠭ᠎ᠠ ᠶᠢᠨ ᠴᠢᠨᠠᠷᠲᠠᠢ ᠱᠠᠩᠨᠠᠯ ᠤᠨ ᠨᠥᠬᠦᠪᠦᠷᠢ | ᠣᠯᠭᠤᠵᠤ᠂ ᠱᠠᠩᠨᠠᠯ ᠤᠨ ᠨᠥᠬᠦᠪᠦᠷᠢ ᠶᠢᠨ ᠪᠠᠷᠢᠮᠵᠢᠶ᠎ᠠ ᠶᠢ ᠳᠡᠭᠡᠷ᠎ᠡ ᠵᠢᠯ ᠤᠨ ᠬᠥᠮᠥᠷᠭᠡ ᠳᠤ ᠣᠷᠣᠭᠤᠯᠬᠤ ᠲᠥᠷᠥᠯ | ᠵᠦᠢᠯ ᠤᠨ ᠲᠠᠨᠢᠯᠴᠠᠭᠤᠯᠭ᠎ᠠ ᠶᠢᠨ ᠠᠮᠵᠢᠯᠲᠠ ᠣᠯᠣᠭᠰᠠᠨ ᠨᠣᠷᠮ᠎ᠠ ᠶᠢ 10% ᠠᠴᠠ ᠳᠣᠣᠷ᠎ᠠ ᠪᠠᠶᠢᠯᠭᠠᠵᠤ ᠪᠣᠯᠬᠤ | ᠦᠭᠡᠢ᠂ ᠨᠢᠭᠡ ᠲᠥᠷᠥᠯ ᠵᠦᠢᠯ ᠢ ᠡᠯᠰᠡᠬᠦ ᠪᠦᠷᠢ ᠬᠥᠮᠥᠷᠭᠡ ᠳᠤ ᠣᠷᠣᠭᠤᠯᠬᠤ ᠳᠤ 1000 ᠲᠥᠭᠦᠷᠢᠭ ᠠᠴᠠ | ᠬᠡᠲᠦᠷᠡᠬᠦ ᠦᠭᠡᠢ ᠱᠠᠩᠨᠠᠯ ᠤᠨ ᠨᠥᠬᠦᠪᠦᠷᠢ ᠣᠯᠭᠤᠨ᠎ᠠ︔ ᠡᠭᠦᠨ ᠤ ᠳᠣᠲᠣᠷᠠᠬᠢ ᠲᠠᠨᠢᠯᠴᠠᠭᠤᠯᠭ᠎ᠠ ᠶᠢ | ᠠᠮᠵᠢᠯᠲᠠ ᠲᠠᠢ ᠪᠠᠷ ᠦᠢᠯᠡᠰ ᠪᠤᠰᠬᠠᠭᠴᠢ ᠳᠤ ᠪᠠᠭᠤᠯᠭᠠᠨ ᠬᠡᠷᠡᠭᠯᠡᠭᠦᠯᠦᠭᠰᠡᠨ ᠪᠥᠭᠡᠳ ᠬᠠᠭᠠᠰ ᠵᠢᠯ ᠠᠴᠠ ᠳᠡᠭᠡᠭᠰᠢ | ᠲᠣᠭᠲᠠᠭᠤᠨ ᠢᠶᠠᠷ ᠡᠵᠡᠩᠨᠡᠭᠰᠡᠨ ᠦᠢᠯᠡᠰ ᠪᠤᠰᠬᠠᠬᠤ ᠲᠥᠷᠥᠯ ᠵᠦᠢᠯ ᠳᠤ ᠳᠠᠭᠢᠵᠤ ᠲᠥᠷᠥᠯ ᠵᠦᠢᠯ ᠨᠢᠭᠡᠪᠦᠷᠢ ᠳᠤ | 2000 ᠲᠥᠭᠦᠷᠢᠭ ᠠᠴᠠ ᠥᠯᠥ ᠬᠡᠲᠦᠷᠡᠬᠦ ᠲᠠᠨᠢᠯᠴᠠᠭᠤᠯᠭ᠎ᠠ ᠶᠢᠨ ᠱᠠᠩᠨᠠᠯ ᠤᠨ ᠨᠥᠬᠦᠪᠦᠷᠢ ᠣᠯᠭᠤᠨ᠎ᠠ᠃ | 17. ᠬᠤᠶᠠᠷ ᠵᠢᠯ ᠪᠦᠷᠢ ᠨᠢᠭᠡ ᠤᠳᠠᠭ᠎ᠠ ᠦᠢᠯᠡᠰ ᠪᠤᠰᠬᠠᠵᠤ ᠰᠢᠨ᠎ᠡ ᠶᠢ ᠡᠭᠦᠳᠬᠦ ᠤᠷᠤᠯᠳᠤᠭᠠᠨ ᠢ | ᠵᠣᠬᠢᠶᠠᠨ ᠪᠠᠶᠢᠭᠤᠯᠤᠨ ᠥᠷᠨᠢᠭᠦᠯᠵᠦ᠂ ᠱᠠᠩᠨᠠᠯ ᠣᠯᠣᠭᠰᠠᠨ ᠰᠢᠯᠢᠳᠡᠭ ᠦᠢᠯᠡᠰ ᠪᠤᠰᠬᠠᠵᠤ ᠰᠢᠨ᠎ᠡ ᠶᠢ ᠡᠭᠦᠳᠬᠦ | ᠲᠥᠷᠥᠯ ᠵᠦᠢᠯ ᠳᠤ 1—5 ᠲᠦᠮᠡᠨ ᠲᠥᠭᠦᠷᠢᠭ ᠤᠨ ᠪᠡᠯᠡ ᠮᠥᠩᠭᠦ ᠶᠢᠨ ᠱᠠᠩᠨᠠᠯ ᠣᠯᠭᠤᠵᠤ᠂ ᠨᠢᠭᠡ ᠪᠦᠯᠦᠭ | ᠴᠢᠨᠠᠷ ᠰᠠᠶᠢᠲᠠᠢ ᠦᠢᠯᠡᠰ ᠪᠤᠰᠬᠠᠵᠤ ᠰᠢᠨ᠎ᠡ ᠶᠢ ᠡᠭᠦᠳᠬᠦ ᠲᠥᠷᠥᠯ ᠵᠦᠢᠯ ᠢ ᠶᠡᠬᠡᠪᠡᠷ ᠠᠭᠤᠳᠠᠯᠤᠨ ᠪᠣᠶᠢᠵᠢᠭᠤᠯᠵᠤ᠂ | ᠮᠠᠨ ᠤ ᠬᠤᠲᠠ ᠶᠢᠨ ᠦᠢᠯᠡᠰ ᠪᠤᠰᠬᠠᠬᠤ ᠲᠥᠷᠥᠯ ᠵᠦᠢᠯ ᠤᠨ ᠬᠥᠮᠥᠷᠭᠡ ᠳᠤ ᠵᠢᠭᠰᠠᠭᠠᠨ ᠣᠷᠣᠭᠤᠯᠵᠤ᠂ ᠦᠢᠯᠡᠰ | ᠪᠤᠰᠬᠠᠭᠰᠡᠳ ᠲᠤ ᠦᠨ᠎ᠡ ᠲᠥᠯᠥᠪᠦᠷᠢ ᠦᠭᠡᠢ ᠪᠠᠷ ᠬᠡᠷᠡᠭᠯᠡᠭᠦᠯᠦᠨ᠎ᠡ᠃ | ᠠᠷᠪᠠ᠂ ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯ ᠣᠯᠭᠤᠬᠤ ᠶᠢ ᠵᠣᠷᠢᠭᠵᠢᠭᠤᠯᠤᠨ᠎ᠠ | 18᠂ ᠴᠢᠬᠤᠯᠠ ᠶᠡᠭᠡ ᠢᠨᠵᠧᠨᠧᠷᠢᠩ ᠤᠨ ᠲᠥᠷᠥᠯ ᠵᠦᠢᠯ᠂ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠪᠠ ᠬᠥᠳᠡᠯᠮᠦᠷᠢ ᠨᠢᠭᠲᠠᠷᠠᠭᠰᠠᠨ ᠬᠡᠯᠪᠡᠷᠢ ᠶᠢᠨ ᠳᠤᠮᠳᠠ ᠵᠢᠵᠢᠭ ᠪᠢᠴᠢᠯ ᠠᠵᠤ ᠠᠬᠤᠶᠢᠯᠠᠯ ᠤᠨ ᠠᠵᠢᠯᠴᠢᠨ | ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢ ᠴᠢᠩᠭ᠎ᠠ ᠠᠩᠬᠠᠷᠴᠤ᠂ ᠴᠢᠬᠤᠯᠠ ᠶᠡᠭᠡ ᠲᠥᠷᠥᠯ ᠵᠦᠢᠯ᠂ ᠭᠤᠣᠯᠳᠠᠯᠭ᠎ᠠ ᠲᠠᠢ | ᠠᠵᠤ ᠠᠬᠤᠶᠢᠯᠠᠯ ᠤᠨ ᠠᠵᠢᠯ ᠣᠯᠭᠤᠯᠲᠠ ᠶᠢᠨ ︽ᠰᠠᠪᠠ ᠨᠡᠮᠡᠬᠦ︾ ᠦᠢᠯᠡᠳᠦᠯ ᠢ ᠪᠠᠳᠠᠷᠠᠭᠤᠯᠤᠨ᠂ ︽ | ᠭᠤᠣᠯᠳᠠᠯᠭ᠎ᠠ ᠲᠠᠢ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠲᠤᠰᠬᠠᠢ ᠲᠠᠯᠠᠪᠤᠷ︾ ᠵᠡᠷᠭᠡ ᠤᠷᠢᠬᠤ | ᠠᠵᠢᠯᠯᠠᠭ᠎ᠠ ᠶᠢ ᠥᠷᠨᠢᠭᠦᠯᠵᠦ᠂ ︽ᠨᠢᠭᠡ ᠳᠤ ᠨᠢᠭᠡ︾ ᠶᠢᠨ ᠥᠪᠡᠷᠮᠢᠴᠡ ᠴᠢᠨᠠᠷ ᠲᠠᠢ ᠠᠵᠢᠯᠴᠢᠨ ᠬᠡᠷᠡᠭᠯᠡᠬᠦ ᠪᠠ | ᠪᠣᠯᠪᠠᠰᠤᠷᠠᠭᠤᠯᠤᠯ ᠤᠨ ᠦᠢᠯᠡᠴᠢᠯᠡᠭᠡ ᠬᠠᠩᠭᠠᠵᠤ᠂ ᠰᠢᠨ᠎ᠡ ᠠᠵᠢᠯ ᠤᠨ ᠪᠠᠶᠢᠷᠢ ᠶᠢᠨ ᠥᠷᠭᠡᠳᠬᠡᠨ ᠨᠡᠮᠡᠭᠳᠡᠭᠦᠯᠬᠦ | ᠬᠡᠮᠵᠢᠶ᠎ᠡ ᠶᠢ ᠨᠠᠷᠢᠯᠢᠭ ᠣᠨᠣᠴᠠᠲᠠᠢ ᠪᠠᠷ ᠵᠣᠯᠭᠠᠭᠤᠯᠤᠨᠡ᠃ | 19. ᠠᠵᠢᠯ ᠣᠯᠬᠤ ᠳᠤ ᠬᠦᠴᠢᠷᠲᠡᠢ ᠬᠥᠮᠥᠰ᠂ ᠲᠡᠭᠦᠰᠬᠦ ᠣᠨ ᠤ ᠳᠡᠭᠡᠳᠦ ᠰᠤᠷᠭᠠᠭᠤᠯᠢ ᠲᠡᠭᠦᠰᠦᠭᠰᠡᠳ ᠪᠠ | ᠰᠤᠷᠭᠠᠭᠤᠯᠢ ᠠᠴᠠ ᠪᠠᠨ ᠰᠠᠯᠤᠭᠠᠳ 2 ᠵᠢᠯ ᠤᠨ ᠳᠣᠲᠣᠷ᠎ᠠ ᠠᠵᠢᠯ ᠣᠯᠣᠭᠠᠳᠤᠢ ᠳᠡᠭᠡᠳᠦ ᠰᠤᠷᠭᠠᠭᠤᠯᠢ | ᠲᠡᠭᠦᠰᠦᠭᠰᠡᠳ ᠢ ᠡᠯᠰᠡᠨ ᠬᠡᠷᠡᠭᠯᠡᠬᠦ ᠳᠤ᠂ 1 ᠵᠢᠯ ᠠᠴᠠ ᠳᠡᠭᠡᠭᠰᠢ ᠬᠥᠳᠡᠯᠮᠦᠷᠢ ᠶᠢᠨ ᠭᠡᠷ᠎ᠡ ᠲᠣᠭᠲᠠᠭᠰᠠᠨ ᠪᠥᠭᠡᠳ | ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠭᠰᠠᠨ ᠠᠵᠤ ᠠᠬᠤᠶᠢᠯᠠᠯ ᠳᠤ ᠬᠠᠮᠢᠶ᠎ᠠ ᠪᠦᠬᠦᠢ ᠲᠣᠭᠲᠠᠭᠠᠯ | ᠶᠣᠰᠣᠭᠠᠷ ᠨᠡᠶᠢᠭᠡᠮ ᠤᠨ ᠳᠠᠭᠠᠳᠬᠠᠯ ᠤᠨ ᠨᠥᠬᠦᠪᠦᠷᠢ ᠣᠯᠭᠤᠨ᠎ᠠ᠃ | ᠠᠷᠪᠠᠨ ᠨᠢᠭᠡ᠂ ᠪᠣᠯᠪᠠᠰᠤᠷᠠᠭᠤᠯᠤᠯ ᠪᠣᠯᠣᠨ ᠬᠥᠳᠡᠯᠮᠦᠷᠢ ᠦᠢᠯᠡᠴᠢᠯᠡᠭᠡᠨ ᠤ ᠲᠦᠷᠦᠯ ᠲᠡᠮᠳᠡᠭ ᠢ ᠪᠤᠢ | ᠪᠣᠯᠭᠠᠨ᠎ᠠ | 20᠂ ᠮᠠᠨ ᠤ ᠬᠤᠲᠠ ᠶᠢᠨ ᠲᠤᠯᠭᠠᠭᠤᠷᠢ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠳᠤ | ᠰᠠᠭᠤᠷᠢᠯᠠᠨ᠂ ᠠᠷᠠᠳ ᠤᠨ ᠣᠷᠣᠨ ᠰᠠᠭᠤᠴᠠ᠂ ᠡᠷᠡᠭᠦᠯᠵᠢᠯ ᠰᠤᠪᠢᠯᠠᠯᠲᠠ ᠵᠡᠷᠭᠡ ᠣᠨᠴᠠᠯᠢᠭᠲᠤ ᠠᠵᠤ ᠦᠢᠯᠡᠰ ᠲᠤ | ᠠᠩᠬᠠᠷᠤᠯ ᠢᠶᠠᠨ ᠬᠠᠨᠳᠤᠭᠤᠯᠵᠤ᠂ ︽ᠨᠢᠭᠡ ᠰᠢᠶᠠᠨ ᠳᠤ ᠨᠢᠭᠡ ᠨᠠᠷᠠᠲᠤ ᠲᠡᠮᠳᠡᠭᠲᠦ︾ ᠶᠢᠨ ᠱᠠᠭᠠᠷᠳᠠᠯᠭ᠎ᠠ ᠶᠣᠰᠣᠭᠠᠷ᠂ | ᠣᠯᠠᠨ ᠬᠦᠷᠢᠶ᠎ᠡ ᠴᠠᠷᠠᠭ᠎ᠠ ᠶᠢᠨ ᠴᠢᠨᠠᠷ ᠰᠠᠶᠢᠲᠠᠢ ᠪᠣᠯᠪᠠᠰᠤᠷᠠᠭᠤᠯᠤᠯ ᠪᠠ ᠬᠥᠳᠡᠯᠮᠦᠷᠢ ᠦᠢᠯᠡᠴᠢᠯᠡᠭᠡᠨ ᠤ ᠨᠠᠷᠠᠲᠤ | ᠲᠡᠮᠳᠡᠭᠲᠦ ᠶᠢ ᠪᠣᠶ ᠪᠣᠯᠭᠠᠵᠤ᠂ 3 ᠵᠢᠯ ᠤᠨ ᠳᠣᠲᠣᠷ᠎ᠠ 10 ᠣᠷᠣᠨ ᠪᠦᠰᠡ ᠶᠢᠨ ᠣᠨᠴᠠᠯᠢᠭᠲᠤ ᠬᠥᠳᠡᠯᠮᠦᠷᠢ | ᠦᠢᠯᠡᠴᠢᠯᠡᠭᠡᠨ ᠤ ᠨᠠᠷᠠᠲᠤ ᠲᠡᠮᠳᠡᠭᠲᠦ ᠶᠢ ᠪᠣᠶᠢᠵᠢᠭᠤᠯᠬᠤ ᠪᠠ ᠪᠣᠶ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ | ᠲᠣᠭᠲᠠᠭᠠᠭᠰᠠᠨ ᠬᠥᠳᠡᠯᠮᠦᠷᠢ ᠦᠢᠯᠡᠴᠢᠯᠡᠭᠡᠨ ᠤ ᠨᠠᠷᠠᠲᠤ ᠲᠡᠮᠳᠡᠭᠲᠦ ᠳᠤ 5 ᠲᠦᠮᠡᠨ ᠲᠥᠭᠦᠷᠢᠭ ᠤᠨ ᠨᠢᠭᠡ | ᠤᠳᠠᠭ᠎ᠠ ᠶᠢᠨ ᠴᠢᠨᠠᠷᠲᠠᠢ ᠪᠡᠯᠡ ᠮᠥᠩᠭᠦ ᠶᠢᠨ ᠱᠠᠩᠨᠠᠯ ᠣᠯᠭᠤᠵᠤ᠂ ᠬᠡᠷᠡᠭᠰᠡᠬᠦ ᠪᠡᠯᠡ ᠮᠥᠩᠭᠦ ᠶᠢ ᠬᠤᠲᠠ ᠶᠢᠨ | ᠡᠳ᠋ ᠤᠨ ᠵᠠᠰᠠᠭ ᠠᠴᠠ ᠡᠭᠦᠷᠭᠡᠯᠡᠨ᠎ᠡ᠃ | ᠠᠷᠪᠠᠨ ᠬᠤᠶᠠᠷ᠂ ᠡᠳᠦᠷ ᠤᠨ ᠠᠵᠢᠯ ᠤᠨ ᠵᠠᠬ᠎ᠠ ᠳᠡᠯᠭᠡᠭᠦᠷ ᠤᠨ ᠪᠦᠲᠦᠭᠡᠨ ᠪᠠᠶᠢᠭᠤᠯᠤᠯᠲᠠ ᠶᠢ | ᠲᠦᠷᠭᠡᠳᠬᠡᠨ᠎ᠡ | 21᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠡᠳᠦᠷ ᠤᠨ ᠬᠦᠴᠦᠨ ᠤ ᠵᠠᠬ᠎ᠠ ᠳᠡᠯᠭᠡᠭᠦᠷ | ︵ᠬᠥᠳᠡᠯᠮᠦᠷᠢ ᠦᠢᠯᠡᠴᠢᠯᠡᠭᠡᠨ ᠤ ᠵᠠᠬ᠎ᠠ ᠳᠡᠯᠭᠡᠭᠦᠷ︶ ᠤᠨ ᠪᠦᠲᠦᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ | ᠠᠬᠢᠭᠤᠯᠵᠤ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠰᠦᠯᠵᠢᠶᠡᠨ ᠠᠴᠠ ᠭᠠᠳᠠᠭᠤᠷᠬᠢ ᠡᠳᠦᠷ ᠤᠨ | ᠬᠦᠴᠦᠨ ᠤ ᠵᠠᠬ᠎ᠠ ᠳᠡᠯᠭᠡᠭᠦᠷ ᠢ ᠨᠠᠭᠠᠲᠤ ᠵᠠᠬ᠎ᠠ ᠳᠠᠭᠠᠨ 1 ᠪᠠᠶᠢᠭᠤᠯᠵᠤ᠂ ︽ᠢᠨᠲ᠋ᠧᠷ ᠰᠦᠯᠵᠢᠶ᠎ᠡ + ᠠᠵᠢᠯ | ᠣᠯᠭᠤᠯᠲᠠ︾ ᠶᠢ ᠶᠡᠬᠡᠪᠡᠷ ᠠᠬᠢᠭᠤᠯᠵᠤ᠂ ᠤᠯᠠᠭᠠᠨᠴᠠᠪ ᠤᠨ ᠰᠦᠯᠵᠢᠶᠡᠨ ᠤ ᠡᠳᠦᠷ ᠤᠨ ᠬᠦᠴᠦᠨ ᠤ ᠵᠠᠬ᠎ᠠ | ᠳᠡᠯᠭᠡᠭᠦᠷ ᠤᠨ ᠲᠠᠪᠴᠠᠩ ᠢ ᠢᠳᠡᠪᠬᠢᠲᠡᠢ ᠪᠠᠶᠢᠭᠤᠯᠬᠤ᠂ ᠳᠡᠯᠭᠡᠷᠡᠭᠦᠯᠬᠦ ᠪᠠ ᠬᠡᠷᠡᠭᠯᠡᠨ᠎ᠡ︔ ᠦᠨᠳᠦᠰᠦᠨ ᠱᠠᠲᠤᠨ ᠤ | ᠦᠢᠯᠡᠴᠢᠯᠡᠭᠡᠨ ᠤ ᠲᠣᠣᠷ ᠴᠡᠭ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ | ᠰᠢᠶᠠᠩ ᠪᠠᠯᠭᠠᠰᠤ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠦᠢᠯᠡᠴᠢᠯᠡᠭᠡᠨ ᠤ ᠲᠤᠰᠬᠠᠢ ᠣᠷᠣᠨ ᠢ ᠨᠡᠮᠡᠵᠦ ᠬᠤᠯᠪᠣᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠠᠵᠢᠯ ᠮᠡᠷᠭᠡᠵᠢᠯ ᠤᠨ ᠵᠢᠯᠣᠭᠤᠳᠤᠯᠭ᠎ᠠ᠂ ᠠᠵᠢᠯᠴᠢᠨ ᠬᠡᠷᠡᠭᠯᠡᠬᠦ ᠶᠢ ᠵᠣᠯᠭᠠᠭᠤᠯᠬᠤ ᠵᠡᠷᠭᠡ | ᠦᠢᠯᠡᠴᠢᠯᠡᠭᠡ ᠶᠢ ᠥᠷᠨᠢᠭᠦᠯᠬᠦ ᠶᠢ ᠵᠣᠷᠢᠭᠵᠢᠭᠤᠯᠤᠨ᠎ᠠ︔ ᠠᠵᠢᠯ ᠣᠯᠭᠤᠬᠤ ᠦᠢᠯᠡᠴᠢᠯᠡᠭᠡ ᠪᠠ ᠲᠥᠷᠥ ᠶᠢᠨ | ᠪᠣᠳᠣᠯᠭ᠎ᠠ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ᠂ ᠠᠮᠢᠳᠤᠯᠢᠭ ᠢᠶᠠᠷ ᠠᠵᠢᠯ ᠣᠯᠣᠭᠰᠠᠳ ᠪᠠ | ᠠᠵᠢᠯᠴᠢᠨ ᠬᠡᠷᠡᠭᠯᠡᠬᠦ ᠭᠤᠤᠯ ᠴᠣᠭᠴᠠ ᠳᠤ ᠡᠳᠦᠷ ᠤᠨ ᠬᠦᠴᠦᠨ ᠤ ᠮᠡᠳᠡᠭᠡ ᠵᠠᠩᠭᠢ ᠶᠢ ᠲᠠᠩᠰᠠᠯᠠᠨ ᠨᠡᠶᠢᠲᠡᠯᠡᠬᠦ ᠪᠠ | ᠠᠵᠢᠯ ᠡᠷᠢᠵᠦ ᠠᠵᠢᠯᠴᠢᠨ ᠤᠷᠢᠵᠤ ᠬᠡᠷᠡᠭᠯᠡᠬᠦ ᠵᠡᠷᠭᠡ ᠦᠢᠯᠡᠴᠢᠯᠡᠭᠡ ᠶᠢ ᠰᠦᠢᠳᠬᠡᠯ ᠬᠤᠷᠢᠶᠠᠬᠤ ᠦᠭᠡᠢ ᠪᠠᠷ | ᠬᠠᠩᠭᠠᠨ᠎ᠠ᠃ | ᠠᠷᠪᠠᠨ ᠭᠤᠷᠪᠠ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ | ᠲᠠᠪᠴᠠᠩ ᠢ ᠨᠡᠭᠡᠭᠡᠨ ᠬᠥᠭᠵᠢᠭᠦᠯᠦᠨ᠎ᠡ | 22. ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠡᠯ᠎ᠡ ᠲᠥᠷᠥᠯ ᠤᠨ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠵᠢᠴᠢ ᠬᠥᠮᠥᠨ ᠤ ᠬᠦᠴᠦᠨ ᠤ ᠡᠬᠢ | ᠪᠠᠶᠠᠯᠢᠭ ᠤᠨ ᠦᠢᠯᠡᠴᠢᠯᠡᠭᠡᠨ ᠤ ᠬᠥᠮᠥᠨ ᠤ ᠬᠦᠴᠦᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠦᠢᠯᠡᠴᠢᠯᠡᠭᠡᠨ ᠤ | ᠲᠠᠪᠴᠠᠩ ᠢ ᠨᠡᠭᠡᠭᠡᠨ ᠬᠥᠭᠵᠢᠭᠦᠯᠵᠦ ᠪᠦᠲᠦᠭᠡᠨ ᠪᠠᠶᠢᠭᠤᠯᠵᠤ᠂ ᠭᠠᠳᠠᠭᠰᠢ ᠭᠠᠷᠴᠤ ᠠᠵᠢᠯ ᠬᠥᠳᠡᠯᠮᠦᠷᠢ ᠬᠢᠭᠰᠡᠳ ᠤᠨ | ᠦᠢᠯᠡᠴᠢᠯᠡᠭᠡᠨ ᠤ ᠪᠠᠶᠢᠭᠤᠯᠤᠮᠵᠢ ᠳᠤ ᠲᠦᠰᠢᠭᠯᠡᠨ ᠠᠵᠢᠯ ᠬᠥᠳᠡᠯᠮᠦᠷᠢ ᠬᠢᠭᠰᠡᠳ ᠤᠨ ᠮᠡᠳᠡᠭᠡ ᠵᠠᠩᠭᠢ ᠶᠢᠨ | ᠬᠥᠮᠥᠷᠭᠡ ᠶᠢ ᠪᠠᠶᠢᠭᠤᠯᠵᠤ᠂ ᠳᠡᠭᠡᠳᠦ ᠲᠠᠰ ᠳᠠᠪᠬᠤᠷᠭ᠎ᠠ ᠶᠢᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠬᠡᠷᠡᠭᠴᠡᠭᠡ ᠱᠠᠭᠠᠷᠳᠠᠯᠭ᠎ᠠ ᠪᠠ ᠠᠵᠤ ᠠᠬᠤᠶᠢᠯᠠᠯ ᠤᠨ ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠲᠠᠢ | ᠤᠶᠠᠯᠳᠤᠭᠤᠯᠤᠨ᠂ ︽ᠨᠢᠭᠡ ᠳᠤ ᠨᠢ ᠨᠢᠭᠡ︾ ᠪᠠ ︽ᠲᠥᠪᠯᠡᠷᠡᠩᠭᠦᠢ ᠮᠠᠶ᠋ᠢᠭ︾ ᠤᠨ ᠠᠵᠢᠯ ᠣᠯᠭᠤᠯᠲᠠ ᠶᠢᠨ | ᠲᠠᠨᠢᠯᠴᠠᠭᠤᠯᠭ᠎ᠠ ᠶᠢ ᠥᠷᠨᠢᠭᠦᠯᠵᠦ᠂ ᠠᠳᠠᠯᠢ ᠪᠤᠰᠤ ᠲᠠᠰ ᠳᠠᠪᠬᠤᠷᠭ᠎ᠠ ᠶᠢᠨ ᠴᠢᠳᠠᠪᠤᠷᠢᠲᠠᠨ ᠳᠤ ᠵᠦᠷᠢᠶᠡᠴᠢᠯᠡᠭᠰᠡᠨ | ᠬᠥᠮᠥᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ ᠬᠠᠩᠭᠠᠨ᠎ᠠ᠃ | ᠲᠣᠰ ᠠᠷᠭ᠎ᠠ ᠬᠡᠮᠵᠢᠶ᠎ᠡ ᠶᠢ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠬᠦᠴᠦᠨ ᠲᠠᠢ ᠬᠤᠭᠤᠴᠠᠭ᠎ᠠ ᠨᠢ 2 ᠵᠢᠯ ᠪᠣᠯᠣᠨ᠎ᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |