| | 2017 ᠣᠨ ᠤ 7 ᠰᠠᠷ᠎ᠠ ᠶᠢᠨ 14 ᠤ ᠡᠳᠦᠷ᠂ ᠪᠥᠬᠦ ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠬᠥᠳᠡᠯᠭᠡᠭᠡᠨ ᠤ ᠺᠣᠮᠢᠰ ᠠᠴᠠ ︽2015 ︱ 2017 ᠣᠨ ᠤ ᠦᠶᠡᠯᠡᠯ ᠤᠨ ᠬᠤᠭᠤᠴᠠᠭᠠᠨ ᠤ | ᠤᠯᠤᠰ ᠤᠨ ᠡᠷᠡᠭᠦᠯ ᠬᠠᠮᠠᠭᠠᠯᠠᠯ ᠤᠨ ᠬᠤᠲᠠ ︵ᠲᠣᠭᠤᠷᠢᠭ︶ ᠶᠢ ᠨᠡᠷᠡᠶᠢᠳᠬᠦ ᠲᠤᠬᠠᠢ ᠪᠥᠬᠦ ᠤᠯᠤᠰ ᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠲᠣᠭᠲᠠᠭᠠᠯ︾ ︵ᠪᠦᠬᠦ ᠤᠯᠤᠰ ᠤᠨ | ᠡᠷᠡᠭᠦᠯ ᠬᠠᠮᠠᠭᠠᠯᠠᠯ ᠤᠨ ᠺᠣᠮᠢᠰ ᠤᠨ ᠲᠠᠷᠬᠠᠭᠠᠭᠰᠠᠨ ﹇2017﹈ 3 ᠳ᠋ᠤᠭᠠᠷ ᠲᠣᠭᠠᠲᠤ︶ ᠢ ᠨᠡᠶᠢᠲᠡᠯᠡᠵᠦ᠂ ᠮᠠᠨ ᠤ | ᠬᠤᠲᠠ ᠶᠢ ᠵᠢᠩᠬᠢᠨᠢ ᠪᠠᠷ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠭᠡᠵᠦ ᠨᠡᠷᠡᠶᠢᠳᠪᠡ᠂ ᠲᠤᠬᠠᠶᠢᠯᠠᠪᠠᠯ ᠮᠠᠨ ᠤ | ᠬᠤᠲᠠ ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠪᠠ᠃ ᠤᠯᠤᠰ ᠤᠨ | ᠡᠷᠡᠭᠦᠯ ᠬᠠᠮᠠᠭᠠᠯᠠᠯ ᠤᠨ ᠬᠤᠳᠠ ᠶᠢ ᠠᠮᠵᠢᠯᠲᠠ ᠲᠠᠢ ᠡᠭᠦᠳᠦᠨ ᠪᠠᠶᠢᠭᠤᠯᠤᠭᠰᠠᠨ ᠶᠠᠪᠤᠳᠠᠯ ᠨᠢ ᠪᠦᠬᠦ ᠬᠤᠳᠠ ᠶᠢᠨ ︽ | ᠲᠠᠪᠤᠨ ᠬᠤᠳᠠ ᠶᠢ ᠬᠠᠮᠳᠤᠪᠠᠷ ᠴᠤᠭᠴᠠᠯᠠᠬᠤ︾ ᠳᠤ ᠲᠠᠬᠢᠨ ᠰᠢᠨ᠎ᠡ ᠬᠠᠭᠤᠳᠠᠰᠤ ᠰᠡᠬᠦᠪᠡ᠃ | | | | | | 2014 ᠣᠨ ᠳᠤ ᠮᠠᠨ ᠤ ᠬᠤᠲᠠ ᠡᠷᠡᠭᠦᠯ ᠬᠠᠮᠠᠭᠠᠯᠠᠯ ᠤᠨ ᠬᠤᠳᠠ ᠶᠢ ᠴᠤᠭᠴᠠᠯᠠᠬᠤ ᠠᠵᠢᠯ ᠢ | ᠡᠬᠢᠯᠡᠭᠦᠯᠦᠭᠰᠡᠨ ᠠᠴᠠ ᠨᠠᠰᠢ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠪᠠᠲᠤ ᠴᠢᠩᠭ᠎ᠠ | ᠤᠳᠤᠷᠢᠳᠤᠯᠭ᠎ᠠ ᠪᠠ ᠵᠢᠨᠢᠩ ᠲᠣᠭᠤᠷᠢᠭ ᠤᠨ ᠨᠠᠮ ᠤᠨ ᠬᠤᠷᠢᠶ᠎ᠠ᠂ ᠲᠣᠭᠤᠷᠢᠭ ᠤᠨ ᠵᠠᠰᠠᠭ ᠤᠨ ᠣᠷᠳᠣᠨ ᠵᠢᠴᠢ | ᠬᠤᠲᠠ ᠲᠣᠭᠤᠷᠢᠭ ᠬᠤᠶᠠᠷ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠮᠳᠤ ᠶᠢᠨ ᠳᠡᠮᠵᠢᠯᠭᠡ ᠳᠣᠣᠷ᠎ᠠ᠂ | ᠪᠥᠬᠦ ᠬᠤᠲᠠ ᠶᠢᠨ ᠠᠷᠠᠳ ᠲᠦᠮᠡᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠪᠡᠷᠬᠡ ᠰᠡᠳᠦᠪ ᠢ | ᠰᠢᠢᠳᠪᠦᠷᠢᠯᠡᠬᠦ ᠪᠠᠷ ᠵᠣᠷᠢᠭ ᠰᠢᠭᠤᠳᠤᠨ᠂ ᠰᠢᠪᠲᠤᠯᠤᠯᠲᠠ ᠶᠢᠨ ᠴᠢᠨᠠᠷᠲᠠᠢ ᠦᠷ᠎ᠡ ᠪᠦᠲᠦᠮᠵᠢ ᠣᠯᠣᠭᠰᠠᠨ ᠪᠠᠶᠢᠨ᠎ᠠ᠃ | ᠤᠨᠴᠠᠭᠠᠶᠢᠯᠠᠨ ᠵᠥᠭᠡᠯᠡᠨ ᠲᠤᠨᠤᠭ ᠤᠨ ᠮᠠᠲ᠋ᠧᠷᠢᠶᠠᠯ ᠢ ᠡᠮᠬᠢᠯᠡᠬᠦ᠂ ᠬᠠᠲᠠᠭᠤ ᠲᠤᠨᠤᠭ ᠤᠨ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ᠂ ᠬᠤᠳᠠ ᠶᠢᠨ ᠨᠠᠷᠢᠯᠢᠭᠵᠢᠭᠤᠯᠤᠭᠰᠠᠨ ᠬᠠᠮᠢᠶᠠᠷᠤᠯᠲᠠ ᠵᠡᠷᠭᠡ ᠭᠤᠷᠪᠠᠨ ᠲᠤᠮᠤ | ᠢᠨᠵᠧᠨᠧᠷᠢᠩ ᠴᠥᠮ ᠴᠢᠬᠤᠯᠠ ᠶᠡᠭᠡ ᠰᠢᠪᠲᠤᠯᠤᠯᠲᠠ ᠲᠠᠢ ᠪᠣᠯᠵᠤ᠂ ᠬᠤᠳᠠ ᠶᠢᠨ ᠪᠦᠬᠦᠶᠢᠯᠡ ᠳᠦᠷᠰᠦ ᠪᠠᠶᠢᠳᠠᠯ | ᠵᠢᠴᠢ ᠬᠠᠮᠢᠶᠠᠷᠤᠯᠲᠠ ᠶᠢᠨ ᠲᠦᠪᠰᠢᠨ ᠮᠡᠳᠡᠭᠳᠡᠬᠦᠶᠢᠴᠡ ᠳᠡᠭᠡᠭᠰᠢᠯᠡᠯᠲᠡ ᠲᠠᠢ ᠪᠣᠯᠪᠠ᠃ | | | | | ︽ᠤᠯᠤᠰ ᠤᠨ ᠡᠷᠡᠭᠦᠯ ᠬᠠᠮᠠᠭᠠᠯᠠᠯ ᠤᠨ ᠬᠤᠳᠠ︾ ᠪᠣᠯ ᠮᠠᠨ ᠤ ᠤᠯᠤᠰ ᠤᠨ ᠬᠤᠳᠠ ᠶᠢᠨ ᠡᠷᠡᠭᠦᠯ | ᠬᠠᠮᠠᠭᠠᠯᠠᠯ ᠤᠨ ᠠᠵᠢᠯ ᠤᠨ ᠬᠠᠮᠤᠭ ᠤᠨ ᠳᠡᠭᠡᠳᠦ ᠢᠷᠠᠭᠤ ᠠᠯᠳᠠᠷ ᠮᠥᠨ᠂ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢ ᠡᠭᠦᠳᠦᠨ ᠪᠠᠶᠢᠭᠤᠯᠬᠤ ᠪᠣᠯ ᠨᠢᠭᠡᠨ ᠮᠤᠨᠳᠠᠭ ᠶᠡᠭᠡ ᠰᠢᠰᠲ᠋ᠧᠮᠲᠦ ᠢᠨᠵᠧᠨᠧᠷᠢᠩ ᠮᠥᠨ᠂ ᠲᠡᠷᠡ ᠨᠢ | ᠬᠤᠳᠠ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ᠂ ᠬᠤᠳᠠ ᠶᠢᠨ ᠬᠠᠮᠢᠶᠠᠷᠤᠯᠲᠠ᠂ ᠣᠷᠴᠢᠨ | ᠠᠬᠤᠢ ᠶᠢᠨ ᠬᠠᠮᠠᠭᠠᠯᠠᠯᠲᠠ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠢᠳᠡᠭᠡᠨ ᠤ ᠠᠮᠤᠷ ᠲᠦᠪᠰᠢᠨ ᠵᠡᠷᠭᠡ | ᠤᠯᠠᠨ ᠬᠦᠷᠢᠶ᠎ᠡ ᠴᠠᠷᠠᠭ᠎ᠠ ᠶᠢ ᠬᠠᠮᠤᠷᠴᠤ᠂ ᠡᠭᠦᠳᠦᠨ ᠪᠠᠶᠢᠭᠤᠯᠬᠤ ᠨᠥᠬᠦᠴᠡᠯ ᠪᠠᠷᠢᠮᠵᠢᠶ᠎ᠠ ᠶᠢᠨ ᠱᠠᠭᠠᠷᠳᠠᠯᠭ᠎ᠠ | ᠥᠨᠳᠥᠷ᠂ ᠬᠢᠨᠠᠨ ᠲᠣᠭᠲᠠᠭᠠᠬᠤ ᠪᠠᠷᠢᠮᠵᠢᠶ᠎ᠠ ᠲᠤᠶᠢᠯ ᠤᠨ ᠴᠢᠩᠭ᠎ᠠ ᠪᠠᠶᠢᠳᠠᠭ᠃ 2016 ᠣᠨ ᠤ 7 ᠰᠠᠷ᠎ᠠ ᠳᠤ᠂ | ᠮᠠᠨ ᠤ ᠬᠤᠲᠠ ᠮᠡᠳᠡᠭᠦᠯᠦᠭᠰᠡᠨ 72 ᠬᠤᠲᠠ ᠶᠢᠨ ᠲᠤᠮᠳᠠ ᠠᠴᠠ ᠴᠣᠯᠭᠤᠷᠠᠨ ᠭᠠᠷᠴᠤ᠂ ᠪᠥᠬᠦ ᠤᠯᠤᠰ ᠤᠨ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠡᠷᠡᠭᠦᠯ ᠬᠠᠮᠠᠭᠠᠯᠠᠯ ᠤᠨ | ᠮᠠᠲ᠋ᠧᠷᠢᠶᠠᠯ ᠤᠨ ᠬᠢᠨᠠᠨ ᠬᠠᠷᠭᠤᠭᠤᠯᠤᠯᠲᠠ ᠶᠢ ᠨᠢᠭᠡ ᠯᠡ ᠤᠳᠠᠭ᠎ᠠ ᠳᠤ ᠥᠩᠭᠡᠷᠡᠭᠡᠭᠰᠡᠨ 9 ᠬᠤᠲᠠ ᠶᠢᠨ ᠨᠢᠭᠡ | ᠪᠣᠯᠵᠦ᠂ 8 ᠰᠠᠷ᠎ᠠ ᠳᠤ 855.8 ᠶᠢᠨ ᠥᠨᠳᠥᠷ ᠬᠤᠪᠢ ᠪᠠᠷ ᠨᠢᠭᠤᠴᠠ ᠰᠤᠷᠪᠤᠯᠵᠢᠯᠠᠭ᠎ᠠ ᠶᠢ ᠨᠢᠭᠡ ᠯᠡ | ᠤᠳᠠᠭ᠎ᠠ ᠳᠤ ᠥᠩᠭᠡᠷᠡᠭᠡᠭᠰᠡᠨ ᠪᠠᠶᠢᠨ᠎ᠠ᠃ 2017 ᠣᠨ ᠤ 2 ᠰᠠᠷ᠎ᠠ ᠳᠤ᠂ ᠰᠢᠯᠢᠳᠡᠭ ᠬᠢᠷᠢ ᠪᠦᠲᠦᠮᠵᠢ ᠪᠠᠷ ᠪᠦᠬᠦ | ᠤᠯᠤᠰ ᠤᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠺᠣᠮᠢᠰ ᠤᠨ ᠮᠡᠷᠭᠡᠵᠢᠯ ᠤᠨ | ᠦᠨᠡᠯᠡᠯᠲᠡ ᠶᠢ ᠥᠩᠭᠡᠷᠡᠭᠡᠵᠦ᠂ ᠳᠠᠷᠠᠭ᠎ᠠ ᠨᠢ ᠶᠡᠷᠦᠩᠬᠡᠶᠢᠯᠡᠭᠰᠡᠨ ᠰᠢᠯᠭᠠᠷᠠᠭᠤᠯᠤᠯᠲᠠ᠂ ᠨᠡᠶᠢᠭᠡᠮ ᠨᠡᠶᠢᠲᠡ ᠳᠤ ᠵᠠᠷᠯᠠᠬᠤ | ᠵᠡᠷᠭᠡ ᠶᠠᠪᠤᠴᠠ ᠶᠢ ᠥᠩᠭᠡᠷᠡᠭᠡᠪᠡ᠃ ᠭᠤᠷᠪᠠᠨ ᠵᠢᠯ ᠤᠨ ᠲᠤᠷᠰᠢ᠂ ᠪᠦᠬᠦ ᠬᠤᠳᠠ ᠪᠠᠷ ᠢᠶᠠᠨ ᠯᠠᠪᠳᠠᠭᠤᠨ | ᠲᠣᠭᠲᠠᠭᠤᠨ ᠢᠶᠠᠷ ᠳᠠᠭᠠᠭᠠᠮᠠᠭᠠᠢ ᠴᠢᠷᠮᠠᠶᠢᠨ ᠠᠵᠢᠯᠯᠠᠵᠤ᠂ ᠡᠴᠦᠰ ᠲᠡᠭᠡᠨ ᠤᠯᠤᠰ ᠤᠨ ᠡᠷᠡᠭᠦᠯ ᠬᠠᠮᠠᠭᠠᠯᠠᠯ ᠤᠨ | ᠬᠤᠳᠠ ᠶᠢᠨ ᠰᠤᠩᠭᠤᠯᠳᠠ ᠳᠤ ᠮᠠᠩᠯᠠᠶᠢᠯᠠᠭᠰᠠᠨ ᠪᠠᠶᠢᠨ᠎ᠠ᠃ | | | | | ᠤᠯᠤᠰ ᠤᠨ ᠡᠷᠡᠭᠦᠯ ᠬᠠᠮᠠᠭᠠᠯᠠᠯ ᠤᠨ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠭᠰᠠᠨ ᠶᠠᠪᠤᠳᠠᠯ | ᠨᠢ ᠯᠠᠪᠲᠠᠢ ᠪᠥᠬᠦ ᠬᠤᠲᠠ ᠶᠢᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠬᠢᠷᠢ ᠲᠦᠪᠰᠢᠨ ᠤ ᠲᠠᠰ ᠳᠡᠪᠰᠢᠬᠦ ᠶᠢ | ᠠᠬᠢᠭᠤᠯᠵᠤ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠰᠢᠨ᠎ᠡ ᠳᠡᠭᠲᠡᠷ ᠲᠤ | ᠭᠠᠷᠬᠤ ᠶᠢ ᠬᠥᠲᠥᠯᠥᠨ ᠳᠠᠭᠠᠭᠤᠯᠵᠤ᠂ ᠪᠥᠬᠦ ᠬᠤᠲᠠ ᠶᠢᠨ ᠠᠷᠠᠳ ᠲᠦᠮᠡᠨ ᠤ ᠵᠣᠯ ᠵᠢᠷᠭᠠᠯ ᠤᠨ ᠵᠢᠭᠠᠯᠲᠠ | ᠲᠤᠭ᠎ᠠ ᠶᠢ ᠳᠡᠭᠡᠭᠰᠢᠯᠡᠭᠦᠯᠬᠦ ᠪᠣᠯᠣᠨ᠎ᠠ᠃ ᠠᠮᠵᠢᠯᠲᠠ ᠪᠦᠲᠦᠮᠵᠢ ᠶᠢ ᠤᠯᠬᠤ ᠳᠤ ᠬᠢᠯᠪᠠᠷ ᠪᠤᠰᠤ ᠶᠤᠮ᠂ ᠲᠡᠶᠢᠮᠦ | ᠠᠴᠠ ᠪᠢᠳᠡ ᠢᠷᠠᠭᠤ ᠠᠯᠳᠠᠷ ᠢᠶᠠᠨ ᠨᠠᠨᠳᠢᠩᠨᠠᠵᠤ᠂ ᠬᠤᠲᠠ ᠶᠢᠨ ᠡᠷᠡᠭᠦᠯ ᠬᠠᠮᠠᠭᠠᠯᠠᠯ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢᠨ ᠲᠣᠭᠲᠠᠴᠠ ᠶᠢ ᠦᠷᠭᠦᠯᠵᠢᠯᠡᠨ ᠪᠠᠶᠢᠭᠤᠯᠤᠨ ᠪᠦᠷᠢᠨᠰᠢᠭᠦᠯᠵᠦ᠂ ᠡᠷᠡᠭᠦᠯ ᠬᠠᠮᠠᠭᠠᠯᠠᠯ ᠤᠨ ᠬᠤᠲᠠ | ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠦᠨ ᠰᠠᠶᠢᠲᠤᠷ ᠬᠥᠭᠵᠢᠭᠦᠯᠵᠦ᠂ ᠮᠠᠨ ᠤ | ᠬᠤᠲᠠ ᠶᠢᠨ ᠪᠦᠲᠦᠭᠡᠨ ᠪᠠᠶᠢᠭᠤᠯᠤᠯᠲᠠ ᠬᠢᠭᠡᠳ ᠣᠯᠠᠨ ᠲᠦᠮᠡᠨ ᠤ ᠡᠷᠡᠭᠦᠯ ᠮᠡᠨᠳᠦ ᠶᠢᠨ ᠵᠣᠬᠢᠴᠠᠩᠭᠤᠢ | ᠬᠥᠭᠵᠢᠯᠲᠡ ᠶᠢ ᠠᠬᠢᠭᠤᠯᠤᠨ᠂ ᠡᠷᠡᠭᠦᠯ ᠡᠩᠬᠡ ᠤᠯᠠᠭᠠᠨᠴᠠᠪ᠂ ᠡᠶ᠎ᠡ ᠵᠣᠬᠢᠴᠠᠯ ᠲᠠᠢ ᠤᠯᠠᠭᠠᠨᠴᠠᠪ᠂ ᠵᠣᠯ ᠵᠢᠷᠭᠠᠯᠲᠤ | ᠤᠯᠠᠭᠠᠨᠴᠠᠪ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠬᠦ ᠶᠢᠨ ᠲᠥᠯᠥᠭᠡ ᠤᠯᠠᠭᠠᠨᠴᠠᠪ ᠤᠨ | ᠲᠠᠪᠠᠯᠳᠠᠳᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠨ᠎ᠡ᠃ | | | | | |