| | ᠳᠣᠯᠣᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠣᠷᠣᠰ ᠤᠨ ᠠᠮᠲᠠᠲᠤ ᠢᠳᠡᠭᠡᠨ ᠵᠢᠴᠢ ᠬᠤᠶᠠᠳᠤᠭᠠᠷ | ᠬᠤᠭᠤᠴᠠᠭᠠᠨ ᠤ ᠳᠤᠮᠳᠠᠳᠤ ᠤᠯᠤᠰ ᠤᠨ ᠤᠯᠠᠭᠠᠨᠴᠠᠪ ᠤᠨ ᠠᠮᠲᠠᠲᠤ ᠢᠳᠡᠭᠡᠨ ᠤ ᠰᠣᠶᠣᠯ ᠤᠨ ᠨᠠᠶᠢᠷ ᠠᠴᠠ | ᠣᠶᠢᠯᠠᠭᠠᠭᠰᠠᠨ ᠢᠶᠠᠷ᠂ ᠳᠤᠮᠳᠠᠳᠤ ᠤᠯᠤᠰ ᠤᠨ ᠢᠳᠡᠭᠡᠨ ᠤ ᠠᠵᠤ ᠦᠢᠯᠡᠳᠪᠦᠷᠢ ᠶᠢᠨ ᠨᠡᠶᠢᠭᠡᠮᠯᠢᠭ ᠠᠴᠠ ᠤᠯᠠᠭᠠᠨᠴᠠᠪ | ᠬᠤᠲᠠ ᠳᠤ ︽ᠳᠤᠮᠳᠠᠳᠤ ᠤᠯᠤᠰ ᠤᠨ ᠨᠣᠬᠠᠢ ᠶᠢᠨ ᠬᠤᠰᠢᠭᠤ ᠶᠢᠨ ᠬᠤᠲᠠ︾ ᠶᠢᠨ ᠴᠣᠯᠠ ᠤᠯᠭᠤᠭᠰᠠᠨ ᠪᠠᠶᠢᠵᠠᠢ᠃ | ᠤᠯᠠᠭᠠᠨᠴᠠᠪ ᠬᠤᠲᠠ ᠶᠢᠨ ᠨᠣᠬᠠᠢ ᠶᠢᠨ ᠬᠤᠰᠢᠭᠤ ᠲᠠᠷᠢᠭᠰᠠᠨ ᠲᠡᠦᠬᠡ ᠥᠨᠢ ᠤᠳᠠᠭᠠᠨ ᠪᠠᠶᠢᠵᠤ᠂ | ᠲᠠᠷᠢᠭᠰᠠᠨ ᠲᠠᠯᠠᠪᠠᠶ ᠨᠢ 150 ᠲᠦᠮᠡᠨ ᠮᠦ ᠣᠷᠴᠢᠮ ᠳᠤ ᠲᠣᠭᠲᠠᠪᠤᠷᠢᠵᠢᠵᠤ᠂ ᠪᠥᠬᠦ ᠤᠯᠤᠰ ᠤᠨ ᠨᠣᠬᠠᠢ ᠶᠢᠨ | ᠬᠤᠰᠢᠭᠤ ᠳᠠᠷᠢᠬᠤ ᠲᠤᠰᠬᠠᠢ ᠣᠷᠣᠨ ᠤ ᠲᠠᠰ ᠤᠨ ᠬᠤᠲᠠ ᠶᠢᠨ ᠳᠤᠳᠤᠷ᠎ᠠ ᠲᠡᠷᠢᠭᠦᠨ ᠪᠠᠶᠢᠷᠢ ᠶᠢ ᠡᠵᠡᠯᠡᠵᠦ ᠪᠠᠶᠢᠬᠤ | ᠪᠥᠭᠡᠳ ᠰᠢᠨᠵᠢᠯᠡᠬᠦ ᠤᠬᠠᠭᠠᠨ ᠤ ᠰᠤᠳᠤᠯᠭᠠᠨ ᠤ ᠰᠠᠭᠤᠷᠢ ᠲᠠᠪᠴᠠᠩ ᠨᠢ ᠯᠠᠪᠳᠠᠭᠤᠨ ᠪᠠᠲᠤᠲᠠᠢ ᠶᠤᠮ᠃ ᠳᠡᠭᠡᠷ᠎ᠡ | ᠵᠠᠭᠤᠨ ᠤ ᠳᠠᠯᠠᠭᠠᠳ ᠣᠨ ᠠᠴᠠ ᠨᠠᠰᠢ᠂ ᠤᠯᠠᠭᠠᠨᠴᠠᠪ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠤ ᠰᠤᠳᠤᠯᠭᠠᠨ ᠤ | ᠭᠠᠵᠠᠷ ᠨᠢ ᠪᠥᠬᠦ ᠤᠯᠤᠰ ᠤᠨ ᠨᠣᠬᠠᠢ ᠶᠢᠨ ᠬᠤᠰᠢᠭᠤ ᠶᠢᠨ ᠡᠭᠦᠯᠳᠡᠷ ᠪᠣᠶᠢᠵᠢᠭᠤᠯᠬᠤ ᠭᠤᠣᠯ ᠨᠢᠭᠡᠴᠢ ᠪᠣᠯᠵᠠᠢ᠃ ︽ | ᠠᠷᠪᠠᠨ ᠨᠢᠭᠡᠳᠦᠭᠡᠷ ᠲᠠᠪᠤᠨ ᠵᠢᠯ︾ ᠤᠨ ᠰᠡᠭᠦᠯᠴᠢ ᠪᠠᠷ᠂ ᠤᠯᠠᠭᠠᠨᠴᠠᠪ ᠤᠨ ᠨᠣᠬᠠᠢ ᠶᠢᠨ ᠬᠤᠰᠢᠭᠤ ᠶᠢᠨ ᠰᠢᠨᠵᠢᠯᠡᠬᠦ | ᠤᠬᠠᠭᠠᠨ ᠤ ᠰᠤᠳᠤᠯᠭᠠᠨ ᠢ ᠵᠢᠩᠬᠢᠨᠢ ᠪᠠᠷ ᠤᠯᠤᠰ ᠤᠨ ᠰᠢᠨᠵᠢᠯᠡᠬᠦ ᠤᠬᠠᠭᠠᠨ ᠤ ᠰᠤᠳᠤᠯᠭᠠᠨ ᠤ ᠰᠢᠰᠲ᠋ᠧᠮ ᠳᠤ | ᠣᠷᠣᠭᠤᠯᠵᠤ᠂ ᠤᠯᠠᠭᠠᠨᠴᠠᠪ ᠤᠨ ᠨᠣᠬᠠᠢ ᠶᠢᠨ ᠬᠤᠰᠢᠭᠤ ᠶᠢᠨ ᠰᠠᠭᠠᠭ ᠤᠨ ᠶᠡᠷᠦᠩᠬᠡᠶᠢᠯᠡᠭᠰᠡᠨ ᠲᠤᠷᠰᠢᠯᠲᠠ ᠶᠢᠨ | ᠦᠷᠳᠡᠭᠡ ᠶᠢ ᠪᠠᠶᠢᠭᠤᠯᠪᠠ᠃ ᠤᠯᠠᠭᠠᠨᠴᠠᠪ ᠬᠤᠲᠠ ᠨᠣᠬᠠᠢ ᠶᠢᠨ ᠬᠤᠰᠢᠭᠤ ᠳᠠᠷᠢᠬᠤ ᠮᠡᠷᠭᠡᠵᠢᠯ ᠤᠨ ᠰᠤᠳᠤᠯᠤᠨ | ᠨᠡᠭᠡᠭᠡᠬᠦ ᠲᠠᠪᠴᠠᠩ ᠢ ᠢᠳᠡᠪᠬᠢᠲᠡᠢ ᠪᠠᠶᠢᠭᠤᠯᠵᠤ᠂ 2012 ᠣᠨ ᠳᠤ ᠰᠤᠷᠭᠠᠨ ᠬᠥᠮᠦᠵᠢᠯ ᠤᠨ ᠶᠠᠮᠤᠨ᠂ | ᠲᠠᠷᠢᠶᠠᠯᠠᠩ ᠤᠨ ᠶᠠᠮᠤᠨ ᠠᠴᠠ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠤᠯᠠᠭᠠᠨᠴᠠᠪ ᠤᠨ | ᠨᠣᠬᠠᠢ ᠶᠢᠨ ᠬᠤᠰᠢᠭᠤ ᠰᠠᠭᠠᠭ ᠤᠨ ᠲᠠᠷᠢᠶᠠᠯᠠᠩ ᠤᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ | ᠬᠠᠮᠲᠤᠷᠠᠯᠴᠠᠭᠠᠨ ᠤ ᠴᠢᠳᠠᠪᠤᠷᠢᠲᠠᠨ ᠢ ᠬᠥᠮᠥᠵᠢᠭᠦᠯᠬᠦ ᠰᠠᠭᠤᠷᠢᠨ ᠭᠠᠵᠠᠷ ᠢᠶᠠᠷ ᠴᠣᠬᠤᠯᠠᠪᠤᠷᠢᠯᠠᠨ ᠰᠤᠩᠭᠤᠭᠳᠠᠪᠠ᠃ | 2016 ᠣᠨ ᠤ 12 ᠰᠠᠷ᠎ᠠ ᠳᠤ᠂ ᠤᠯᠠᠭᠠᠨᠴᠠᠪ ᠬᠤᠲᠠ ᠶᠢᠨ ᠨᠣᠬᠠᠢ ᠶᠢᠨ ᠬᠤᠰᠢᠭᠤ ᠶᠢᠨ ᠲᠤᠰᠬᠠᠢ | ᠮᠡᠷᠭᠡᠵᠢᠯᠲᠡᠨ ᠤ ᠠᠵᠢᠯ ᠤᠨ ᠥᠷᠲᠡᠭᠡ ᠶᠢ ᠪᠠᠶᠢᠭᠤᠯᠪᠠ᠃ ᠤᠯᠤᠰ ᠤᠨ ᠨᠣᠬᠠᠢ ᠶᠢᠨ ᠬᠤᠰᠢᠭᠤ ᠶᠢᠨ ᠠᠵᠤ | ᠦᠢᠯᠡᠰ ᠤᠨ ᠴᠢᠳᠠᠪᠤᠷᠢᠲᠠᠨ ᠤ ᠮᠡᠷᠭᠡᠵᠢᠯ ᠤᠨ ᠡᠬᠢ ᠪᠠᠶᠠᠯᠢᠭ ᠤᠨ ᠳᠠᠪᠠᠭᠤᠯᠢᠭ ᠲᠤ ᠲᠦᠰᠢᠭᠯᠡᠨ᠂ ᠲᠥᠷᠥᠯ | ᠵᠦᠢᠯ ᠤᠨ ᠪᠣᠭᠤᠮᠲᠠ ᠰᠢᠪᠲᠤᠯᠬᠤ ᠪᠠ ᠰᠢᠨ᠎ᠡ ᠦᠷ᠎ᠡ ᠪᠦᠲᠦᠭᠡᠯ ᠢ ᠳᠡᠯᠭᠡᠷᠡᠭᠦᠯᠦᠨ ᠬᠡᠷᠡᠭᠯᠡᠬᠦ ᠶᠢ ᠴᠢᠬᠤᠯᠠᠴᠢᠯᠠᠪᠠ᠃ | ᠨᠣᠬᠠᠢ ᠶᠢᠨ ᠬᠤᠰᠢᠭᠤ ᠶᠢᠨ ᠰᠢᠨ᠎ᠡ ᠡᠭᠦᠯᠳᠡᠷ᠂ ᠰᠢᠨ᠎ᠡ ᠮᠠᠲ᠋ᠧᠷᠢᠶᠠᠯ᠂ ᠰᠢᠨ᠎ᠡ ᠮᠡᠷᠭᠡᠵᠢᠯ ᠵᠡᠷᠭᠡ ᠶᠢᠨ ᠲᠤᠷᠰᠢᠯᠲᠠ ᠶᠢ | ᠨᠡᠶᠢᠲᠡ ᠵᠠᠭᠤ ᠭᠠᠷᠤᠢ ᠵᠦᠢᠯ ᠬᠢᠵᠦ᠂ ᠴᠢᠨᠠᠷ ᠰᠠᠶᠢᠲᠠᠢ ᠥᠨᠳᠥᠷ ᠤᠨᠠᠯᠲᠠ ᠲᠠᠢ ᠨᠣᠬᠠᠢ ᠶᠢᠨ ᠬᠤᠰᠢᠭᠤ ᠶᠢᠨ ᠰᠢᠨ᠎ᠡ | ᠡᠭᠦᠯᠳᠡᠷ ᠢ ᠢᠳᠡᠪᠬᠢᠲᠡᠢ ᠪᠠᠷ ᠣᠷᠣᠭᠤᠯᠤᠨ ᠠᠪᠴᠢᠷᠠᠵᠤ᠂ 5 ᠲᠦᠮᠡᠨ ᠮᠦ ᠵᠢᠱᠢᠶ᠎ᠡ ᠦᠵᠡᠭᠦᠯᠬᠦ ᠰᠠᠭᠤᠷᠢᠨ ᠭᠠᠵᠠᠷ | ᠢ ᠪᠦᠲᠦᠭᠡᠨ ᠪᠠᠶᠢᠭᠤᠯᠵᠤ᠂ 46.8 ᠲᠦᠮᠡᠨ ᠮᠦ ᠵᠢᠱᠢᠶ᠎ᠡ ᠦᠵᠡᠭᠦᠯᠦᠨ ᠳᠡᠯᠭᠡᠷᠡᠭᠦᠯᠵᠦ᠂ 5 ᠵᠦᠢᠯ ᠤᠨ | ᠨᠣᠬᠠᠢ ᠶᠢᠨ ᠬᠤᠰᠢᠭᠤ ᠳᠠᠷᠢᠬᠤ ᠰᠢᠨ᠎ᠡ ᠮᠡᠷᠭᠡᠵᠢᠯ ᠢ ᠳᠡᠯᠭᠡᠷᠡᠭᠦᠯᠦᠨ᠂ ᠰᠢᠨᠵᠢᠯᠡᠬᠦ ᠤᠬᠠᠭᠠᠨ ᠮᠡᠷᠭᠡᠵᠢᠯ ᠢᠶᠠᠷ | ᠲᠤᠯᠭᠠᠭᠤᠷᠢᠯᠠᠨ ᠨᠣᠬᠠᠢ ᠶᠢᠨ ᠬᠤᠰᠢᠭᠤ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠰᠢᠰᠲ᠋ᠧᠮᠵᠢ ᠶᠢ | ᠪᠦᠷᠢᠯᠳᠦᠭᠦᠯᠪᠡ᠃ | ᠣᠳᠣᠬᠠᠨ ᠳᠤ᠂ ᠲᠣᠰ ᠬᠤᠲᠠ ᠶᠢᠨ ᠨᠣᠬᠠᠢ ᠶᠢᠨ ᠬᠤᠰᠢᠭᠤ ᠶᠢᠨ ᠠᠵᠤ ᠦᠢᠯᠡᠰ ᠨᠢ ᠨᠢᠭᠡᠨᠲᠡ ᠠᠵᠤ | ᠦᠢᠯᠡᠰ ᠤᠨ ᠬᠡᠯᠬᠢᠶᠡᠵᠢᠯ ᠢ ᠪᠦᠷᠢᠯᠳᠦᠭᠦᠯᠵᠦ᠂ ᠪᠥᠬᠦ ᠬᠤᠲᠠ ᠳᠤ ᠣᠲᠣ ᠨᠣᠬᠠᠢ ᠶᠢᠨ ᠬᠤᠰᠢᠭᠤ ᠶᠢᠨ ᠠᠵᠤ | ᠦᠢᠯᠡᠰ ᠢ ᠡᠵᠡᠩᠨᠡᠵᠦ ᠰᠤᠳᠤᠯᠤᠨ ᠨᠡᠭᠡᠭᠡᠬᠦ᠂ ᠪᠣᠯᠪᠠᠰᠤᠷᠠᠭᠤᠯᠬᠤ᠂ ᠪᠣᠷᠣᠯᠠᠭᠤᠯᠬᠤ ᠶᠢ ᠨᠢᠭᠡ ᠴᠣᠭᠴᠠᠵᠢᠭᠤᠯᠤᠭᠰᠠᠨ | 6 ᠲᠣᠮᠣ ᠬᠡᠯᠪᠡᠷᠢ ᠶᠢᠨ ᠠᠵᠤ ᠠᠬᠤᠶᠢᠯᠠᠯ ᠪᠠᠶᠢᠵᠤ᠂ ᠪᠣᠯᠪᠠᠰᠤᠷᠠᠭᠤᠯᠵᠤ ᠪᠣᠷᠣᠯᠠᠭᠤᠯᠬᠤ ᠳᠤᠮᠳᠠ ᠵᠢᠵᠢᠭ ᠠᠵᠤ | ᠠᠬᠤᠶᠢᠯᠠᠯ 200 ᠭᠠᠷᠤᠢ ᠪᠣᠶ᠃ ᠲᠣᠰ ᠬᠤᠲᠠ ᠪᠠᠰᠠ ᠵᠢᠯ ᠪᠦᠷᠢ ᠨᠢᠭᠡ ᠤᠳᠠᠭ᠎ᠠ ᠮᠡᠷᠭᠡᠵᠢᠯ ᠤᠨ ᠰᠤᠳᠤᠯᠭᠠᠨ᠂ | ᠨᠣᠬᠠᠢ ᠶᠢᠨ ᠬᠤᠰᠢᠭᠤ ᠶᠢᠨ ᠵᠠᠬᠢᠶᠠᠯᠠᠭ᠎ᠠ᠂ ᠵᠠᠬ᠎ᠠ ᠳᠡᠯᠭᠡᠭᠦᠷ ᠤᠨ ᠳᠡᠯᠭᠡᠷᠡᠭᠦᠯᠦᠯᠲᠡ᠂ ᠨᠠᠷᠠᠲᠤ ᠲᠡᠮᠳᠡᠭ ᠤᠨ | ᠤᠬᠠᠭᠤᠯᠭ᠎ᠠ ᠶᠢ ᠨᠢᠭᠡ ᠴᠣᠭᠴᠠᠵᠢᠭᠤᠯᠤᠭᠰᠠᠨ ᠨᠣᠬᠠᠢ ᠶᠢᠨ ᠬᠤᠰᠢᠭᠤ ᠶᠢᠨ ᠰᠣᠶᠣᠯ ᠤᠨ ᠨᠠᠶᠢᠷ ᠢ ᠡᠷᠭᠢᠯᠡᠵᠦ᠂ | ᠦᠢᠯᠡᠳᠬᠦᠨ ᠨᠢ ᠭᠤᠸᠠᠩᠵᠧᠦ᠂ ᠱᠠᠩᠬᠠᠢ᠂ ᠲᠢᠶᠠᠨᠵᠢᠨ᠂ ᠪᠡᠭᠡᠵᠢᠩ ᠵᠡᠷᠭᠡ ᠶᠡᠭᠡ ᠬᠤᠲᠠ ᠳᠤ ᠪᠣᠷᠣᠯᠠᠭᠤᠯᠤᠭᠳᠠᠬᠤ | ᠪᠠᠷ ᠪᠠᠷᠠᠬᠤ ᠦᠭᠡᠢ ᠺᠣᠷᠢᠶᠠ᠂ ᠶᠠᠫᠤᠨ᠂ ᠵᠡᠭᠦᠨ ᠡᠮᠦᠨᠡᠲᠦ ᠠᠽᠢᠶ᠎ᠠ ᠵᠢᠴᠢ ᠮᠣᠩᠭᠤᠯ ᠤᠯᠤᠰ ᠵᠡᠷᠭᠡ ᠤᠯᠤᠰ | ᠣᠷᠣᠨ ᠳᠤ ᠪᠠᠰᠠ ᠪᠣᠷᠣᠯᠠᠭᠤᠯᠤᠭᠳᠠᠵᠤ ᠪᠣᠶ᠃ | | | | |